ᠨᠢᠭᠡ᠂ ᠨᠡᠶᠢᠲᠡᠯᠡᠭᠰᠡᠨ ᠠᠬᠤᠶ ᠪᠠᠶᠢᠳᠠᠯ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ | ᠠᠩᠬ᠎ᠠ ᠤᠳᠠᠭ᠎ᠠ ︽ᠬᠤᠲᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠦᠨ᠎ᠡ︾ ᠭᠡᠵᠦ ᠲᠤᠷᠠᠳᠴᠤ᠂ ᠬᠤᠲᠠ ᠶᠢᠨ | ᠪᠥᠲᠥᠭᠡᠨ ᠪᠠᠶᠢᠭᠤᠯᠤᠯᠲᠠ ᠶᠢᠨ ᠡᠵᠡᠩᠨᠡᠯᠲᠡ ᠶᠢᠨ ᠵᠠᠭᠪᠤᠷ ᠤᠨ ᠰᠢᠨ᠎ᠡ ᠶᠢ ᠡᠭᠦᠳᠬᠦ᠂ ᠰᠢᠨ᠎ᠡ ᠬᠡᠯᠪᠡᠷᠢ ᠶᠢᠨ ᠬᠤᠲᠠ | ᠪᠠᠯᠭᠠᠰᠤᠵᠢᠯᠲᠠ ᠶᠢ ᠠᠬᠢᠭᠤᠯᠬᠤ ᠳᠤ ᠴᠢᠭᠯᠡᠯ ᠢ ᠲᠣᠳᠣᠷᠬᠠᠶ ᠵᠢᠭᠠᠵᠤ ᠥᠭᠴᠡᠶ᠃ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠶᠡᠭᠡ ᠪᠠᠷ | ᠠᠬᠢᠭᠤᠯᠵᠤ᠂ ᠮᠠᠨ ᠤ ᠤᠯᠤᠰ ᠤᠨ ᠬᠤᠲᠠ ᠶᠢᠨ ᠬᠥᠭᠵᠢᠯᠲᠡ ᠶᠢᠨ ᠰᠢᠨ᠎ᠡ ᠪᠠᠶᠢᠳᠠᠯ ᠢ ᠣᠨᠣᠪᠴᠢᠲᠠᠶ ᠰᠤᠳᠤᠯᠤᠨ | ᠮᠠᠭᠠᠳᠯᠠᠵᠤ᠂ ᠨᠠᠢᠮᠠᠨ ᠲᠠᠯ᠎ᠠ ᠶᠢᠨ ᠬᠠᠷᠠᠯᠲᠠ ᠡᠭᠦᠷᠭᠡ ᠶᠢ ᠲᠣᠳᠣᠷᠬᠠᠶ ᠲᠤᠭᠳᠠᠭᠠᠪᠠ᠂ ᠵᠣᠷᠢᠯᠭ᠎ᠠ ᠨᠢ ᠬᠤᠲᠠ ᠶᠢ ᠨᠠᠩ | ᠣᠷᠣᠰᠢᠨ ᠰᠠᠭᠤᠬᠤ ᠳᠤ ᠲᠣᠬᠢᠷᠠᠮᠵᠢᠲᠠᠶ᠂ ᠨᠠᠩ ᠠᠮᠢᠵᠢᠷᠠᠯ ᠤᠨ ᠬᠦᠴᠦᠨ ᠲᠠᠢ ᠪᠣᠯᠭᠠᠵᠤ᠂ ᠰᠠᠭᠤᠭᠠᠯᠢ ᠠᠷᠠᠳ ᠤᠨ | ᠠᠮᠢᠳᠤᠷᠠᠯ ᠢ ᠨᠠᠩ ᠰᠠᠶᠢᠨ ᠰᠠᠶᠢᠬᠠᠨ ᠪᠣᠯᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠴᠢᠨᠠᠭᠰᠢᠯᠠᠪᠠᠯ | ᠬᠤᠶᠢᠰᠢᠳᠠ ᠶᠢᠨ ᠨᠢᠭᠡ ᠬᠤᠭᠤᠴᠠᠭᠠᠨ ᠤ ᠬᠤᠲᠠ ᠶᠢᠨ ᠠᠵᠢᠯ ᠢ ᠰᠠᠶᠢᠲᠤᠷ ᠬᠢᠬᠦ ᠳᠤ ᠴᠢᠭᠯᠡᠯ ᠢ ᠲᠣᠳᠣᠷᠬᠠᠶ ᠵᠢᠭᠠᠵᠤ | ᠥᠭᠴᠡᠶ᠃ ᠤᠯᠤᠰ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠤᠲᠠ ᠶᠢᠨ ᠰᠢᠨᠡᠳᠬᠡᠯ ᠢ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠤᠨ ᠴᠢᠬᠤᠯᠠ ᠠᠭᠤᠯᠭ᠎ᠠ ᠳᠤ ᠣᠷᠣᠭᠤᠯᠵᠤ᠂ ︽ᠬᠤᠲᠠ ᠶᠢ ᠰᠢᠨᠡᠳᠬᠡᠬᠦ ᠠᠵᠢᠯᠯᠠᠭ᠎ᠠ ᠶᠢ | ᠬᠡᠷᠡᠭᠵᠢᠭᠦᠯᠬᠦ ᠲᠤᠬᠠᠶ ᠵᠢᠯᠣᠭᠤᠳᠬᠤ ᠰᠠᠨᠠᠯ︾ ︵ᠳᠣᠷᠣᠭᠰᠢ ︽ᠵᠢᠯᠣᠭᠤᠳᠬᠤ ᠰᠠᠨᠠᠯ︾ ᠭᠡᠵᠦ ᠲᠣᠪᠴᠢᠯᠠᠨ᠎ᠠ︶ ᠢ | ᠲᠣᠭᠲᠠᠭᠠᠨ ᠨᠡᠶᠢᠲᠡᠯᠡᠪᠡ᠃ | ᠬᠤᠶᠠᠷ᠂ ᠦᠨᠳᠦᠰᠦᠨ ᠪᠦᠲᠦᠴᠠ ᠪᠠ ᠭᠤᠣᠯ ᠠᠭᠤᠯᠭ᠎ᠠ | ︽ᠵᠢᠯᠣᠭᠤᠳᠬᠤ ᠰᠠᠨᠠᠯ︾ ᠨᠢ ᠨᠡᠶᠢᠲᠡ ᠳᠥᠷᠪᠡᠨ ᠬᠡᠰᠡᠭ ᠢᠶᠠᠷ ᠪᠦᠷᠢᠯᠲᠦᠵᠤ᠂ ᠲᠣᠰ ᠲᠣᠰ ᠶᠡᠷᠦᠩᠬᠡᠶ | ᠱᠠᠭᠠᠷᠳᠠᠯᠭ᠎ᠠ᠂ ᠭᠤᠤᠯᠳᠠᠯᠭ᠎ᠠ ᠲᠠᠢ ᠡᠭᠦᠷᠭᠡ᠂ ᠠᠵᠢᠯ ᠤᠨ ᠠᠷᠭ᠎ᠠ ᠬᠡᠮᠵᠢᠶ᠎ᠡ ᠪᠠ ᠵᠣᠬᠢᠶᠠᠨ ᠪᠠᠶᠢᠭᠤᠯᠤᠯᠲᠠ ᠶᠢᠨ | ᠪᠠᠲᠤᠯᠠᠭ᠎ᠠ ᠪᠣᠯᠤᠨ᠎ᠠ᠃ | ︵ᠨᠢᠭᠡ︶ ᠶᠡᠷᠦᠩᠬᠡᠶ ᠱᠠᠭᠠᠷᠳᠠᠯᠭ᠎ᠠ᠃ ᠬᠤᠲᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠬᠦ ᠶᠡᠷᠦᠩᠬᠡᠶ | ᠬᠠᠷᠠᠯᠲᠠ ᠶᠢ ᠲᠤᠷᠠᠲᠤᠭᠰᠠᠨ ᠠᠴᠠ 2023 ᠣᠨ ᠤ ᠡᠴᠦᠰ ᠪᠣᠯᠬᠤ ᠳᠤ᠂ ᠬᠤᠲᠠ ᠪᠠᠶᠢᠭᠤᠯᠤᠭᠰᠠᠨ ᠬᠤᠲᠠ ᠳᠤ | ᠴᠥᠮ ᠰᠢᠨᠡᠳᠬᠡᠬᠦ ᠵᠢᠱᠢᠶ᠎ᠡ ᠦᠵᠡᠭᠦᠯᠬᠦ ᠲᠣᠭᠤᠷᠢᠭ ᠢ ᠪᠣᠶ ᠪᠣᠯᠭᠠᠬᠤ ᠶᠢᠨ ᠬᠠᠮᠲᠤ᠂ ᠵᠢᠱᠢᠶ᠎ᠡ ᠦᠵᠡᠬᠦᠯᠬᠦ | ᠲᠣᠭᠤᠷᠢᠭ ᠤᠨ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠬᠦ ᠪᠤᠶᠤ ᠬᠤᠲᠠ ᠶᠢ ᠰᠢᠨᠡᠳᠬᠡᠬᠦ ᠶᠢ | ᠲᠥᠪᠯᠡᠷᠡᠭᠦᠯᠦᠨ ᠬᠡᠷᠡᠭᠵᠢᠭᠦᠯᠦᠨ᠎ᠡ᠃ 2025 ᠣᠨ ᠤ ᠡᠴᠦᠰ ᠪᠣᠯᠬᠤ ᠳᠤ᠂ ᠬᠤᠲᠠ ᠶᠢ ᠰᠢᠨᠡᠳᠬᠡᠬᠦ ᠠᠵᠢᠯᠯᠠᠭ᠎ᠠ ᠶᠢ | ᠴᠢᠬᠤᠯᠠ ᠠᠬᠢᠴᠠ ᠲᠠᠢ ᠪᠣᠯᠭᠠᠵᠤ᠂ ᠬᠤᠲᠠ ᠶᠢ ᠰᠢᠨᠡᠳᠬᠡᠬᠦ ᠪᠠᠶᠢᠭᠤᠯᠤᠯ ᠲᠣᠭᠲᠠᠴᠠ ᠪᠠ ᠲᠥᠷᠥ ᠶᠢᠨ | ᠪᠣᠳᠣᠯᠭ᠎ᠠ ᠶᠢᠨ ᠰᠢᠰᠲ᠋ᠧᠮᠵᠢ ᠶᠢ ᠠᠩᠬ᠎ᠠ ᠠᠯᠬᠤᠮ ᠪᠦᠷᠢᠯᠳᠦᠭᠦᠯᠦᠨ᠂ ᠬᠤᠲᠠ ᠪᠠᠯᠭᠠᠰᠤ ᠶᠢᠨ ᠰᠢᠰᠲ᠋ᠧᠮᠵᠢ ᠶᠢ | ᠲᠠᠰᠤᠷᠠᠯᠲᠠ ᠤᠢᠭᠡᠢ ᠲᠡᠭᠦᠯᠳᠡᠷᠵᠢᠭᠦᠯᠵᠦ᠂ ᠬᠤᠲᠠ ᠶᠢᠨ ᠪᠦᠲᠦᠴᠡ᠂ ᠴᠢᠳᠠᠮᠵᠢ᠂ ᠪᠠᠶᠢᠷᠢᠰᠢᠭᠤᠯᠤᠯ ᠢ ᠠᠯᠬᠤᠮ | ᠠᠯᠬᠤᠮ ᠢᠶᠠᠷ ᠲᠣᠬᠢᠷᠠᠭᠤᠯᠤᠨ ᠰᠢᠯᠢᠳᠡᠭᠵᠢᠭᠦᠯᠵᠦ᠂ ᠬᠤᠲᠠ ᠶᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ | ᠠᠷᠭ᠎ᠠ ᠮᠠᠶ᠋ᠢᠭ ᠢ ᠲᠦᠷᠭᠡᠳᠬᠡᠨ ᠬᠤᠪᠢᠷᠠᠭᠤᠯᠵᠤ᠂ ᠬᠤᠲᠠ ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ | ᠦᠷᠭᠦᠯᠵᠢᠯᠡᠨ ᠰᠠᠶᠢᠵᠢᠷᠠᠭᠤᠯᠵᠤ᠂ ︽ᠬᠤᠲᠠ ᠶᠢᠨ ᠭᠡᠮ︾ ᠪᠠ ᠬᠤᠲᠠ ᠶᠢᠨ ᠳᠣᠪᠤᠶᠢᠮ᠎ᠠ ᠠᠰᠠᠭᠤᠳᠠᠯ ᠢ | ᠪᠦᠲᠦᠮᠵᠢᠲᠡᠶ ᠵᠠᠰᠠᠨ᠎ᠠ᠃ | ︵ᠬᠤᠶᠠᠷ︶ ᠭᠤᠤᠯᠳᠠᠯᠭ᠎ᠠ ᠲᠠᠢ ᠡᠭᠦᠷᠭᠡ᠃ ᠲᠠᠪᠤᠨ ᠲᠠᠯ᠎ᠠ ᠶᠢᠨ 16 ᠵᠦᠢᠯ ᠤᠨ ᠪᠣᠳᠠᠲᠠᠶ ᠠᠵᠢᠯ ᠢ | ᠲᠣᠳᠣᠷᠬᠠᠶᠢᠯᠠᠪᠠ᠂ ᠨᠢᠭᠡ ᠳᠤ ᠣᠷᠣᠰᠢᠨ ᠰᠠᠭᠤᠬᠤ ᠳᠤ ᠲᠣᠬᠢᠷᠠᠮᠵᠢᠲᠠᠶ ᠲᠠᠭᠠᠯᠠᠮᠵᠢᠲᠠᠶ ᠬᠤᠲᠠ ᠶᠢ ᠪᠥᠲᠥᠭᠡᠨ | ᠪᠠᠶᠢᠭᠤᠯᠤᠨ᠎ᠠ᠂ ᠡᠭᠦᠨ ᠳᠤ ᠭᠤᠤᠯᠳᠠᠭᠤ ᠣᠷᠣᠨ ᠵᠠᠶ ᠶᠢᠨ ᠪᠠᠶᠢᠷᠢᠰᠢᠯ ᠢ ᠲᠡᠭᠦᠯᠳᠡᠷᠵᠢᠭᠦᠯᠬᠦ᠂ ᠬᠠᠭᠤᠴᠢᠨ ᠰᠠᠭᠤᠭᠠᠯᠢ | ᠲᠣᠭᠤᠷᠢᠭ ᠢ ᠥᠭᠡᠷᠡᠴᠢᠯᠡᠨ ᠰᠢᠨᠡᠳᠬᠡᠬᠦ ᠶᠢ ᠠᠬᠢᠭᠤᠯᠬᠤ᠂ ᠬᠠᠭᠤᠴᠢᠨ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠶᠢ | ᠠᠬᠢᠭᠤᠯᠬᠤ᠂ ᠬᠠᠭᠤᠴᠢᠨ ᠦᠢᠯᠡᠳᠪᠦᠷᠢ ᠶᠢᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠢ ᠠᠬᠢᠭᠤᠯᠬᠤ᠂ ᠠᠮᠢ | ᠠᠬᠤᠶ ᠶᠢ ᠵᠠᠰᠠᠨ ᠰᠡᠷᠭᠦᠭᠡᠬᠦ ᠪᠠ ᠴᠢᠳᠠᠮᠵᠢ ᠶᠢ ᠲᠡᠭᠦᠯᠳᠡᠷᠵᠢᠭᠦᠯᠬᠦ ᠶᠢ ᠬᠡᠷᠡᠭᠵᠢᠭᠦᠯᠬᠦ ᠵᠡᠷᠭᠡ ᠪᠠᠭᠲᠠᠨ᠎ᠠ᠃ ᠬᠤᠶᠠᠷ ᠲᠤ | ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ ᠬᠤᠲᠠ ᠶᠢ ᠪᠠᠶᠢᠭᠤᠯᠤᠨ᠎ᠠ᠂ ᠡᠭᠦᠨ ᠳᠤ ᠭᠤᠤᠯᠳᠠᠭᠤ | ᠴᠡᠴᠡᠷᠯᠢᠭ ᠤᠨ ᠨᠣᠭᠤᠭᠠᠷᠠᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ ᠪᠣᠬᠢᠷᠲᠤᠯ ᠥᠬᠡᠶ | ᠪᠠᠷᠢᠯᠭ᠎ᠠ ᠶᠢᠨ ᠰᠢᠰᠲ᠋ᠧᠮᠵᠢ ᠶᠢ ᠪᠠᠶᠢᠭᠤᠯᠬᠤ᠂ ᠠᠷᠢᠭᠤᠨ ᠴᠡᠪᠡᠷ ᠳᠤᠯᠠᠭᠠᠯᠠᠭ᠎ᠠ ᠶᠢ ᠲᠦᠷᠭᠡᠳᠬᠡᠨ ᠬᠡᠷᠡᠭᠵᠢᠭᠦᠯᠬᠦ᠂ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠵᠢᠷᠤᠮᠵᠢᠭᠤᠯᠤᠨ ᠥᠷᠨᠢᠭᠦᠯᠬᠦ ᠶᠢ ᠪᠠᠭᠲᠠᠭᠠᠨ᠎ᠠ᠃ | ᠭᠤᠷᠪᠠ ᠳᠤ ᠠᠮᠤᠷ ᠲᠦᠪᠰᠢᠨ ᠤᠶᠠᠨ ᠬᠠᠳᠠᠨ ᠴᠢᠨᠠᠷᠲᠠᠢ ᠬᠤᠳᠠ ᠶᠢ ᠪᠠᠶᠢᠭᠤᠯᠤᠨ᠎ᠠ᠂ ᠡᠭᠦᠨ ᠳᠤ ᠭᠤᠣᠯᠳᠠᠭᠤ ᠳᠠᠯᠠᠢ | ᠬᠦᠪᠦᠩ ᠬᠤᠳᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ᠂ ᠰᠢᠨ᠎ᠡ ᠬᠡᠯᠪᠡᠷᠢ ᠶᠢᠨ ᠬᠤᠳᠠ ᠶᠢᠨ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ᠂ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ | ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠶᠢ ᠴᠢᠩᠭᠠᠳᠬᠠᠬᠤ᠂ ᠬᠤᠳᠠ ᠶᠢᠨ ᠤᠯᠠᠨ ᠨᠡᠶᠢᠲᠡ ᠶᠢᠨ ᠠᠮᠤᠷ | ᠲᠦᠪᠰᠢᠨ ᠢ ᠬᠠᠮᠠᠭᠠᠯᠠᠬᠤ ᠵᠡᠷᠭᠡ ᠪᠠᠭᠲᠠᠨ᠎ᠠ᠃ ᠳᠥᠷᠪᠡ ᠳᠤ᠂ ᠣᠶᠤᠨᠴᠢ ᠠᠮᠢᠵᠢᠷᠠᠯ ᠤᠨ ᠬᠦᠴᠦᠨ ᠲᠠᠢ ᠬᠤᠲᠠ ᠶᠢ | ᠡᠭᠦᠳᠦᠨ ᠪᠠᠶᠢᠭᠤᠯᠤᠨ᠎ᠠ᠂ ᠡᠭᠦᠨ ᠳᠤ ᠭᠤᠤᠯᠳᠠᠭᠤ ᠬᠤᠲᠠ ᠶᠢᠨ ᠮᠡᠳᠡᠭᠡ ᠵᠠᠩᠭᠢ ᠶᠢᠨ ᠲᠠᠪᠴᠠᠩ ᠤᠨ | ᠪᠠᠶᠢᠭᠤᠯᠤᠯᠲᠠ ᠶᠢ ᠠᠬᠢᠭᠤᠯᠬᠤ᠂ ᠭᠠᠵᠠᠷ ᠳᠣᠤᠷᠠᠬᠢ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠨᠡᠶᠢᠳᠡᠮ | ᠪᠠᠶᠢᠴᠠᠭᠠᠯᠲᠠ ᠶᠢ ᠥᠷᠨᠢᠭᠦᠯᠬᠦ ᠵᠡᠷᠭᠡ ᠪᠠᠭᠳᠠᠨ᠎ᠠ᠃ ᠲᠠᠪᠤ ᠳᠤ᠂ ᠰᠣᠶᠣᠯ ᠢᠷᠭᠡᠨᠰᠢᠯ ᠤᠨ ᠤᠨᠴᠠᠯᠢᠬᠳᠤ ᠬᠤᠳᠠ ᠶᠢ | ᠴᠣᠭᠴᠠᠯᠠᠨ᠎ᠠ᠂ ᠡᠭᠦᠨ ᠳᠤ ᠭᠤᠣᠯᠳᠠᠭᠤ ᠲᠡᠦᠬᠡ ᠰᠣᠶᠣᠯ ᠤᠨ ᠬᠠᠮᠠᠭᠠᠯᠠᠯᠲᠠ ᠪᠣᠯᠤᠨ ᠲᠦᠷᠢ ᠲᠥᠷᠬᠦ ᠶᠢᠨ | ᠤᠨᠴᠠᠯᠢᠬᠳᠤ ᠬᠠᠮᠢᠶᠠᠷᠤᠯᠲᠠ ᠡᠵᠡᠮᠳᠡᠯ ᠢ ᠴᠢᠩᠭᠠᠳᠬᠠᠬᠤ ᠪᠠᠭᠳᠠᠨ᠎ᠠ᠃ | ︵ᠭᠤᠷᠪᠠ︶ ᠠᠵᠢᠯ ᠤᠨ ᠠᠷᠭ᠎ᠠ ᠬᠡᠮᠵᠢᠶ᠎ᠡ᠃ ᠨᠢᠭᠡ ᠳᠤ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢ ᠪᠥᠬᠦ | ᠲᠠᠯ᠎ᠠ ᠪᠠᠷ ᠥᠷᠨᠢᠭᠦᠯᠦᠨ᠎ᠡ᠃ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠦᠨᠡᠯᠡᠯᠲᠡ ᠪᠠᠷ ᠳᠠᠮᠵᠢᠨ᠂ ᠳᠤᠲᠠᠭᠤᠳᠠᠯ | ᠪᠠ ᠪᠠᠭᠤᠷᠠᠶ ᠲᠠᠯ᠎ᠠ ᠶᠢ ᠡᠷᠢᠵᠦ ᠭᠠᠷᠭᠠᠬᠤ ᠬᠡᠷᠡᠭᠲᠡᠶ᠃ ᠬᠤᠲᠠ ᠶᠢᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ | ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠵᠦ᠂ ᠭᠠᠵᠠᠷ ᠣᠷᠣᠨ ᠤ ᠴᠢᠳᠠᠮᠵᠢ ᠶᠢ ᠰᠢᠯᠢᠳᠡᠭᠵᠢᠭᠦᠯᠬᠦ᠂ ᠣᠯᠠᠨ | ᠨᠡᠶᠢᠲᠡ ᠶᠢᠨ ᠪᠡᠯᠡᠳᠬᠡᠮᠵᠢ ᠶᠢ ᠲᠡᠭᠦᠯᠳᠡᠷᠵᠢᠭᠦᠯᠬᠦ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠲᠡᠦᠬᠡ ᠶᠢᠨ | ᠳᠦᠷᠰᠦ ᠪᠠᠶᠢᠳᠠᠯ ᠢ ᠬᠠᠮᠠᠭᠠᠯᠠᠬᠤ᠂ ᠬᠤᠲᠠ ᠶᠢᠨ ᠣᠷᠴᠢᠨ ᠲᠣᠭᠤᠷᠢᠨ ᠢ ᠵᠠᠰᠠᠬᠤ᠂ ᠰᠠᠭᠤᠷᠢ ᠪᠡᠯᠡᠳᠬᠡᠮᠵᠢ ᠶᠢ | ᠲᠡᠭᠦᠯᠳᠡᠷᠵᠢᠭᠦᠯᠬᠦ ᠬᠠᠷᠠᠯᠲᠠ ᠪᠣᠯᠤᠨ ᠰᠠᠨᠠᠭᠤᠯᠭ᠎ᠠ ᠶᠢ ᠳᠤᠷᠠᠳᠤᠨ᠎ᠠ᠃ ᠬᠤᠶᠠᠷ ᠲᠤ᠂ ᠬᠡᠷᠡᠭᠵᠢᠭᠦᠯᠬᠦ ᠲᠥᠰᠦᠯ ᠢ | ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠤᠰ | ᠭᠠᠵᠠᠷ ᠣᠷᠣᠨ ᠤ ᠬᠤᠲᠠ ᠶᠢᠨ ᠰᠢᠨᠡᠳᠬᠡᠬᠦ ᠶᠢᠨ ᠬᠡᠷᠡᠭᠵᠢᠭᠦᠯᠬᠦ ᠲᠥᠰᠦᠯ ᠢ ᠵᠣᠬᠢᠶᠠᠨ ᠪᠠᠶᠢᠭᠤᠯᠤᠨ ᠲᠣᠭᠲᠠᠭᠠᠵᠤ᠂ | ᠰᠢᠨᠡᠳᠬᠡᠬᠦ ᠲᠣᠭᠤᠷᠢᠭ ᠢ ᠵᠦᠢ ᠵᠣᠬᠢᠰᠲᠠᠶ ᠬᠤᠪᠢᠶᠠᠷᠢᠯᠠᠨ ᠲᠣᠭᠲᠠᠭᠠᠵᠤ᠂ ᠠᠳᠠᠯᠢ ᠪᠤᠰᠤ ᠲᠣᠭᠤᠷᠢᠭ ᠲᠤ | ᠵᠦᠷᠢᠶᠡᠴᠢᠯᠡᠭᠰᠡᠨ ᠬᠤᠲᠠ ᠶᠢᠨ ᠰᠢᠨᠡᠳᠬᠡᠬᠦ ᠠᠷᠭ᠎ᠠ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠶ᠃ ᠭᠤᠷᠪᠠ ᠳᠤ | ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠃ ᠬᠡᠷᠡᠭᠵᠢᠭᠦᠯᠦᠭᠰᠡᠨ ᠦᠷ᠎ᠡ | ᠪᠦᠲᠦᠮᠵᠢ ᠶᠢ ᠪᠦᠬᠦ ᠲᠠᠯ᠎ᠠ ᠪᠠᠷ ᠳ᠋ᠦᠩᠨᠡᠵᠦ᠂ ᠦᠨᠡᠨ ᠠᠴᠠ ᠵᠥᠪ ᠢ ᠡᠷᠢᠵᠦ᠂ ᠦᠷᠭᠦᠯᠵᠢᠯᠡᠨ ᠠᠬᠢᠭᠤᠯᠬᠤ ᠠᠷᠭ᠎ᠠ | ᠬᠡᠮᠵᠢᠶ᠎ᠡ ᠶᠢ ᠲᠣᠭᠲᠠᠭᠠᠨ᠎ᠠ᠃ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ ᠶᠢ ᠥᠷᠨᠢᠭᠦᠯᠵᠦ᠂ | ᠣᠯᠠᠨ ᠲᠦᠮᠡᠨ ᠠᠴᠠ ᠬᠤᠲᠠ ᠶᠢᠨ ᠣᠷᠣᠰᠢᠨ ᠰᠠᠭᠤᠬᠤ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ | ᠦᠷ᠎ᠡ ᠪᠦᠲᠦᠮᠵᠢ ᠶᠢ ᠦᠨᠡᠯᠡᠨ᠎ᠡ᠃ | ︵ᠳᠥᠷᠪᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠃ ᠨᠢᠭᠡ ᠳᠤ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠨᠢᠭᠡᠳᠦᠯᠲᠡᠶ ᠲᠥᠯᠥᠪᠯᠡᠬᠦ᠂ ᠬᠤᠲᠠ ᠶᠡᠷᠦᠩᠬᠡᠶ | ᠬᠠᠷᠢᠭᠤᠴᠠᠯᠭ᠎ᠠ ᠶᠢ ᠬᠠᠷᠢᠭᠤᠴᠠᠬᠤ᠂ ᠬᠠᠷᠢᠶ᠎ᠠ ᠲᠣᠭᠤᠷᠢᠭ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ | ᠲᠣᠭᠲᠠᠴᠠ ᠶᠢ ᠪᠠᠶᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠬᠤᠲᠠ ᠶᠢ ᠰᠢᠨᠡᠳᠬᠡᠬᠦ ᠠᠵᠢᠯᠯᠠᠭ᠎ᠠ ᠶᠢᠨ | ᠠᠵᠢᠯ ᠤᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯᠳᠤᠭᠠᠨ ᠤ ᠳᠦᠷᠢᠮ ᠢ ᠪᠠᠶᠢᠭᠤᠯᠵᠤ᠂ ᠠᠯᠪᠠᠨ | ᠭᠡᠷ ᠢ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ ᠳᠤ ᠪᠠᠶᠢᠷᠢᠯᠠᠭᠤᠯᠤᠨ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠ | ᠡᠭᠦᠷᠭᠡ ᠶᠢᠨ ᠬᠤᠪᠢᠶᠠᠷᠢᠯᠠᠯ ᠢ ᠲᠣᠳᠣᠷᠬᠠᠶᠢᠯᠠᠬᠤ ᠬᠡᠷᠡᠭᠲᠡᠶ᠃ ᠬᠤᠶᠠᠷ ᠲᠤ ᠲᠥᠷᠥ ᠶᠢᠨ ᠪᠣᠳᠣᠯᠭ᠎ᠠ ᠶᠢᠨ | ᠪᠠᠲᠤᠯᠠᠭ᠎ᠠ ᠶᠢ ᠴᠢᠩᠭᠠᠷᠠᠭᠤᠯᠤᠨ᠎ᠠ᠃ ᠰᠡᠳᠦᠪ ᠲᠣᠭᠲᠠᠭᠠᠬᠤ᠂ ᠭᠠᠵᠠᠷ ᠰᠢᠷᠣᠶ᠂ ᠲᠥᠯᠥᠪᠵᠢᠭᠦᠯᠭᠡ᠂ ᠬᠢᠨᠠᠨ ᠵᠥᠪᠰᠢᠶᠡᠷᠡᠬᠦ | ᠵᠡᠷᠭᠡ ᠳᠦᠬᠦᠷᠵᠢᠭᠰᠡᠨ ᠳᠦᠷᠢᠮ ᠤᠨ ᠰᠢᠨ᠎ᠡ ᠶᠢ ᠡᠭᠦᠳᠴᠦ᠂ ᠶᠡᠭᠡ ᠬᠡᠪᠴᠢᠶᠡᠨ ᠤ ᠬᠠᠳᠠᠭᠠᠯᠠᠯᠳᠠ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠥᠭᠡᠷᠡᠴᠢᠯᠡᠬᠦ ᠯᠦᠭᠡ ᠬᠠᠷᠢᠯᠴᠠᠨ ᠲᠣᠬᠢᠷᠠᠯᠴᠠᠭᠰᠠᠨ ᠬᠠᠮᠢᠶᠠᠷᠤᠯᠲᠠ ᠶᠢᠨ ᠳᠦᠷᠢᠮ ᠪᠣᠯᠤᠨ | ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠤᠶ ᠪᠣᠯᠭᠠᠨ᠎ᠠ᠃ ᠭᠤᠷᠪᠠ ᠳᠤ ᠪᠡᠯᠡ ᠮᠥᠩᠭᠦᠨ ᠤ ᠳᠡᠮᠵᠢᠯᠭᠡ ᠪᠠᠨ | ᠨᠡᠮᠡᠭᠳᠡᠭᠦᠯᠦᠨ᠎ᠡ᠃ ᠲᠥᠪ ᠤᠨ ᠲᠤᠰᠠᠯᠠᠮᠵᠢ ᠶᠢᠨ ᠪᠡᠯᠡ ᠮᠥᠩᠭᠦ ᠶᠢ ᠢᠳᠡᠪᠬᠢᠯᠡᠨ ᠣᠯᠵᠤ᠂ ᠡᠳ ᠤ ᠵᠠᠰᠠᠭ ᠤᠨ | ᠵᠠᠷᠤᠯᠭ᠎ᠠ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠬᠤᠲᠠ ᠶᠢ ᠰᠢᠨᠡᠳᠬᠡᠬᠦ ᠲᠥᠷᠥᠯ ᠵᠦᠢᠯ ᠤᠨ | ᠣᠷᠣᠭᠤᠯᠤᠯᠲᠠ ᠶᠢ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠤᠰᠬᠠᠶ ᠵᠦᠢᠯ ᠤᠨ ᠪᠡᠯᠡ ᠮᠥᠩᠭᠦ ᠶᠢ | ᠨᠢᠭᠡᠳᠦᠯᠲᠡᠶ ᠲᠥᠯᠥᠪᠯᠡᠵᠦ᠂ ᠡᠳ᠋ ᠤᠨ ᠵᠠᠰᠠᠭ ᠤᠨ ᠴᠢᠨᠠᠷᠲᠠᠶ ᠲᠤᠰᠠᠯᠠᠮᠵᠢ ᠶᠢᠨ ᠪᠡᠯᠡ ᠮᠥᠩᠭᠦ ᠶᠢ ᠬᠤᠲᠠ ᠶᠢ | ᠰᠢᠨᠡᠳᠬᠡᠬᠦ ᠲᠥᠷᠥᠯ ᠵᠦᠢᠯ ᠲᠡᠰᠢ ᠬᠡᠯᠪᠠᠶᠢᠯᠭᠡᠬᠦ ᠬᠡᠷᠡᠭᠲᠡᠶ᠃ ᠳᠥᠷᠪᠡ ᠳᠤ ᠤᠬᠠᠭᠤᠯᠵᠤ ᠬᠥᠲᠥᠯᠥᠨ | ᠵᠢᠯᠣᠭᠤᠳᠬᠤ ᠶᠢ ᠰᠠᠶᠢᠲᠤᠷ ᠬᠢᠬᠦ ᠬᠡᠷᠡᠭᠲᠡᠶ᠃ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠴᠢᠩᠭᠠᠳᠬᠠᠵᠤ᠂ | ᠲᠡᠷᠢᠭᠦᠨ ᠤ ᠲᠤᠷᠰᠢᠯᠭ᠎ᠠ ᠶᠢ ᠮᠡᠳᠡᠭᠡᠯᠡᠵᠦ᠂ ᠬᠤᠲᠠ ᠶᠢᠨ ᠰᠢᠨᠡᠴᠢᠯᠡᠯᠲᠡ ᠶᠢᠨ ᠠᠷᠠᠳ ᠣᠯᠠᠨ ᠳᠤ ᠠᠪᠴᠢᠷᠠᠭᠰᠠᠨ | ᠬᠦᠷᠲᠡᠮᠵᠢ ᠶᠢᠨ ᠲᠥᠷᠥᠭᠳᠡᠯ ᠢ ᠤᠬᠠᠭᠤᠯᠤᠨ᠎ᠠ᠃ ᠠᠷᠠᠳ ᠣᠯᠠᠨ ᠤ ᠣᠷᠣᠯᠴᠠᠬᠤ ᠠᠷᠭ᠎ᠠ ᠵᠠᠮ ᠢ ᠢᠳᠡᠪᠬᠢᠲᠡᠶ ᠪᠠᠷ | ᠥᠷᠭᠡᠵᠢᠭᠦᠯᠵᠦ᠂ ᠬᠤᠲᠠ ᠶᠢᠨ ᠨᠡᠶᠢᠭᠡᠮ ᠤᠨ ᠰᠢᠨ᠎ᠡ ᠪᠠᠶᠢᠳᠠᠯ ᠢ ᠬᠠᠮᠲᠤᠪᠠᠷ ᠪᠣᠶ ᠪᠣᠯᠭᠠᠬᠤ ᠬᠡᠷᠡᠭᠲᠡᠶ᠃ | | |