10 ᠰᠠᠷ᠎ᠠ ᠶᠢᠨ 20 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ | ᠰᠣᠯᠢᠬᠤ ᠠᠵᠢᠯ ᠤᠨ ᠬᠢᠨᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠴᠧᠨ ᠯᠦᠩ ᠪᠤᠠᠠᠳᠠᠠᠭᠤᠯᠠ ᠰᠤᠮᠤ᠂ ᠪᠤᠶᠢᠷ | ᠰᠤᠮᠤ ᠳᠤ ᠭᠦᠨᠵᠡᠭᠡᠶᠢᠷᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ | ᠰᠣᠩᠭᠤᠭᠤᠯᠢ ᠶᠢᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ | | | | | ᠬᠦᠷᠦᠭᠰᠡᠨ ᠭᠠᠵᠠᠷ ᠪᠣᠯᠭᠠᠨ ᠳᠤ᠂ ᠴᠧᠨ ᠯᠦᠩ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠠᠬᠢᠴᠠ ᠶᠢᠨ ᠪᠠᠶᠢᠳᠠᠯ ᠢ ᠨᠠᠷᠢᠯᠢᠭ ᠤᠶᠢᠯᠠᠭᠠᠬᠤ ᠶᠢᠨ | ᠬᠠᠮᠳᠦ ᠱᠠᠭᠠᠷᠳᠠᠭᠰᠠᠨ ᠨᠢ᠂ ᠡᠯ᠎ᠡ ᠰᠤᠮᠤ ᠬᠤᠭᠤᠴᠠᠭ᠎ᠠ ᠰᠣᠯᠢᠬᠤ ᠠᠵᠢᠯ ᠢ ᠰᠠᠶᠢᠲᠤᠷ ᠬᠢᠬᠦ ᠴᠢᠬᠤᠯᠠ ᠶᠡᠭᠡ ᠠᠴᠢ | ᠬᠤᠯᠪᠣᠭᠳᠠᠯ ᠢ ᠬᠦᠢᠴᠡᠳ ᠲᠠᠨᠢᠵᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠡᠯ᠎ᠡ ᠵᠦᠢᠯ ᠤᠨ | ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ᠃ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠠᠩᠭᠢᠯᠠᠭ᠎ᠠ ᠶᠢᠨ | ᠭᠤᠭᠴᠤᠭ᠎ᠠ ᠶᠢ ᠡᠵᠡᠮᠳᠡᠨ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠳᠠᠯᠠᠵᠤ᠂ ᠶᠠᠷᠢᠶ᠎ᠠ ᠬᠡᠯᠡᠯᠴᠡᠭᠡᠨ ᠤ | ᠤᠬᠠᠭᠤᠯᠭ᠎ᠠ ᠶᠢ ᠴᠢᠩᠭᠠᠳᠬᠠᠨ᠂ ᠬᠤᠭᠤᠴᠠᠭ᠎ᠠ ᠰᠣᠯᠢᠬᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ | ᠠᠮᠢᠰᠬᠤᠯ ᠢ ᠪᠣᠶ ᠪᠣᠯᠭᠠᠬᠤ ᠬᠡᠷᠡᠭᠲᠡᠶ᠃ ᠬᠤᠯᠪᠣᠭᠳᠠᠯ ᠪᠦᠬᠦᠢ ᠳᠠᠩᠰᠠ ᠡᠪᠬᠡᠮᠡᠯ ᠤᠨ ᠮᠠᠲ᠋ᠧᠷᠢᠶᠠᠯ ᠢ ᠡᠮᠬᠢᠯᠡᠬᠦ᠂ | ᠲᠡᠭᠦᠯᠳᠡᠷᠵᠢᠭᠦᠯᠬᠦ᠂ ᠳᠠᠩᠰᠠ ᠡᠪᠬᠡᠮᠡᠯ ᠳᠤ ᠣᠷᠣᠭᠤᠯᠬᠤ ᠠᠵᠢᠯ ᠢ ᠴᠢᠩᠭᠠᠳᠬᠠᠵᠤ᠂ ᠣᠯᠠᠨ ᠲᠦᠮᠡᠨ ᠤ ᠬᠢᠨᠠᠯᠲᠠ᠂ | ᠲᠡᠦᠬᠡ ᠶᠢᠨ ᠰᠢᠯᠭᠠᠯᠲᠠ ᠶᠢ ᠳᠠᠭᠠᠭᠠᠵᠤ ᠴᠢᠳᠠᠬᠤ ᠶᠢ ᠪᠠᠲᠤᠯᠠᠬᠤ ᠬᠡᠷᠡᠭᠲᠡᠶ ᠭᠡᠵᠡᠢ᠃ | | | | | ᠪᠤᠠᠠᠳᠠᠠᠭᠤᠯᠠ ᠰᠤᠮᠤᠨ ᠳᠤ ᠶᠠᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ | ᠰᠣᠯᠢᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠵᠤ ᠪᠠᠶᠢᠭ᠎ᠠ ᠬᠥᠯᠥᠨ ᠪᠤᠶᠢᠷ ᠬᠤᠳᠠ ᠶᠢᠨ ᠠᠷᠪᠠᠨ ᠭᠤᠷᠪᠠᠳᠤᠭᠠᠷ | ᠬᠤᠭᠤᠴᠠᠭᠠᠨ ᠤ ᠬᠤᠭᠤᠴᠠᠭ᠎ᠠ ᠰᠣᠯᠢᠬᠤ ᠠᠵᠢᠯ ᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠪᠠᠶᠠᠠᠪᠠᠷᠰ ᠪᠠᠰᠠ | ᠪᠣᠳᠠᠲᠠᠢ ᠠᠵᠢᠯ ᠤᠨ ᠲᠤᠬᠠᠢ ᠱᠠᠭᠠᠷᠳᠠᠯᠭ᠎ᠠ ᠳᠤᠷᠠᠳᠴᠦ᠂ ᠴᠢᠬᠤᠯᠠᠴᠢᠯᠠᠬᠤ ᠳᠠᠭᠠᠨ᠂ ᠪᠤᠠᠠᠳᠠᠠᠭᠤᠯᠠ ᠰᠤᠮᠤ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠭᠤᠴᠠᠭ᠎ᠠ ᠰᠣᠯᠢᠬᠤ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠨ᠂ | ᠠᠵᠢᠯ ᠤᠨ ᠶᠠᠪᠤᠴᠠ ᠶᠢ ᠨᠠᠷᠢᠯᠢᠬᠵᠢᠭᠤᠯᠵᠤ᠂ ᠠᠵᠢᠯᠯᠠᠬᠤ ᠠᠷᠭ᠎ᠠ ᠬᠡᠮᠵᠢᠶ᠎ᠡ ᠪᠠ ᠠᠯᠬᠤᠮ ᠳᠠᠷᠠᠭ᠎ᠠ ᠶᠢ | ᠲᠦᠷᠢᠮᠵᠢᠬᠦᠯᠦᠨ᠂ ᠬᠤᠭᠤᠴᠠᠭ᠎ᠠ ᠰᠣᠯᠢᠬᠤ ᠠᠵᠢᠯ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠡᠷᠡᠰ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠭᠤᠴᠠᠭ᠎ᠠ ᠰᠣᠯᠢᠬᠤ ᠠᠵᠢᠯ ᠤᠨ ᠰᠤᠷᠲᠠᠯ ᠴᠢᠬᠡᠴᠢ ᠣᠪᠣᠷ ᠲᠥᠪ | ᠪᠠᠶᠢᠬᠤ ᠶᠢ ᠪᠠᠲᠤᠯᠠᠬᠤ ᠬᠡᠷᠡᠭᠲᠡᠶ᠃ ᠭᠤᠤᠯᠳᠠᠯᠭ᠎ᠠ ᠲᠠᠢ ᠤᠯᠠᠨ ᠲᠦᠮᠡᠨ᠂ ᠠᠶᠤᠯ ᠲᠦᠭᠰᠢᠭᠦᠷᠢ ᠶᠢᠨ ᠳᠠᠯᠳᠠ ᠬᠡᠮ᠂ | ᠵᠠᠩᠭᠢᠯᠠᠭ᠎ᠠ ᠶᠢᠨ ᠭᠤᠭᠴᠤᠭ᠎ᠠ ᠵᠡᠷᠭᠡ ᠬᠤᠭᠤᠴᠠᠭ᠎ᠠ ᠰᠣᠯᠢᠬᠤ ᠬᠡᠪ ᠰᠤᠷᠲᠠᠯ ᠳᠤ ᠬᠢᠨᠠᠯᠲᠠ ᠲᠠᠯᠪᠢᠬᠤ ᠠᠵᠢᠯ ᠤᠨ | ᠭᠤᠤᠯᠳᠠᠯᠭ᠎ᠠ ᠶᠢ ᠴᠢᠩᠭ᠎ᠠ ᠠᠩᠬᠠᠷᠴᠤ᠂ ᠵᠢᠯᠣᠭᠤᠳᠤᠨ ᠰᠢᠮᠳᠠᠭᠤᠯᠤᠨ ᠪᠠᠶᠢᠴᠠᠭᠠᠬᠤ ᠠᠵᠢᠯ ᠢ ᠴᠢᠩᠭ᠎ᠠ ᠪᠥᠭᠡᠳ | ᠪᠣᠳᠠᠲᠠᠶ ᠪᠠᠷ ᠰᠠᠶᠢᠲᠤᠷ ᠬᠢᠵᠦ᠂ ᠬᠤᠭᠤᠴᠠᠭ᠎ᠠ ᠰᠣᠯᠢᠬᠤ ᠠᠵᠢᠯ ᠢ ᠡᠮᠬᠢ ᠵᠢᠷᠤᠮ ᠲᠠᠢ ᠪᠥᠭᠡᠳ ᠡᠷᠡᠭᠦᠯ | ᠲᠣᠭᠲᠠᠭᠤᠨ ᠢᠶᠠᠷ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠬᠡᠵᠡᠢ᠃ | ᠴᠧᠨ ᠯᠦᠩ ᠨᠡᠷ ᠪᠠᠰᠠ ᠪᠤᠶᠢᠷ ᠰᠤᠮᠤ ᠶᠢᠨ ᠮᠤᠷᠢᠨᠲᠠᠯᠠ ᠭᠠᠴᠠᠭ᠎ᠠ ᠶᠢᠨ ᠬᠠᠷᠢᠶ᠎ᠠ ᠣᠷᠣᠨ ᠤ ᠬᠥᠯᠥᠨ | ᠨᠠᠭᠤᠷ ᠤᠨ ᠬᠠᠮᠠᠭᠠᠯᠠᠯᠲᠠ ᠶᠢᠨ ᠣᠷᠣᠨ ᠳᠤ ᠬᠤᠯᠤᠭᠠᠨ᠎ᠠ ᠤᠰᠠᠳᠬᠠᠬᠤ ᠠᠵᠢᠯ ᠥᠷᠨᠢᠭᠦᠯᠵᠡᠢ᠃ | ᠤᠷᠴᠢᠭᠤᠯᠤᠭᠰᠠᠨ ᠨᠢ᠄ ᠴᠡᠴᠡᠭ | | |