ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠬᠠᠪᠰᠤᠷᠤᠨ ᠬᠦᠢᠴᠡᠳᠭᠡᠬᠦ | ᠣᠷᠣᠯᠠᠨ ᠬᠦᠢᠴᠡᠳᠭᠡᠬᠦ ᠠᠵᠢᠯᠳᠠᠳ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠤᠯᠠᠮ ᠴᠢᠨᠠᠭᠰᠢᠳᠠ | ᠳᠡᠭᠡᠭᠰᠢᠯᠡᠬᠦᠯᠦᠨ᠂ ︽ᠮᠦᠩᠭᠡ ᠰᠤᠪᠠᠭ · ᠲᠠᠨ ᠢ ᠬᠠᠪᠰᠤᠷᠤᠨ ᠬᠦᠢᠴᠡᠳᠭᠡᠬᠦ︾ ᠠᠵᠢᠯ ᠤᠨ ᠪᠦᠲᠦᠮᠵᠢᠲᠡᠶ | ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠮᠠᠨ ᠤ ᠬᠤᠰᠢᠭᠤᠨ ᠤ ᠭᠤᠤᠯᠳᠠᠯᠭ᠎ᠠ ᠲᠠᠢ | ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠬᠤ ᠶᠢᠨ ᠲᠦᠯᠦᠭᠡ᠂ 2021 ᠣᠨ ᠤ 10 | ᠰᠠᠷ᠎ᠠ ᠶᠢᠨ 15 ᠤ ᠡᠳᠦᠷ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ︽ᠨᠢᠭᠡ | ᠥᠷᠲᠡᠭᠡ ᠮᠠᠶ᠋ᠢᠭ︾ ᠤᠨ ᠦᠢᠯᠡᠴᠢᠯᠡᠭᠡᠨ ᠤ ᠲᠥᠪ ᠤᠨ ᠭᠡᠰᠢᠭᠦᠳ ᠢ ᠵᠣᠬᠢᠶᠠᠨ ᠪᠠᠶᠢᠭᠤᠯᠵᠤ᠂ ︽ᠮᠦᠩᠭᠡ ᠰᠤᠪᠠᠭ · | ᠲᠠᠨ ᠢ ᠬᠠᠪᠰᠤᠷᠤᠨ ᠬᠦᠢᠴᠡᠳᠭᠡᠬᠦ︾ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠢ ᠬᠤᠷᠠᠯᠳᠤᠭᠤᠯᠪᠠ᠃ | ᠡᠯ᠎ᠡ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠲᠦᠷᠦᠭᠦᠦ ᠲᠥᠯᠥᠭᠡᠯᠡᠭᠴᠢ᠂ ᠬᠠᠪᠰᠤᠷᠤᠨ ᠭᠦᠢᠴᠡᠳᠬᠡᠭᠴᠢ ᠪᠠ | ᠣᠷᠣᠯᠠᠨ ᠭᠦᠢᠴᠡᠳᠬᠡᠭᠴᠢ ᠬᠤᠷᠠᠯ ᠳᠤ ᠣᠷᠣᠯᠴᠠᠪᠠ᠃ | | | | | ᠬᠤᠷᠠᠯ ᠳᠡᠭᠡᠷ᠎ᠡ᠂ ᠡᠯ᠎ᠡ ᠲᠥᠷᠥᠯ ᠵᠦᠢᠯ ᠤᠨ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠲᠦᠷᠦᠭᠦᠤ | ᠲᠥᠯᠥᠭᠡᠯᠡᠭᠴᠢ ᠲᠣᠰ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ ᠲᠥᠷᠥᠯ ᠵᠦᠢᠯ ᠳᠤ ᠬᠤᠯᠪᠣᠭᠳᠠᠭᠰᠠᠨ ᠴᠤᠪᠤᠷᠠᠯ | ᠂ ᠴᠢᠬᠤᠯᠠ ᠨᠥᠬᠦᠴᠡᠯ᠂ ᠬᠦᠰᠦᠨᠦᠭᠲᠦ᠂ ᠰᠢᠢᠳᠪᠦᠷᠢᠯᠡᠵᠦ ᠳᠠᠭᠤᠰᠬᠠᠬᠤ ᠴᠠᠭ ᠤᠨ ᠬᠢᠵᠠᠭᠠᠷ ᠵᠡᠷᠭᠡ ᠠᠭᠤᠯᠭ᠎ᠠ ᠶᠢᠨ | ᠲᠣᠭᠤᠷᠢᠨ ᠳᠤ ᠭᠤᠤᠯᠳᠠᠯᠭ᠎ᠠ ᠲᠠᠢ ᠲᠥᠷᠥᠯ ᠵᠦᠢᠯ ᠤᠨ ᠲᠤᠰᠬᠠᠶ ᠲᠤᠰᠢᠶᠠᠯᠲᠤ ᠣᠷᠣᠯᠠᠨ ᠬᠦᠢᠴᠡᠳᠭᠡᠭᠴᠢ ᠳᠤ | ᠨᠠᠷᠢᠯᠢᠭ ᠳᠠᠶᠢᠯᠪᠦᠷᠢᠯᠠᠵᠦ ᠦᠭᠬᠦᠭᠰᠡᠨ ᠪᠥᠭᠡᠳ ᠲᠤᠰᠬᠠᠶ ᠲᠤᠰᠢᠶᠠᠯᠲᠤ ᠣᠷᠣᠯᠠᠨ ᠬᠦᠢᠴᠡᠳᠭᠡᠭᠴᠢ ᠶᠢᠨ | ᠳᠤᠷᠠᠳᠤᠭᠰᠠᠨ ᠠᠰᠠᠭᠤᠳᠠᠯ ᠳᠤ ᠨᠢᠭᠡᠳ ᠨᠢᠭᠡ ᠪᠠᠷ ᠬᠠᠷᠢᠭᠤᠯᠲᠠ ᠥᠭᠭᠦᠭᠰᠡᠨ ᠪᠠᠶᠢᠨ᠎ᠠ᠃ | | | | | ᠬᠤᠷᠠᠯ ᠠᠴᠠ ᠡᠯ᠎ᠡ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠠᠢ ᠰᠠᠨᠠᠯ ᠢᠶᠠᠨ ᠰᠣᠯᠢᠯᠴᠠᠭᠰᠠᠨ ᠪᠥᠭᠡᠳ | ᠴᠢᠬᠤᠯᠠᠴᠢᠯᠠᠭᠰᠠᠨ ᠨᠢ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠪᠠᠯᠠ | ᠣᠷᠣᠭᠤᠯᠤᠯᠲᠠ ᠶᠢᠨ ᠲᠥᠷᠥᠯ ᠵᠦᠢᠯ ᠤᠨ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡᠨ ᠤ ᠲᠥᠪ | ᠦᠢᠯᠡᠳᠦᠯ ᠢᠶᠠᠨ ᠤᠯᠠᠮ ᠴᠢᠨᠠᠭᠰᠢᠳᠠ ᠪᠠᠳᠠᠷᠠᠭᠤᠯᠤᠨ᠂ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ | ᠭᠤᠤᠯᠳᠠᠯᠭ᠎ᠠ ᠲᠠᠢ ᠲᠥᠷᠥᠯ ᠵᠦᠢᠯ ᠤᠨ ᠵᠥᠪᠯᠡᠯᠭᠡ ᠥᠭᠬᠦ᠂ ᠵᠢᠯᠣᠭᠤᠳᠬᠤ᠂ ᠵᠣᠬᠢᠴᠠᠭᠤᠯᠬᠤ᠂ ᠬᠠᠪᠰᠤᠷᠤᠨ | ᠬᠦᠢᠴᠡᠳᠭᠡᠬᠦ᠂ ᠣᠷᠣᠯᠠᠨ ᠬᠦᠢᠴᠡᠳᠭᠡᠬᠦ ᠦᠢᠯᠡᠴᠢᠯᠡᠭᠡ ᠶᠢ ᠰᠠᠶᠢᠲᠤᠷ ᠬᠢᠵᠦ᠂ ᠠᠵᠤ ᠠᠬᠤᠶᠢᠯᠠᠯ ᠳᠤ ᠠᠮᠢ | ᠨᠠᠰᠤᠨ ᠤ ᠦᠶᠡᠯᠡᠯ ᠤᠨ ᠬᠤᠭᠤᠴᠠᠭᠠᠨ ᠤ ᠦᠢᠯᠡᠴᠢᠯᠡᠭᠡᠨ ᠢ ᠦᠨᠡᠨᠬᠦ ᠬᠠᠩᠭᠠᠵᠤ᠂ ᠮᠠᠨ ᠤ ᠬᠤᠰᠢᠭᠤᠨ ᠤ | ᠭᠤᠤᠯᠳᠠᠯᠭ᠎ᠠ ᠲᠠᠢ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠤᠨ ᠪᠥᠲᠥᠭᠡᠨ ᠪᠠᠶᠢᠭᠤᠯᠬᠤ ᠶᠢ ᠪᠥᠬᠦ | ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ ᠭᠡᠵᠡᠢ᠃ | | ᠤᠷᠴᠢᠭᠤᠯᠤᠭᠰᠠᠨ ᠨᠢ᠄ ᠴᠡᠴᠡᠭ |