ᠮᠠᠨ ᠤ ᠬᠤᠰᠢᠭᠤ ︽ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ ᠨᠢᠭᠤᠴᠠ ᠶᠢ ᠬᠠᠮᠠᠭᠠᠯᠠᠬᠤ ᠰᠡᠷᠭᠡᠶᠢᠯᠡᠯᠲᠡ ᠶᠢᠨ ᠱᠤᠭᠤᠮ ᠢ ᠪᠠᠳᠦ ᠪᠠᠬᠢ ᠴᠤᠭᠴᠠᠯᠠᠬᠤ︾ ᠨᠢᠭᠤᠴᠠ ᠶᠢ ᠬᠠᠮᠠᠭᠠᠯᠠᠬᠤ ᠤᠬᠠᠭᠤᠯᠭ᠎ᠠ ᠶᠢᠨ ᠰᠠᠷ᠎ᠠ ᠶᠢᠨ ᠭᠤᠤᠯ ᠰᠡᠳᠦᠪᠲᠦ ᠦᠵᠡᠭᠦᠯᠦᠯᠭᠡ ᠥᠷᠨᠢᠭᠦᠯᠪᠡ
ᠨᠡᠶᠢᠲᠡᠯᠡᠭᠰᠡᠨ ᠴᠠᠭ᠄
2021/10/21
     10 ᠰᠠᠷ᠎ᠠ ᠶᠢᠨ 20 ᠤ ᠡᠳᠦᠷ᠂ ᠬᠤᠰᠢᠭᠤᠨ ᠤ ᠨᠢᠭᠤᠴᠠ ᠶᠢ ᠬᠠᠮᠠᠭᠠᠯᠠᠬᠤ ᠵᠥᠪᠯᠡᠯ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ ︽ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ ᠨᠢᠭᠤᠴᠠ ᠶᠢ ᠬᠠᠮᠠᠭᠠᠯᠠᠬᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠴᠣᠭᠴᠠᠯᠠᠬᠤ︾ ᠨᠢᠭᠤᠴᠠ ᠶᠢ ᠬᠠᠮᠠᠭᠠᠯᠠᠬᠤ ᠤᠬᠠᠭᠤᠯᠭ᠎ᠠ ᠶᠢᠨ ᠰᠠᠷ᠎ᠠ ᠶᠢᠨ ᠭᠤᠤᠯ ᠰᠡᠳᠦᠪᠲᠦ ᠦᠵᠡᠭᠦᠯᠦᠯᠭᠡ ᠥᠷᠨᠢᠭᠦᠯᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ᠂ ᠬᠤᠰᠢᠭᠤᠨ ᠤ ᠨᠠᠮ ᠤᠨ ᠬᠤᠷᠢᠶ᠎ᠠ ᠶᠢᠨ ᠨᠢᠭᠤᠴᠠ ᠶᠢ ᠬᠠᠮᠠᠭᠠᠯᠠᠬᠤ ᠵᠥᠪᠯᠡᠯ ᠤᠨ ᠡᠷᠬᠢᠯᠡᠭᠴᠢ ᠯᠦ ᠰᠢᠨ ᠠᠵᠢᠯᠯᠠᠭ᠎ᠠ ᠳᠤ ᠣᠷᠣᠯᠴᠠᠵᠠᠶ᠃
        ᠠᠵᠢᠯᠯᠠᠭ᠎ᠠ ᠳᠤᠮᠳᠠ᠂ ᠯᠦ ᠰᠢᠨ ᠨᠠᠷ ᠨᠢᠭᠤᠴᠠ ᠶᠢ ᠬᠠᠮᠠᠭᠠᠯᠠᠬᠤ ᠤᠬᠠᠭᠤᠯᠭ᠎ᠠ ᠶᠢᠨ ᠦᠵᠡᠭᠦᠯᠦᠯᠭᠡ ᠶᠢ ᠳᠤᠭᠤᠷᠢᠨ ᠦᠵᠡᠪᠡ᠃ ᠲᠤᠰ ᠤᠳᠠᠭᠠᠨ ᠤ ᠦᠵᠡᠭᠦᠯᠦᠯᠭᠡ ᠶᠢ ᠡᠮᠦᠨᠡᠬᠢ ᠦᠭᠡ᠂ ᠰᠡᠷᠡᠮᠵᠢᠯᠡᠭᠦᠯᠬᠦ ᠬᠡᠷᠡᠭ ᠤᠨ ᠵᠢᠱᠢᠶ᠎ᠡ ᠵᠡᠷᠭᠡ ᠬᠤᠶᠠᠷ ᠭᠡᠰᠡᠭ ᠬᠤᠪᠢᠶᠠᠵᠤ᠂ ᠭᠤᠣᠯᠳᠠᠭᠤ ᠦᠰᠦᠭ ᠪᠢᠴᠢᠭ᠂ ᠵᠢᠷᠤᠭ᠂ ᠳᠠᠭᠤ ᠳᠦᠷᠰᠦ ᠰᠢᠩᠭᠡᠭᠡᠯᠲᠡ ᠵᠡᠷᠭᠡ ᠬᠡᠯᠪᠡᠷᠢ ᠪᠠᠷ᠂ ᠨᠢᠭᠤᠴᠠ ᠶᠢ ᠵᠠᠳᠠᠷᠠᠭᠤᠯᠤᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠶ ᠵᠠᠳᠠᠯᠤᠨ ᠰᠢᠨᠵᠢᠯᠡᠵᠦ᠂ ︽ᠨᠢᠭᠤᠴᠠ ᠶᠢ ᠬᠠᠮᠠᠭᠠᠯᠠᠬᠤ ᠬᠠᠤᠯᠢ︾᠂ ︽ᠤᠯᠤᠰ ᠤᠨ ᠠᠮᠤᠷ ᠲᠦᠪᠰᠢᠨ ᠤ ᠬᠠᠤᠯᠢ︾᠂ ︽ᠲᠠᠩᠨᠠᠭᠤᠯ ᠢ ᠡᠰᠡᠷᠭᠦᠴᠡᠬᠦ ᠬᠠᠤᠯᠢ︾ ᠵᠡᠷᠭᠡ ᠨᠢᠭᠤᠴᠠ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠬᠦ ᠪᠠ ᠤᠬᠠᠭᠤᠯᠤᠨ ᠬᠥᠮᠦᠵᠢᠭᠦᠯᠬᠦ ᠶᠢ ᠲᠡᠭᠦᠨ ᠤ ᠳᠣᠲᠣᠷ᠎ᠠ ᠳᠤᠤᠱᠯᠠᠭᠤᠯᠵᠦ᠂ ᠤᠳᠤᠷᠢᠳᠬᠤ ᠺᠠᠳ᠋ᠷ᠂ ᠨᠢᠭᠤᠴᠠ ᠳᠤ ᠬᠤᠯᠪᠣᠭᠳᠠᠬᠤ ᠬᠥᠮᠦᠰ᠂ ᠠᠯᠪᠠᠨ ᠲᠤᠰᠢᠶᠠᠯᠲᠠᠨ ᠪᠠ ᠨᠡᠶᠢᠭᠡᠮ ᠨᠡᠶᠢᠲᠡ ᠳᠤ ᠭᠦᠨᠵᠡᠭᠡᠶ ᠰᠤᠷᠭᠠᠮᠵᠢ ᠦᠭᠴᠦ᠂ ᠨᠢᠭᠤᠴᠠ ᠶᠢ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠨᠢᠭᠤᠴᠠ ᠶᠢ ᠬᠠᠮᠠᠭᠠᠯᠠᠬᠤ ᠶᠡᠷᠦ ᠶᠢᠨ ᠮᠡᠳᠡᠯᠭᠡ ᠪᠠ ᠨᠢᠭᠤᠴᠠ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠤᠨ ᠮᠡᠳᠡᠯᠭᠡ ᠶᠢ ᠤᠯᠠᠮ ᠴᠢᠨᠠᠭᠰᠢᠳᠠ ᠪᠠᠬᠢᠵᠢᠭᠦᠯᠦᠨ ᠳᠡᠭᠡᠭᠰᠢᠯᠡᠬᠦᠯᠬᠦ ᠪᠤᠯᠤᠨ᠎ᠠ᠃
        ᠡᠨᠡ ᠵᠢᠯ ᠤᠨ ᠨᠢᠭᠤᠴᠠ ᠶᠢ ᠬᠠᠮᠠᠭᠠᠯᠠᠬᠤ ᠬᠠᠤᠯᠢ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠨᠢ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ ᠨᠢᠭᠤᠴᠠ ᠶᠢ ᠬᠠᠮᠠᠭᠠᠯᠠᠬᠤ ᠰᠡᠷᠭᠡᠶᠢᠯᠡᠯᠲᠡ ᠶᠢᠨ ᠱᠤᠭᠤᠮ ᠢ ᠪᠠᠳᠦ ᠪᠠᠬᠢ ᠴᠤᠭᠴᠠᠯᠠᠬᠤ ᠪᠠᠷ ᠭᠤᠤᠯ ᠰᠡᠳᠦᠪ ᠪᠤᠯᠭᠠᠭᠰᠠᠨ ᠪᠠᠶᠢᠨ᠎ᠠ᠃ ᠡᠨᠡᠬᠦ ᠬᠤᠭᠤᠴᠠᠭᠠᠨ ᠳᠤ ᠨᠠᠮ ᠤᠨ ᠨᠢᠭᠤᠴᠠ ᠶᠢ ᠬᠠᠮᠠᠭᠠᠯᠠᠬᠤ ᠰᠢᠯᠢᠳᠡᠭ ᠤᠯᠠᠮᠵᠢᠯᠠᠯ ᠢ ᠵᠠᠯᠭᠠᠮᠵᠢᠯᠠᠬᠤ ᠤᠬᠠᠭᠤᠯᠭ᠎ᠠ᠂ ᠨᠢᠭᠤᠴᠠ ᠶᠢ ᠬᠠᠮᠠᠭᠠᠯᠠᠬᠤ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠳᠡᠯᠭᠡᠷᠡᠭᠦᠯᠬᠦ᠂ ᠨᠢᠭᠤᠴᠠ ᠶᠢ ᠬᠠᠮᠠᠭᠠᠯᠠᠬᠤ ᠬᠠᠤᠯᠢ ᠴᠠᠭᠠᠵᠠ ᠶᠢᠨ ᠰᠤᠷᠤᠯᠴᠠᠯᠭ᠎ᠠ ᠤᠬᠠᠭᠤᠯᠭ᠎ᠠ ᠵᠡᠷᠭᠡ ᠠᠵᠢᠯᠯᠠᠭ᠎ᠠ ᠶᠢ ᠥᠷᠨᠢᠭᠦᠯᠦᠨ᠎ᠡ᠃ ᠤᠳᠤᠷᠢᠳᠬᠤ ᠺᠠᠳ᠋ᠷ᠂ ᠨᠢᠭᠤᠴᠠ ᠳᠤ ᠬᠤᠯᠪᠣᠭᠳᠠᠬᠤ ᠬᠥᠮᠦᠰ᠂ ᠠᠯᠪᠠᠨ ᠲᠤᠰᠢᠶᠠᠯᠲᠠᠨ ᠪᠠ ᠨᠡᠶᠢᠭᠡᠮ ᠨᠡᠶᠢᠲᠡ ᠶᠢᠨ ᠰᠠᠨᠠᠭᠠᠰᠢᠷᠠᠨ ᠵᠣᠪᠠᠨᠢᠬᠤ ᠤᠬᠠᠮᠰᠠᠷ᠂ ᠠᠶᠤᠯ ᠲᠦᠭᠰᠢᠭᠦᠷᠢ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠢ ᠲᠠᠰᠤᠷᠠᠯᠳᠠ ᠦᠭᠡᠢ ᠴᠢᠩᠭᠠᠳᠬᠠᠵᠤ᠂ ᠰᠢᠨ᠎ᠡ ᠪᠠᠶᠢᠳᠠᠯ ᠳᠣᠣᠷᠠᠬᠢ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠲᠦᠢᠯ ᠤᠨ ᠴᠢᠬᠤᠯᠠ ᠴᠢᠨᠠᠷ ᠪᠠ ᠪᠣᠳᠠᠲᠤ ᠲᠤᠯᠭᠠᠮ᠎ᠠ ᠴᠢᠨᠠᠷ ᠢ ᠭᠦᠨᠵᠡᠭᠡᠶ ᠲᠠᠨᠢᠵᠤ᠂ ᠨᠠᠮ ᠪᠠ ᠤᠯᠤᠰ ᠤᠨ ᠨᠢᠭᠤᠴᠠ ᠶᠢᠨ ᠬᠠᠷᠢᠴᠠᠯᠠᠰᠢ ᠦᠭᠡᠢ ᠠᠮᠤᠷ ᠲᠦᠪᠰᠢᠨ ᠢ ᠦᠨᠡᠨ ᠬᠦ ᠪᠠᠲᠤᠯᠠᠬᠤ ᠪᠤᠯᠤᠨ᠎ᠠ᠃                      ᠤᠷᠴᠢᠭᠤᠯᠤᠭᠰᠠᠨ ᠨᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号