ᠪᠤᠶᠢᠷ ᠰᠤᠮᠤ ᠶᠢᠨ ᠨᠠᠮ ᠤᠨ ᠪᠠᠶᠢᠭᠤᠯᠤᠯᠳᠠ ᠢᠶᠠᠷ ᠬᠦᠳᠦᠯᠦᠨ ᠳᠠᠭᠠᠭᠤᠯᠵᠦ ᠦᠢᠯᠡᠴᠢᠯᠡᠭᠡᠨ ᠤ ᠴᠢᠳᠠᠪᠬᠢ  ᠶᠢ ᠴᠢᠩᠭᠠᠳᠬᠠᠨ ᠨᠠᠮ ᠤᠨ ᠭᠡᠰᠢᠬᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠦᠪ ᠤᠨ ᠠᠷᠠᠳ  ᠤᠨ ᠲᠦᠯᠦᠭᠡ ᠦᠢᠯᠡᠴᠢᠯᠡᠬᠦ ᠭᠤᠤᠯ ᠪᠠᠬᠢᠯᠡᠯᠳᠡ ᠶᠢᠨ ᠭᠠᠵᠠᠷ ᠢ ᠪᠠᠬᠢᠵᠢᠬᠦᠯᠬᠦ ᠠᠵᠢᠯ ᠢ ᠤᠶᠢᠯᠠᠭᠠᠭᠤᠯᠤᠶ᠎ᠠ
ᠨᠡᠶᠢᠲᠡᠯᠡᠭᠰᠡᠨ ᠴᠠᠭ᠄
2021/10/20
     ᠪᠤᠶᠢᠷ ᠰᠤᠮᠤ ᠶᠢᠨ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠠᠷᠠᠳ ᠤᠨ ᠲᠦᠯᠦᠭᠡ ᠦᠢᠯᠡᠴᠢᠯᠡᠬᠦ ᠴᠢᠳᠠᠪᠦᠷᠢ ᠶᠢ ᠪᠦᠬᠦ ᠳᠠᠯ᠎ᠠ ᠪᠠᠷ ᠳᠡᠭᠡᠭᠰᠢᠯᠡᠬᠦᠯᠬᠦ ᠶᠢᠨ ᠲᠦᠯᠦᠭᠡ᠂ ᠪᠤᠶᠢᠷ ᠰᠤᠮᠤ ᠶᠢᠨ ᠨᠠᠮ ᠤᠨ ᠬᠤᠷᠢᠶ᠎ᠠ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠨ᠂ ᠨᠡᠭᠡᠭᠡᠯᠳᠡᠳᠡᠢ᠂ ᠡᠷᠴᠢᠮᠵᠢᠭᠰᠡᠨ᠂ ᠬᠠᠮᠳᠤᠪᠡᠷ ᠡᠳ᠋ᠯᠡᠬᠦ ᠨᠠᠮ ᠤᠨ ᠭᠡᠰᠢᠬᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠦᠪ ᠤᠨ ᠪᠠᠬᠢᠯᠡᠯᠳᠡ ᠶᠢᠨ ᠭᠠᠵᠠᠷ ᠤᠨ ᠰᠢᠰᠲ᠋ᠧᠮ ᠢ ᠪᠠᠶᠢᠭᠤᠯᠵᠦ᠂ ︽ᠲᠠᠪᠤᠨ ᠭᠤᠷᠪᠠ︾ ᠶᠢᠨ ᠠᠭᠤᠯᠬᠤᠨ ᠢ ᠵᠦᠪ ᠤᠨᠤᠪᠴᠢᠳᠠᠢ ᠡᠵᠡᠮᠳᠡᠨ᠂ ︽ᠳᠠᠯᠠᠪᠤᠷ ᠭᠠᠵᠠᠷ ᠨᠢ ᠲᠦᠷᠢᠮᠵᠢᠭᠰᠡᠨ᠂ ᠦᠢᠯᠡᠳᠦᠯ ᠴᠢᠳᠠᠪᠬᠢ ᠨᠢ ᠪᠦᠷᠢᠨ ᠬᠦᠢᠴᠡᠳ᠂ ᠬᠠᠮᠢᠶᠠᠷᠤᠯᠳᠠ ᠨᠢ ᠡᠮᠬᠢ ᠳᠠᠷᠠᠭ᠎ᠠ ᠲᠠᠢ᠂ ᠦᠢᠯᠡᠴᠢᠯᠡᠭᠡᠨ ᠳᠤ ᠰᠠᠭᠤᠷᠢᠯᠠᠭᠰᠠᠨ᠂ ᠪᠤᠳᠠᠳᠦ ᠦᠷ᠎ᠡ ᠪᠦᠳᠦᠮᠵᠢ ᠨᠢ ᠢᠯᠡᠷᠭᠡᠢ︾ ᠪᠠᠶᠢᠬᠤ ᠪᠠᠷ ᠦᠨᠳᠦᠰᠦᠨ ᠱᠠᠳᠤᠨ ᠤ ᠵᠠᠷᠴᠢᠮ ᠪᠤᠯᠭᠠᠨ᠂ ᠤᠨᠴᠠᠯᠢᠭᠳᠦ ᠰᠤᠮᠤ ᠶᠢᠨ ᠨᠠᠮ ᠤᠨ ᠭᠡᠰᠢᠬᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠦᠪ ᠤᠨ ᠨᠡᠷᠡᠳᠦ ᠳᠡᠮᠳᠡᠭ ᠢ ᠪᠦᠬᠦ ᠬᠦᠴᠦᠨ ᠢᠶᠠᠷ ᠡᠭᠦᠳᠦᠨ᠎ᠡ᠃      ᠰᠠᠭᠤᠷᠢ ᠶᠢ ᠪᠠᠬᠢᠵᠢᠬᠦᠯᠦᠨ ᠬᠦᠳᠡᠯᠭᠡᠬᠦ ᠬᠦᠴᠦᠨ ᠢ ᠨᠡᠮᠡᠭᠳᠡᠬᠦᠯᠵᠦ᠂ ᠪᠠᠬᠢᠯᠡᠯᠳᠡ ᠶᠢᠨ ᠭᠠᠵᠠᠷ ᠤᠨ ᠦᠢᠯᠡᠳᠦᠯ ᠴᠢᠳᠠᠪᠬᠢ ᠶᠢᠨ ᠪᠠᠶᠢᠭᠤᠯᠤᠯᠳᠠ ᠶᠢ ᠴᠢᠩᠭᠠᠳᠬᠠᠨ᠎ᠠ      ᠪᠤᠶᠢᠷ ᠰᠤᠮᠤ ᠶᠢᠨ ᠨᠠᠮ ᠤᠨ ᠬᠤᠷᠢᠶ᠎ᠠ ᠨᠠᠮ ᠤᠨ ᠪᠠᠶᠢᠭᠤᠯᠤᠯᠳᠠ ᠪᠠᠷ ᠶᠡᠷᠦᠩᠬᠡᠶᠢᠯᠡᠨ ᠵᠠᠬᠢᠷᠬᠤ᠂ ᠭᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ᠨᠠᠮ ᠤᠨ ᠭᠡᠰᠢᠬᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠦᠪ ᠤᠨ ︽ᠤᠯᠤᠰ ᠲᠦᠷᠦ ᠶᠢᠨ ᠬᠦᠳᠦᠯᠦᠨ ᠳᠠᠭᠠᠭᠤᠯᠬᠤ᠂ ᠠᠷᠠᠳ ᠲᠦᠮᠡᠨ ᠳᠤ ᠦᠢᠯᠡᠴᠢᠯᠡᠬᠦ᠂ ᠦᠨᠳᠦᠰᠦᠨ ᠱᠠᠳᠤᠨ ᠤ ᠵᠠᠰᠠᠯᠳᠠ︾ ᠭᠡᠬᠦ ᠭᠤᠷᠪᠠᠨ ᠶᠡᠭᠡ ᠴᠢᠳᠠᠪᠬᠢ ᠶᠢ ᠳᠤᠪᠤᠶᠢᠯᠭᠠᠨ᠂ ᠮᠠᠨ ᠤ ᠰᠤᠮᠤ ᠶᠢᠨ ᠨᠠᠮ ᠤᠨ ᠭᠡᠰᠢᠬᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠦᠪ ᠢ ᠤᠯᠤᠰ ᠲᠦᠷᠦ ᠶᠢᠨ ᠦᠢᠯᠡᠳᠦᠯ ᠴᠢᠳᠠᠪᠬᠢ ᠳᠤᠪᠤᠶᠢᠮ᠎ᠠ᠂ ᠦᠢᠯᠡᠴᠢᠯᠡᠭᠡᠨ ᠤ ᠴᠢᠳᠠᠪᠬᠢ ᠨᠢ ᠤᠨᠴᠠᠯᠢᠭ ᠲᠠᠢ ᠤᠯᠠᠭᠠᠨ ᠪᠠᠬᠢᠯᠡᠯᠳᠡ ᠶᠢᠨ ᠭᠠᠵᠠᠷ ᠪᠤᠯᠭᠠᠨ ᠪᠠᠶᠢᠭᠤᠯᠬᠤ ᠪᠠᠷ ᠴᠢᠷᠮᠠᠶᠢᠨ᠎ᠠ᠃ ︽ᠳᠠᠯᠠᠪᠤᠷ ᠭᠠᠵᠠᠷ ᠢ ᠬᠠᠮᠳᠤᠪᠡᠷ ᠭᠡᠷᠡᠭᠯᠡᠬᠦ᠂ ᠡᠬᠢ ᠪᠠᠶᠠᠯᠢᠭ ᠢ ᠬᠠᠮᠳᠤᠪᠡᠷ ᠡᠳ᠋ᠯᠡᠬᠦ᠂ ᠠᠵᠢᠯᠯᠠᠭ᠎ᠠ ᠶᠢ ᠬᠠᠮᠳᠤᠪᠡᠷ ᠡᠷᠬᠢᠯᠡᠬᠦ᠂ ᠨᠡᠷᠡᠳᠦ ᠳᠡᠮᠳᠡᠭ ᠢ ᠬᠠᠮᠳᠤᠪᠠᠷ ᠡᠭᠦᠳᠬᠦ︾ ᠵᠠᠷᠴᠢᠮ ᠶᠤᠰᠤᠭᠠᠷ᠂ ︽ᠨᠡᠭᠡᠭᠡᠯᠳᠡᠳᠡᠢ᠂ ᠬᠠᠮᠳᠤᠪᠡᠷ ᠡᠳ᠋ᠯᠡᠬᠦ᠂ ᠠᠮᠢᠵᠢᠷᠠᠯ ᠤᠨ ᠬᠦᠴᠦᠨ ᠲᠠᠢ︾ ᠪᠠᠶᠢᠬᠤ ᠤᠶᠢᠯᠠᠭᠠᠭᠳᠠᠬᠤᠨ  ᠢᠶᠠᠷ ᠰᠤᠮᠤ ᠭᠠᠴᠠᠭ᠎ᠠ ᠬᠤᠶᠠᠷ ᠱᠠᠳᠤᠨ ᠤ ᠨᠠᠮ ᠤᠨ ᠭᠡᠰᠢᠬᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠦᠪ ︵ᠭᠠᠵᠠᠷ︶ ᠤᠨ ᠨᠢᠭᠡ ᠴᠤᠭᠴᠠᠵᠢᠨ ᠠᠵᠢᠯᠯᠠᠬᠤ ᠪᠠᠷ ᠬᠦᠴᠦᠯᠡᠬᠦ ᠴᠡᠭ ᠪᠤᠯᠭᠠᠨ᠂ ᠡᠬᠢ ᠪᠠᠶᠠᠯᠢᠭ ᠢ ᠨᠢᠭᠡᠳᠦᠯᠳᠡᠢ ᠲᠦᠯᠦᠪᠵᠢᠬᠦᠯᠬᠦ ᠴᠢᠳᠠᠪᠦᠷᠢ ᠪᠤᠯᠤᠨ ᠪᠠᠬᠢᠯᠡᠯᠳᠡ ᠶᠢᠨ ᠭᠠᠵᠠᠷ ᠤᠨ ᠦᠢᠯᠡᠴᠢᠯᠡᠭᠡᠨ ᠤ ᠬᠢᠷᠢ ᠲᠦᠪᠰᠢᠨ ᠢ ᠪᠦᠬᠦ ᠳᠠᠯ᠎ᠠ ᠪᠠᠷ ᠳᠡᠭᠡᠭᠰᠢᠯᠡᠬᠦᠯᠦᠨ᠎ᠡ᠃ ᠪᠤᠶᠢᠷ ᠰᠤᠮᠤ ᠶᠢᠨ ᠨᠠᠮ ᠤᠨ ᠭᠡᠰᠢᠬᠦᠨ ᠪᠠ ᠦᠢᠯᠡᠴᠢᠯᠡᠭᠡᠨ ᠤ ᠲᠦᠪ ᠤᠨ ᠪᠠᠷᠢᠯᠭ᠎ᠠ ᠶᠢᠨ ᠳᠠᠯᠠᠪᠠᠢ 1234 ᠳᠡᠭᠰᠢ ᠲᠦᠷᠪᠡᠯᠵᠢᠨ ᠮᠧᠲᠷ ᠪᠠᠶᠢᠵᠦ᠂ ᠠᠷᠠᠳ ᠲᠤ ᠲᠦᠬᠦᠮ ᠦᠵᠡᠬᠦᠯᠬᠦ ᠦᠢᠯᠡᠴᠢᠯᠡᠭᠡᠨ ᠤ ᠳᠤᠬᠠᠶᠢᠯᠠᠭᠰᠠᠨ ᠠᠵᠢᠯ ᠤᠨ ᠲᠢᠩᠬᠢᠮ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠭᠠᠵᠠᠷ᠂ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ ᠭᠠᠵᠠᠷ ᠵᠡᠷᠭᠡ ᠶᠢ ᠳᠤᠬᠢᠷᠠᠭᠤᠯᠵᠦ᠂ ᠨᠠᠮ ᠤᠨ ᠭᠡᠰᠢᠬᠦᠨ ᠤ ᠦᠢᠯᠡᠴᠢᠯᠡᠭᠡ᠂ ᠠᠷᠠᠳ ᠲᠤ ᠲᠦᠬᠦᠮ ᠦᠵᠡᠬᠦᠯᠬᠦ ᠦᠢᠯᠡᠴᠢᠯᠡᠭᠡ᠂ ᠰᠠᠶᠢᠨ ᠳᠤᠷᠠᠴᠤᠤᠯ ᠤᠨ ᠦᠢᠯᠡᠴᠢᠯᠡᠭᠡ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ᠂ ᠠᠵᠢᠯ ᠤᠯᠭᠤᠬᠤ ᠦᠢᠯᠡᠴᠢᠯᠡᠭᠡ᠂ ᠠᠷᠠᠳ  ᠤᠨ ᠶᠠᠪᠤᠳᠠᠯ ᠤᠨ ᠦᠢᠯᠡᠴᠢᠯᠡᠭᠡ᠂ ᠰᠦᠢᠳᠭᠡᠯ ᠳᠤᠰᠢᠶᠠᠬᠤ ᠦᠢᠯᠡᠴᠢᠯᠡᠭᠡ ᠵᠡᠷᠭᠡ ᠴᠤᠩᠬᠤᠪᠴᠢ ᠶᠢ ᠳᠤᠬᠢᠷᠠᠭᠤᠯᠤᠨ ᠂ ︽ᠨᠢᠭᠡ ᠦᠷᠲᠡᠭᠡ ᠮᠠᠶ᠋ᠢᠭ︾ ᠤᠨ ᠦᠢᠯᠡᠴᠢᠯᠡᠭᠡ ᠪᠤᠯᠤᠨ ︽ᠵᠢᠵᠢᠭ ᠴᠤᠩᠬᠤᠪᠴᠢ᠂ ᠳᠤᠮᠤ ᠦᠢᠯᠡᠴᠢᠯᠡᠭᠡ︾  ᠶᠢᠨ ᠦᠢᠯᠡᠳᠦᠯ ᠢ ᠬᠦᠢᠴᠡᠳ ᠪᠠᠳᠠᠷᠠᠭᠤᠯᠵᠦ᠂ ᠤᠯᠠᠨ ᠲᠦᠮᠡᠨ ᠲᠠᠢ ᠬᠠᠷᠢᠯᠴᠠᠵᠦ ᠤᠯᠠᠨ ᠲᠦᠮᠡᠨ ᠳᠤ ᠦᠢᠯᠡᠴᠢᠯᠡᠬᠦ ︽ᠬᠠᠮᠤᠭ ᠡᠴᠦᠰ ᠤᠨ ᠨᠢᠭᠡ ᠺᠢᠯᠤᠮᠧᠲᠷ︾ ᠢ ᠦᠨᠡᠨᠬᠦ ᠨᠡᠪᠲᠡᠷᠡᠬᠦᠯᠦᠨ᠎ᠡ᠃ ᠦᠢᠯᠡᠳᠦᠯ ᠴᠢᠳᠠᠪᠬᠢ  ᠶᠢᠨ ᠭᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠨᠤᠮ ᠤᠩᠰᠢᠬᠤ ᠦᠷᠦᠭᠡ᠂ ᠪᠡᠶ᠎ᠡ ᠴᠢᠬᠢᠷᠠᠭᠵᠢᠭᠤᠯᠬᠤ ᠬᠦᠳᠡᠯᠭᠡᠭᠡᠨ ᠤ ᠭᠡᠷ᠂ ᠤᠬᠠᠭᠤᠯᠭ᠎ᠠ ᠬᠦᠮᠦᠵᠢᠯ ᠤᠨ ᠳᠠᠰᠤᠭ᠂ ᠪᠡᠶ᠎ᠡ ᠰᠡᠳᠬᠢᠴᠡ ᠶᠢᠨ ᠯᠠᠪᠯᠠᠯᠭ᠎ᠠ ᠶᠢᠨ ᠳᠠᠰᠤᠭ᠂ ᠨᠠᠮ ᠤᠨ ᠭᠡᠰᠢᠬᠦᠨ ᠪᠠ ᠤᠯᠠᠨ ᠲᠦᠮᠡᠨ ᠤ ᠬᠦᠳᠡᠯᠭᠡᠭᠡᠨ ᠤ ᠭᠡᠷ᠂ ᠵᠠᠯᠠᠭᠤ ᠰᠠᠶᠢᠨ ᠳᠤᠷᠠᠴᠤᠳ ᠤᠨ ᠭᠡᠷ ᠵᠡᠷᠭᠡ ᠦᠢᠯᠡᠳᠦᠯ ᠴᠢᠳᠠᠪᠬᠢᠳᠦ ᠳᠠᠰᠤᠭ ᠢ ᠵᠤᠬᠢᠰᠳᠠᠢ ᠳᠤᠬᠢᠷᠠᠭᠤᠯᠤᠨ᠂ ᠤᠯᠤᠰ ᠲᠦᠷᠦ ᠶᠢᠨ ᠬᠦᠳᠦᠯᠦᠨ ᠳᠠᠭᠠᠭᠤᠯᠬᠤ᠂ ᠦᠵᠡᠯ ᠰᠠᠨᠠᠭᠠᠨ ᠤ ᠬᠦᠮᠦᠵᠢᠯ᠂ ᠨᠠᠶᠢᠳᠠᠪᠦᠷᠢᠵᠢᠭᠤᠯᠬᠤ ᠭᠡᠷᠡᠭ ᠵᠦᠢᠯᠡᠰ᠂ ᠨᠠᠮ ᠤᠨ ᠭᠡᠰᠢᠬᠦᠨ ᠪᠠ ᠤᠯᠠᠨ ᠲᠦᠮᠡᠨ ᠬᠠᠮᠳᠤᠪᠠᠷ ᠪᠠᠶᠢᠭᠤᠯᠬᠤ᠂ ᠦᠨᠳᠦᠰᠦᠨ ᠱᠠᠳᠤᠨ ᠤ ᠵᠠᠰᠠᠯᠳᠠ ᠵᠡᠷᠭᠡ ᠳᠠᠯ᠎ᠠ ᠶᠢ ᠠᠭᠤᠯᠵᠦ᠂ ᠦᠢᠯᠡᠴᠢᠯᠡᠭᠡᠨ ᠤ ᠠᠳᠠᠯᠢ ᠴᠢᠨᠠᠷᠯᠢᠭᠵᠢᠭᠰᠠᠨ ᠠᠰᠠᠭᠤᠳᠠᠯ ᠢ ᠴᠢᠷᠮᠠᠶᠢᠨ ᠰᠢᠢᠳᠪᠦᠷᠢᠯᠡᠨ᠂ ᠦᠢᠯᠡᠴᠢᠯᠡᠭᠡᠨ ᠤ ᠴᠢᠨᠠᠷ ᠪᠦᠳᠦᠮᠵᠢ ᠶᠢ ᠳᠡᠭᠡᠭᠰᠢᠯᠡᠬᠦᠯᠦᠭᠰᠡᠨ ᠪᠠᠶᠢᠨ᠎ᠠ᠃      ᠤᠳᠤ ᠪᠤᠯᠳᠠᠯ᠎ᠠ᠂ ᠡᠯ᠎ᠡ ᠦᠢᠯᠡᠳᠦᠯ ᠴᠢᠳᠠᠪᠬᠢᠳᠦ ᠳᠠᠰᠤᠭ ᠤᠨ ᠬᠢᠭᠰᠡᠨ ᠬᠤᠷᠠᠯ᠂ ᠬᠦᠮᠦᠵᠢᠯ ᠪᠤᠯᠪᠠᠰᠤᠷᠠᠯ᠂ ᠰᠤᠶᠤᠯ ᠳᠠᠮᠢᠷ ᠤᠨ ᠠᠵᠢᠯᠯᠠᠭ᠎ᠠ ᠶᠢ ᠨᠡᠶᠢᠳᠡ 158 ᠳᠠᠯᠠᠪᠤᠷ ᠤᠳᠠᠭ᠎ᠠ ᠦᠷᠨᠢᠬᠦᠯᠵᠦ᠂ ᠨᠠᠮ ᠤᠨ ᠭᠡᠰᠢᠬᠦᠨ ᠪᠠ ᠤᠯᠠᠨ ᠲᠦᠮᠡᠨ ᠳᠤ 3500 ᠭᠠᠷᠤᠢ ᠬᠦᠮᠦᠨ ᠤᠳᠠᠭ᠎ᠠ ᠦᠢᠯᠡᠴᠢᠯᠡᠵᠡᠢ᠃ ᠲᠤᠤᠷᠵᠢᠭᠤᠯᠬᠤ ᠵᠠᠰᠠᠯᠳᠠ ᠶᠢ ᠬᠤᠯᠪᠤᠭᠠᠯᠠᠨ ᠲᠦᠯᠬᠢᠨ ᠠᠬᠢᠭᠤᠯᠵᠦ᠂ ᠭᠠᠴᠠᠭᠠᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠳᠤᠤᠷᠠᠬᠢ ᠤᠯᠠᠨ ᠳᠠᠯ᠎ᠠ ᠶᠢᠨ ᠬᠤᠯᠪᠤᠭᠠᠯᠠᠬᠤ ᠲᠤᠭᠳᠠᠴᠠ ᠶᠢ ᠪᠠᠶᠢᠭᠤᠯᠤᠨ ᠳᠡᠬᠦᠯᠳᠡᠷᠵᠢᠬᠦᠯᠵᠦ᠂ ︽ᠨᠠᠮ ᠤᠨ ᠡᠭᠦᠷ + ᠳᠤᠤᠷᠵᠢᠭᠤᠯᠬᠤ ᠭᠡᠪᠴᠢᠶ᠎ᠡ + ᠤᠯᠠᠭᠠᠨ ᠪᠠᠬᠢᠯᠡᠯᠳᠡ ᠶᠢᠨ ᠡᠷᠦᠬᠡ︾ ᠶᠢᠨ ᠦᠢᠯᠡᠴᠢᠯᠡᠭᠡᠨ ᠤ ᠵᠠᠰᠠᠯᠳᠠ ᠶᠢᠨ ᠬᠡᠯᠪᠡᠷᠢ ᠶᠢ ᠭᠡᠷᠡᠭᠵᠢᠬᠦᠯᠪᠡ᠃ ᠤᠳᠤᠬᠠᠨ ᠳᠤ᠂ ᠵᠦᠷᠢᠴᠡᠯ ᠢ ᠰᠡᠷᠭᠡᠶᠢᠯᠡᠨ ᠨᠠᠮᠳᠠᠭᠤᠯᠬᠤ᠂ ᠨᠡᠶᠢᠬᠡᠮ ᠤᠨ ᠳᠤᠭᠳᠠᠭᠤᠨ ᠢ ᠰᠡᠷᠭᠡᠶᠢᠯᠡᠨ ᠡᠵᠡᠮᠳᠡᠬᠦ᠂ ᠮᠠᠯᠴᠢᠳ ᠤᠨ ᠬᠦᠰᠡᠯ ᠱᠠᠭᠠᠷᠳᠠᠯᠭ᠎ᠠ ᠶᠢ ᠴᠤᠭᠯᠠᠭᠤᠯᠬᠤ᠂ ᠮᠠᠯᠴᠢᠨ ᠲᠦᠮᠡᠨ ᠤ ︽ᠪᠠᠴᠢᠮ ᠬᠦᠴᠢᠷ ᠰᠠᠨᠠᠭᠠᠰᠢᠷᠠᠬᠤ ᠡᠷᠡᠮᠡᠯᠵᠡᠬᠦ︾ ᠶᠢ ᠰᠢᠢᠳᠪᠦᠷᠢᠯᠡᠵᠦ ᠦᠭᠬᠦ ᠵᠡᠷᠭᠡ ᠭᠡᠷᠡᠭ ᠵᠦᠢᠯᠡᠰ ᠢ 360 ᠬᠦᠮᠦᠨ ᠤᠳᠠᠭ᠎ᠠ ᠡᠷᠬᠢᠯᠡᠨ ᠬᠦᠢᠴᠡᠳᠭᠡᠵᠦ᠂ ᠮᠠᠯᠴᠢᠨ ᠲᠦᠮᠡᠨ ᠤ ᠬᠡᠷᠡᠭ ᠬᠦᠢᠴᠡᠳᠭᠡᠬᠦ ᠳᠠᠷᠤᠭᠠᠰᠦ ᠶᠢ ᠪᠦᠳᠦᠮᠵᠢᠳᠠᠢ ᠬᠦᠩᠭᠡᠯᠡᠨ᠂ ᠠᠷᠠᠳ ᠤᠨ ᠲᠦᠯᠦᠭᠡ ᠭᠡᠷᠡᠭ ᠬᠦᠢᠴᠡᠳᠭᠡᠬᠦ ᠦᠷ᠎ᠡ ᠪᠦᠳᠦᠮᠵᠢ ᠪᠤᠯᠤᠨ ᠦᠨᠳᠦᠰᠦᠨ ᠱᠠᠳᠤᠨ ᠤ ᠵᠠᠰᠠᠯᠳᠠ ᠶᠢᠨ ᠴᠢᠳᠠᠪᠦᠷᠢ ᠶᠢ ᠦᠨᠡᠨᠬᠦ ᠳᠡᠭᠡᠭᠰᠢᠯᠡᠬᠦᠯᠵᠦ᠂ ᠮᠠᠯᠴᠢᠨ ᠲᠦᠮᠡᠨ ᠤ ᠵᠤᠯ ᠵᠢᠷᠭᠠᠯ ᠤᠨ ᠲᠦᠷᠦᠭᠳᠡᠯ᠂ ᠬᠦᠷᠳᠡᠮᠵᠢ ᠶᠢᠨ ᠲᠦᠷᠦᠭᠳᠡᠯ ᠪᠤᠯᠤᠨ ᠠᠮᠦᠷ ᠲᠦᠪᠰᠢᠨ ᠤ ᠲᠦᠷᠦᠭᠳᠡᠯ ᠢ ᠤᠯᠠᠮ ᠴᠢᠨᠠᠭᠰᠢᠳᠠ ᠨᠡᠮᠡᠭᠳᠡᠬᠦᠯᠦᠭᠰᠡᠨ ᠪᠠᠶᠢᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号