10 ᠰᠠᠷ᠎ᠠ ᠶᠢᠨ 14 ᠤ ᠡᠳᠦᠷ᠂ ᠨᠠᠮ ᠵᠠᠰᠠᠭ ᠤᠨ ᠠᠵᠢᠯᠯᠠᠬᠤ ᠠᠰᠠᠷ ᠤᠨ ᠨᠢᠭᠡᠳᠦᠭᠡᠷ ᠳᠠᠪᠬᠤᠷᠭ᠎ᠠ ᠶᠢᠨ | ᠬᠤᠷᠠᠯ ᠤᠨ ᠭᠡᠷ ᠲᠤ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ | ᠴᠠᠭᠠᠵᠠ ᠶᠢᠨ ᠵᠦᠪᠯᠡᠯ ᠤᠨ ᠱᠦᠵᠢ ᠵᠢᠶᠠ ᡁᠢ ᠺᠦᠶ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ | ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠲᠤᠰᠬᠠᠶ ᠠᠵᠢᠯ ᠤᠨ ᠵᠣᠬᠢᠴᠠᠭᠤᠯᠬᠤ | ᠬᠤᠷᠠᠯ ᠢ ᠡᠷᠭᠢᠯᠡᠨ ᠬᠤᠷᠠᠯᠳᠤᠭᠤᠯᠵᠤ᠂ ᠣᠳᠣᠬᠠᠨ ᠤ ᠭᠤᠤᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠢ | ᠬᠦᠯᠢᠶᠡᠨ ᠰᠣᠨᠣᠰᠴᠤ᠂ ᠲᠠᠷᠠᠭᠠᠴᠢ ᠶᠢᠨ ᠱᠠᠲᠤᠨ ᠤ ᠠᠵᠢᠯ ᠤᠨ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠵᠤ᠂ | ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ | ᠳᠤᠭᠤᠶᠢᠯᠠᠩ ᠤᠨ ᠬᠠᠮᠢᠶ᠎ᠠ ᠪᠥᠬᠦᠶ ᠪᠦᠷᠢᠯᠳᠦᠬᠦᠨ᠂ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠨᠢᠭᠡᠴᠡ ᠶᠢᠨ | ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠯᠤᠨ ᠬᠠᠮᠢᠶ᠎ᠠ ᠪᠥᠬᠦᠶ ᠠᠵᠢᠯᠲᠠᠳ ᠬᠤᠷᠠᠯ ᠳᠤ ᠣᠷᠣᠯᠴᠠᠵᠠᠶ᠃ | | | | | ᠬᠤᠷᠠᠯ ᠠᠴᠠ ︽ᠬᠦᠩᠭᠡᠷᠡᠬᠦᠯᠬᠦ ᠳᠠᠩᠰᠠᠨ ᠰᠤᠯᠠᠯᠠᠬᠤ ᠲᠦᠷ ᠴᠠᠭ︾ ᠤᠨ ᠲᠤᠰᠬᠠᠢ ᠠᠵᠢᠯ᠂ ᠬᠠᠤᠯᠢ | ᠵᠠᠷᠭᠤ ᠳᠤ ᠬᠤᠯᠪᠣᠭᠳᠠᠬᠤ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ ᠪᠠᠶᠢᠳᠠᠯ | ᠵᠡᠷᠭᠡ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ | ᠬᠤᠷᠠᠯ ᠳᠤ᠂ ᠵᠢᠶᠠ ᡁᠢ ᠺᠦᠶ ᠱᠠᠭᠠᠷᠳᠠᠭᠰᠠᠨ ᠨᠢ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠤᠯᠤᠰ | ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠬᠦᠯᠦᠨ᠂ ᠠᠵᠢᠯ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠡᠯ᠎ᠡ | ᠵᠦᠢᠯ ᠤᠨ ᠡᠭᠦᠷᠭᠡ ᠬᠠᠷᠠᠯᠲᠠ ᠶᠢ ᠪᠥᠬᠦ ᠲᠠᠯ᠎ᠠ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ︽ | ᠬᠦᠩᠭᠡᠷᠡᠬᠦᠯᠬᠦ ᠳᠠᠩᠰᠠᠨ ᠰᠤᠯᠠᠯᠠᠬᠤ ᠲᠦᠷ ᠴᠠᠭ︾ ᠤᠨ ᠲᠤᠰᠬᠠᠶ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ | ᠬᠢᠳᠤᠭᠠᠨ ᠢᠷ ᠢ ᠳᠣᠲᠣᠭᠰᠢ ᠪᠠᠨ ᠬᠠᠨᠳᠤᠭᠤᠯᠬᠤ ᠰᠥᠰᠥ ᠵᠣᠷᠢᠭ ᠪᠠ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ | ᠵᠣᠷᠢᠭ ᠰᠠᠨᠠᠭ᠎ᠠ ᠪᠠᠷ ᠠᠵᠢᠯ ᠤᠨ ᠡᠷᠴᠢᠮ ᠢ ᠦᠨᠡᠨ ᠬᠦ ᠴᠢᠩᠭᠠᠷᠠᠭᠤᠯᠵᠤ᠂ ᠴᠢᠩᠭ᠎ᠠ ᠬᠦᠴᠦᠲᠡᠶ ᠠᠷᠭ᠎ᠠ ᠬᠡᠮᠵᠢᠶ᠎ᠡ ᠪᠠᠷ | ︽ᠬᠦᠩᠭᠡᠷᠡᠬᠦᠯᠬᠦ ᠳᠠᠩᠰᠠᠨ ᠰᠤᠯᠠᠯᠠᠬᠤ ᠲᠦᠷ ᠴᠠᠭ︾ ᠤᠨ ᠲᠤᠰᠬᠠᠶ ᠠᠵᠢᠯ ᠤᠨ ᠤᠷᠤᠭᠰᠢᠲᠠᠶ ᠪᠡᠶᠡᠯᠡᠭᠳᠡᠬᠦ ᠶᠢ | ᠳᠥᠯᠭᠢᠨ ᠠᠬᠢᠭᠤᠯᠬᠤ ᠬᠡᠷᠡᠭᠲᠡᠶ ᠭᠡᠵᠡᠢ᠃ | ᠬᠠᠤᠯᠢ ᠵᠠᠷᠭᠤ ᠳᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠠᠵᠢᠯ ᠤᠨ | ᠲᠤᠬᠠᠶ ᠵᠢᠶᠠ ᡁᠢ ᠺᠦᠶ ᠴᠢᠬᠤᠯᠠᠴᠢᠯᠠᠬᠤ ᠳᠠᠭᠠᠨ᠂ ᠬᠠᠤᠯᠢ ᠵᠠᠷᠭᠤ ᠳᠤ ᠬᠤᠯᠪᠣᠭᠳᠠᠭᠰᠠᠨ ᠵᠠᠬᠢᠳᠠᠯ | ᠰᠤᠷᠪᠤᠯᠵᠢᠯᠠᠭ᠎ᠠ ᠶᠢᠨ ᠬᠡᠷᠡᠭ ᠢ ᠰᠠᠶᠢᠲᠤᠷ ᠰᠢᠢᠳᠪᠦᠷᠢᠯᠡᠬᠦ ᠶᠢ ᠣᠯᠠᠨ ᠲᠦᠮᠡᠨ ᠤ ᠠᠰᠢᠭ ᠲᠤᠰᠠ ᠶᠢ ᠬᠠᠮᠠᠭᠠᠯᠠᠬᠤ᠂ | ᠨᠡᠶᠢᠭᠡᠮ ᠤᠨ ᠡᠶ᠎ᠡ ᠵᠤᠬᠢᠴᠠᠩᠭᠤᠢ ᠲᠣᠭᠲᠠᠭᠤᠨ ᠢ ᠠᠬᠢᠭᠤᠯᠬᠤ ᠴᠢᠬᠤᠯᠠ ᠤᠯᠤᠰ ᠲᠥᠷᠥ ᠶᠢᠨ ᠡᠭᠦᠷᠭᠡ ᠪᠤᠯᠭᠠᠨ᠂ | ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠬᠦᠢᠴᠡᠳᠭᠡᠵᠦ᠂ ᠠᠰᠠᠭᠤᠳᠠᠯ ᠢ ᠦᠨᠡᠨ ᠬᠦ ᠪᠣᠳᠠᠲᠠᠶ ᠪᠠᠷ ᠰᠢᠢᠳᠪᠦᠷᠢᠯᠡᠨ᠂ | ᠪᠥᠬᠦ ᠬᠤᠰᠢᠭᠤᠨ ᠤ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃ | | ᠤᠷᠴᠢᠭᠤᠯᠤᠭᠰᠠᠨ ᠨᠢ᠄ ᠴᠡᠴᠡᠭ |