| | | ︽ᠨᠡᠶᠢᠭᠡᠮ ᠤᠨ ᠡᠯ᠎ᠡ ᠡᠲᠡᠭᠡᠳ ᠤᠨ ᠠᠩᠬᠠᠷᠤᠯ ᠢ ᠶᠡᠬᠡᠳᠡ ᠲᠠᠲᠠᠭᠰᠠᠨ ᠬᠤᠲᠠ ᠶᠢᠨ ᠲᠠᠪᠤᠳᠤᠭᠠᠷ | ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠢᠯᠠᠯᠲᠠ ᠲᠠᠢ ᠪᠠᠷ ᠲᠡᠭᠦᠰᠪᠡ᠂ ᠡᠨᠡ ᠤᠳᠠᠭᠠᠨ ᠤ | ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ ︿ᠬᠤᠶᠠᠷ ᠶᠡᠭᠡ ᠲᠠᠯ᠎ᠠ﹀ ᠰᠣᠯᠪᠢᠴᠠᠵᠤ᠂ ︿ᠬᠤᠶᠠᠷ ᠵᠠᠭᠤᠨ | ᠵᠢᠯ﹀ ᠤᠨ ᠠᠭᠤᠯᠵᠠᠷ ᠤᠨ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠰᠠᠨ ᠨᠢᠭᠡ ᠤᠳᠠᠭᠠᠨ ᠤ ᠴᠢᠬᠤᠯᠠ ᠬᠤᠷᠠᠯ ᠮᠥᠨ | ᠂ ᠡᠨᠡ ᠨᠢ ᠤᠯᠤᠰ ᠲᠥᠷᠥ᠂ ᠦᠵᠡᠯ ᠰᠠᠨᠠᠭ᠎ᠠ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠠᠴᠠ ᠪᠦᠬᠦ ᠬᠤᠲᠠ ᠶᠢᠨ | ᠬᠤᠶᠢᠰᠢᠳᠠ ᠶᠢᠨ 5 ᠵᠢᠯ ᠴᠢᠨᠠᠭᠰᠢᠯᠠᠪᠠᠯ ᠨᠡᠩ ᠤᠷᠲᠤ ᠬᠤᠭᠤᠴᠠᠭᠠᠨ ᠤ ᠬᠥᠭᠵᠢᠯᠲᠡ ᠳᠤ ᠤᠷᠤᠭᠰᠢᠯᠠᠯᠲᠠ ᠶᠢᠨ | ᠴᠢᠭᠯᠡᠯ ᠢ ᠵᠢᠭᠠᠨ ᠥᠭᠴᠦ᠂ ᠦᠨᠳᠦᠰᠦᠨ ᠵᠢᠷᠤᠮᠯᠠᠯ ᠬᠠᠩᠭᠠᠭᠰᠠᠨ ᠪᠠᠶᠢᠨ᠎ᠠ︾᠃ ᠲᠦᠷᠦᠭᠦᠬᠡᠨ᠂ ᠰᠢᠨ᠎ᠡ ᠪᠠᠷᠭᠤ | ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠠᠷᠠᠳ ᠤᠨ ᠡᠳᠦᠷ ᠤᠨ ᠰᠣᠨᠢᠨ ᠤ | ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠢᠩᠭᠢᠵᠦ ᠬᠡᠯᠡᠪᠡ᠃ | ᠪᠦᠬᠡᠪᠠᠶᠠᠷ᠂ ᠰᠢᠨ᠎ᠡ ᠪᠠᠷᠭᠤ ᠪᠠᠷᠠᠭᠤᠨ ᠬᠤᠰᠢᠭᠤ ᠳᠠᠶᠠᠭᠠᠷ ᠬᠤᠳᠠ ᠶᠢᠨ ᠲᠠᠪᠤᠳᠤᠭᠠᠷ ᠤᠳᠠᠭᠠᠨ ᠤ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠤᠳᠠ ᠶᠢᠨ | ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠤᠨ᠂ ᠦᠨᠡᠨᠬᠦ ᠠᠳᠬᠤᠨ | ᠪᠣᠳᠠᠲᠠᠢ ᠠᠵᠢᠯᠯᠠᠵᠤ᠂ ᠰᠢᠨ᠎ᠡ ᠴᠠᠭ ᠦᠶ᠎ᠡ ᠶᠢᠨ ᠮᠠᠯᠵᠢᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠪᠠᠶᠢᠳᠠᠯ ᠢ ᠴᠢᠷᠮᠠᠶᠢᠨ ᠡᠭᠦᠳᠴᠦ᠂ ᠨᠡᠩ ᠦᠵᠡᠰᠬᠦᠯᠡᠩᠲᠦ ᠰᠠᠶᠢᠬᠠᠨ ᠪᠠᠶᠠᠨ ᠲᠠᠩᠰᠤᠭ ᠡᠶ᠎ᠡ ᠵᠣᠬᠢᠴᠠᠩᠭᠤᠢ ᠠᠮᠤᠷ | ᠠᠮᠤᠭᠤᠯᠠᠩ ᠬᠥᠯᠥᠨ ᠪᠤᠶᠢᠷ ᠢ ᠪᠦᠳᠦᠬᠡᠨ ᠪᠠᠶᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ | ᠦᠵᠡᠭᠦᠯᠦᠨ᠎ᠡ ᠭᠡᠵᠦ ᠢᠯᠡᠳᠬᠡᠪᠡ᠃ ᠰᠢᠨ᠎ᠡ ᠪᠠᠷᠭᠤ ᠪᠠᠷᠠᠭᠤᠨ ᠬᠤᠰᠢᠭᠤ ᠬᠥᠯᠥᠨ ᠪᠤᠶᠢᠷ ᠤᠨ ᠲᠠᠯ᠎ᠠ ᠨᠤᠲᠤᠭ ᠤᠨ | ᠥᠷᠥᠴᠡᠨ ᠳᠤ ᠪᠠᠶᠢᠷᠢᠯᠠᠵᠤ᠂ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠳᠦ ᠣᠷᠣᠨ ᠪᠠᠶᠢᠵᠤ᠂ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠬᠤᠯᠠ | ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ ᠪᠤᠢ᠃ ᠰᠢᠨ᠎ᠡ ᠪᠠᠷᠭᠤ ᠪᠠᠷᠠᠭᠤᠨ ᠬᠤᠰᠢᠭᠤ ᠰᠢ ᠶᠢᠨ | ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠠᠮᠢ ᠠᠬᠤᠶ ᠶᠢ | ᠤᠷᠢᠳᠠᠪᠠᠷ ᠪᠣᠳᠣᠯᠬᠢᠯᠠᠬᠤ ︽ᠤᠷᠢᠳᠠᠪᠠᠷ︾ ᠪᠠ ᠪᠣᠬᠢᠷᠲᠤᠯ ᠦᠭᠡᠶ ᠬᠥᠭᠵᠢᠯᠲᠡ ᠶᠢᠨ ︽ᠪᠤᠬᠢᠷᠲᠤᠯ ᠦᠭᠡᠢ︾ | ᠦᠰᠦᠭ ᠢ ᠣᠨᠣᠪᠴᠢᠲᠠᠶ ᠡᠵᠡᠮᠰᠢᠵᠦ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠳᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠱᠠᠩᠨᠠᠯ᠂ ᠮᠠᠯ ᠪᠡᠯᠴᠢᠭᠡᠷ ᠢ | ᠲᠡᠩᠴᠡᠭᠦᠷᠢᠰᠢᠭᠦᠯᠬᠦ ᠳᠦᠷᠢᠮ ᠢ ᠭᠦᠨᠵᠡᠭᠡᠶ ᠬᠡᠷᠡᠭᠵᠢᠭᠦᠯᠵᠦ᠂ ᠬᠥᠯᠥᠨ ᠨᠠᠭᠤᠷ ᠢ ᠶᠡᠷᠦᠩᠬᠡᠶᠢᠯᠡᠨ ᠵᠠᠰᠠᠬᠤ ᠪᠠ ᠪᠠᠷᠭᠤ | ᠵᠡᠭᠡᠷ᠎ᠡ ᠶᠢᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠥᠲᠥᠭᠡᠨ | ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠮᠠᠯᠵᠢᠬᠤ ᠣᠷᠣᠨ ᠤ ᠬᠥᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠦᠨ᠂ ᠠᠮᠢ ᠠᠬᠤᠶ ᠣᠷᠴᠢᠨ ᠲᠣᠭᠤᠷᠢᠨ ᠤ | ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠲᠠᠰᠤᠷᠠᠯᠲᠠ ᠥᠬᠡᠶ ᠰᠠᠶᠢᠵᠢᠷᠠᠭᠤᠯᠵᠤ᠂ ᠨᠤᠲᠤᠭ ᠪᠡᠯᠴᠢᠭᠡᠷ ᠤᠨ ᠠᠮᠢ | ᠠᠬᠤᠶ ᠶᠢᠨ ᠬᠠᠮᠠᠭᠠᠯᠠᠯᠲᠠ ᠪᠠ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠨ᠂ ᠨᠢᠳᠦᠨ | ᠴᠡᠴᠡᠭᠡᠶ ᠪᠠᠨ ᠬᠠᠮᠠᠭᠠᠯᠠᠬᠤ ᠰᠢᠭ᠋ ᠡᠨᠡ ᠬᠦ ᠲᠩᠷᠢ ᠶᠢᠨ ᠬᠠᠶᠠᠭᠠᠨ ᠳᠠᠬᠢ ᠲᠠᠯ᠎ᠠ ᠨᠤᠲᠤᠭ ᠢᠶᠠᠨ ᠰᠠᠶᠢᠲᠤᠷ ᠬᠠᠮᠠᠭᠠᠯᠠᠵᠤ᠂ | ᠡᠬᠡ ᠤᠯᠤᠰ ᠤᠨ ᠤᠮᠠᠷᠠᠲᠤ ᠬᠢᠯᠢ ᠶᠢᠨ ᠲᠦᠮᠡᠨ ᠭᠠᠵᠠᠷ ᠤᠨ ᠨᠣᠭᠤᠭᠠᠨ ᠣᠷᠳᠣ ᠴᠠᠭᠠᠨ ᠬᠡᠷᠡᠮ ᠢ ᠪᠠᠲᠤ | ᠴᠣᠭᠴᠠᠯᠠᠨ᠎ᠠ ᠭᠡᠵᠡᠢ᠃ | ᠪᠦᠬᠡᠪᠠᠶᠠᠷ ᠬᠡᠯᠡᠬᠦ ᠳᠡᠭᠡᠨ᠂ ᠪᠦᠬᠦ ᠣᠷᠣᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠬᠠᠶᠢᠨ ᠰᠦᠪᠡᠭᠴᠢᠯᠡᠭᠴᠢ᠂ ᠲᠤᠷᠰᠢᠭᠴᠢ ᠪᠣᠯᠤᠭᠰᠠᠨ ᠤ ᠬᠤᠪᠢ ᠳᠤ᠂ ᠰᠢᠨ᠎ᠡ ᠪᠠᠷᠭᠤ ᠪᠠᠷᠠᠭᠤᠨ | ᠬᠤᠰᠢᠭᠤ ᠳᠠᠶᠠᠭᠠᠷ ᠪᠦᠬᠦ ᠣᠷᠣᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ | ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠠᠵᠠ ᠲᠣᠬᠢᠶᠠᠯ ᠢ ᠪᠠᠲᠤ ᠡᠵᠡᠮᠳᠡᠵᠦ᠂ ᠦᠢᠯᠡᠳᠪᠦᠷᠢᠯᠡᠯ᠂ ᠠᠮᠢᠳᠤᠷᠠᠯ | ᠂ ᠠᠮᠢ ᠠᠬᠤᠶ ᠶᠢᠨ ︽ᠭᠤᠷᠪᠠᠨ ᠲᠥᠷᠥᠯ︾ ᠢ ᠵᠣᠬᠢᠴᠠᠯᠳᠤᠭᠤᠯᠤᠨ ᠬᠥᠭᠵᠢᠭᠦᠯᠬᠦ ᠡᠨᠡ ᠬᠦ ᠭᠤᠣᠯᠳᠠᠯᠭ᠎ᠠ ᠶᠢᠨ | ᠲᠣᠭᠤᠷᠢᠨ ᠳᠤ᠂ ︽ᠮᠠᠩᠯᠠᠢ ᠶᠢᠨ ᠬᠡᠪ ᠵᠠᠭᠪᠤᠷ︾ ᠪᠠ ︽ᠳᠣᠯᠣᠭᠠᠨ ᠲᠣᠰᠬᠤᠨ ᠤ ᠬᠡᠪ ᠵᠠᠭᠪᠤᠷ︾ ᠢᠶᠠᠷ ᠡᠬᠡ | ᠦᠨᠳᠦᠰᠦ ᠪᠣᠯᠭᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠲᠠᠢ ᠰᠣᠯᠢᠯᠴᠠᠭ᠎ᠠ | ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠦᠢᠯᠡᠳᠪᠦᠷᠢᠯᠡᠯ ᠡᠵᠡᠩᠨᠡᠯᠲᠡ ᠬᠠᠮᠢᠶᠠᠷᠤᠯᠲᠠ ᠶᠢᠨ | ᠪᠠᠶᠢᠭᠤᠯᠤᠮᠵᠢ ᠶᠢᠨ ᠰᠢᠨ᠎ᠡ ᠶᠢ ᠡᠭᠦᠳᠬᠦ ᠪᠠ ᠡᠬᠢ ᠪᠠᠶᠠᠯᠢᠭ ᠤᠨ ᠡᠯᠧᠮᠧᠨ᠋ᠲ ᠢ ᠪᠦᠲᠦᠮᠵᠢᠲᠡᠶ ᠨᠢᠭᠡᠳᠬᠡᠬᠦ ᠶᠢ | ᠭᠦᠨᠵᠡᠭᠡᠶ ᠬᠠᠶᠢᠨ ᠰᠦᠪᠡᠭᠴᠢᠯᠡᠵᠦ᠂ ︽ᠬᠥᠲᠥᠴᠢ ᠠᠵᠤ ᠠᠬᠤᠶᠢᠯᠠᠯ + ᠬᠤᠷᠰᠢᠶᠠᠵᠢᠯ + ᠮᠠᠯᠵᠢᠬᠤ ᠡᠷᠦᠬᠡ︾ | ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠯᠲᠡ ᠶᠢᠨ ᠬᠤᠯᠪᠣᠭᠠᠲᠤ ᠴᠣᠭᠴᠠ ᠶᠢ ᠪᠣᠶ ᠪᠣᠯᠭᠠᠵᠤ᠂ | ᠬᠥᠯᠥᠨ ᠪᠤᠶᠢᠷ ᠤᠨ ᠲᠠᠯ᠎ᠠ ᠨᠤᠲᠤᠭ ᠤᠨ ᠬᠤᠨᠢᠨ ᠤ ᠮᠢᠬ᠎ᠠ ᠶᠢᠨ ᠭᠤᠤᠯ ᠭᠠᠷᠤᠯᠲᠠ ᠶᠢᠨ ᠣᠷᠣᠨ ᠤ ᠪᠦᠲᠦᠭᠡᠭᠳᠡᠬᠦᠨ | ᠪᠣᠯᠬᠤ ︽ᠪᠠᠷᠠᠭᠤᠨ ᠬᠤᠰᠢᠭᠤᠨ ᠤ ᠬᠤᠨᠢᠨ ᠤ ᠮᠢᠬ᠎ᠠ︾ ᠶᠢᠨ ᠨᠠᠷᠠᠲᠤ ᠲᠥᠷᠥᠯ ᠲᠡᠮᠳᠡᠭᠲᠦ ᠶᠢᠨ ᠦᠢᠯᠡᠳᠦᠯ ᠢ | ᠥᠷᠭᠡᠳᠬᠡᠨ᠂ ᠡᠯᠧᠺᠲᠷᠣᠨ ᠬᠤᠳᠠᠯᠳᠤᠭᠠᠨ ᠤ ᠶᠠᠪᠤᠳᠠᠯ ᠪᠠ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ | ᠬᠥᠭᠵᠢᠯᠲᠡ ᠶᠢ ᠪᠤᠶᠢᠵᠢᠭᠤᠯᠵᠤ᠂ ᠮᠠᠯ ᠤᠨ ᠠᠰᠢᠭ ᠰᠢᠮ᠎ᠡ ᠶᠢ ᠨᠥᠭᠡᠴᠡᠯᠡᠨ ᠪᠣᠷᠣᠯᠠᠭᠤᠯᠬᠤ ᠠᠷᠭ᠎ᠠ ᠵᠠᠮ ᠢ | ᠥᠷᠭᠡᠳᠬᠡᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠪᠣᠷᠣᠯᠠᠭᠤᠯᠭ᠎ᠠ ᠶᠢᠨ ᠥᠷᠨᠢᠩᠭᠦᠶ | ᠬᠥᠭᠵᠢᠬᠦ ᠶᠢ ᠠᠬᠢᠭᠤᠯᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠤᠨ᠎ᠠ᠃ | ᠪᠥᠬᠦ ᠣᠷᠣᠨ ᠪᠦᠰᠡ ᠶᠢᠨ ᠵᠤᠭᠠᠴᠠᠯ᠂ ᠳᠡᠭᠡᠳᠦ ᠲᠠᠰ ᠤᠨ ᠵᠤᠭᠠᠴᠠᠯ ᠢ ᠶᠡᠬᠡᠪᠡᠷ ᠬᠥᠭᠵᠢᠭᠦᠯᠵᠦ᠂ ᠤᠯᠠᠮᠵᠢᠯᠠᠯᠲᠤ | ᠠᠮᠲᠠᠲᠤ ᠢᠳᠡᠭᠡᠨ᠂ ᠭᠠᠷ ᠤᠷᠠᠯᠠᠯ ᠤᠨ ᠪᠦᠲᠦᠭᠡᠭᠳᠡᠬᠦᠨ ᠢ ᠡᠳ᠋ᠰᠢᠭᠦᠯᠬᠦ ᠵᠡᠷᠭᠡ ᠤᠨᠴᠠᠯᠢᠭᠳᠤ ᠠᠵᠤ ᠦᠢᠯᠡᠰ ᠢ | ᠢᠳᠡᠪᠬᠢᠲᠡᠶ ᠪᠠᠷ ᠪᠤᠶᠢᠵᠢᠭᠤᠯᠤᠨ᠂ ᠣᠯᠠᠨ ᠠᠵᠤ ᠦᠢᠯᠡᠰ ᠤᠨ ᠬᠠᠮᠵᠢᠯᠴᠠᠨ ᠠᠭᠤᠰᠤᠯᠴᠠᠨ ᠬᠥᠭᠵᠢᠭᠰᠡᠨ ᠪᠣᠬᠢᠷᠲᠤᠯ | ᠥᠬᠡᠶ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠣᠶ ᠪᠣᠯᠭᠠᠵᠤ᠂ ᠠᠵᠤ ᠦᠢᠯᠡᠰ ᠤᠨ ᠠᠮᠢ | ᠠᠬᠤᠶᠢᠵᠢᠯᠲᠠ᠂ ᠠᠮᠢ ᠠᠬᠤᠶ ᠶᠢᠨ ᠠᠵᠤ ᠦᠶᠢᠯᠡᠰᠵᠢᠯᠲᠡ ᠶᠢ ᠠᠬᠢᠭᠤᠯᠤᠨ᠂ ᠰᠢᠨ᠎ᠡ ᠬᠥᠭᠵᠢᠯᠲᠡ ᠶᠢᠨ ᠱᠠᠲᠤᠨ ᠳᠤ | ᠨᠠᠩ ᠴᠢᠨᠠᠷ ᠰᠠᠶᠢᠲᠠᠶ ᠪᠣᠬᠢᠷᠲᠤᠯ ᠥᠬᠡᠶ ᠬᠥᠭᠵᠢᠯᠲᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ ᠭᠡᠵᠡᠢ᠃ | ᠪᠦᠬᠡᠪᠠᠶᠠᠷ᠂ ᠬᠥᠭᠵᠢᠯᠲᠡ ᠶᠢᠨ ᠵᠣᠷᠢᠯᠭ᠎ᠠ ᠪᠣᠯ ᠳᠠᠷᠤᠢ ᠠᠷᠠᠳ ᠤᠨ ᠠᠮᠢᠳᠤᠷᠠᠯ ᠤᠨ ᠪᠤᠶᠠᠨ ᠬᠡᠰᠢᠭ ᠢ | ᠨᠡᠮᠡᠭᠳᠡᠭᠦᠯᠵᠦ᠂ ᠬᠥᠭᠵᠢᠯᠲᠡ ᠶᠢᠨ ᠠᠰᠢᠭ ᠲᠤᠰᠠ ᠶᠢ ᠬᠠᠮᠤᠭ ᠤᠨ ᠥᠷᠭᠡᠨ ᠤᠯᠠᠨ ᠮᠠᠯᠴᠢᠨ ᠲᠦᠮᠡᠨ ᠳᠤ | ᠬᠦᠷᠲᠡᠭᠡᠬᠦ ᠶᠢᠨ ᠲᠥᠯᠥᠭᠡ ᠶᠤᠮ᠃ ᠰᠢᠨ᠎ᠡ ᠪᠠᠷᠭᠤ ᠪᠠᠷᠠᠭᠤᠨ ᠬᠤᠰᠢᠭᠤ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ | ᠬᠥᠮᠦᠰ ᠤᠨ ᠰᠡᠳᠬᠢᠯ ᠢ ᠨᠢᠭᠲᠠᠷᠠᠭᠤᠯᠬᠤ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠴᠦᠰ ᠤᠨ ᠲᠤᠰᠤᠯᠲᠠ | ᠪᠠ ᠲᠡᠷᠢᠭᠦᠨ ᠴᠢᠬᠤᠯᠠ ᠡᠭᠦᠷᠭᠡ ᠪᠣᠯᠭᠠᠵᠤ᠂ ᠤᠰᠤ᠂ ᠴᠠᠬᠢᠯᠭᠠᠨ᠂ ᠵᠠᠮ᠂ ᠮᠡᠳᠡᠭᠡ ᠬᠤᠯᠪᠣᠭ᠎ᠠ ᠵᠡᠷᠭᠡ ᠰᠠᠭᠤᠷᠢ | ᠲᠥᠬᠦᠭᠡᠷᠦᠮᠵᠢ ᠶᠢᠨ ᠳᠤᠲᠠᠭᠤᠳᠠᠯ ᠢ ᠲᠠᠰᠤᠷᠠᠯᠳᠠ ᠦᠭᠡᠢ ᠨᠥᠬᠦᠪᠥᠷᠢᠯᠡᠵᠦ᠂ ᠠᠵᠢᠯ ᠣᠯᠭᠤᠯᠲᠠ᠂ ᠰᠤᠷᠭᠠᠨ | ᠬᠥᠮᠦᠵᠢᠯ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠠᠷᠠᠳ ᠤᠨ ᠠᠮᠢᠳᠤᠷᠠᠯ ᠤᠨ ᠴᠢᠬᠤᠯᠠ | ᠬᠦᠷᠢᠶᠡᠨ ᠳᠠᠬᠢ ᠣᠷᠣᠭᠤᠯᠤᠯᠲᠠ ᠶᠢ ᠨᠡᠮᠡᠭᠳᠡᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠪᠠ | ᠠᠮᠢᠳᠤᠷᠠᠯ ᠤᠨ ᠶᠠᠰᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠷᠠᠳ ᠤᠯᠠᠨ ᠤ ᠰᠠᠶᠢᠨ ᠰᠠᠶᠢᠬᠠᠨ | ᠠᠮᠢᠳᠤᠷᠠᠯ ᠤᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠨ᠎ᠠ ᠭᠡᠵᠡᠢ᠃ | | |