10 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠪᠦᠬᠦ | ᠬᠤᠰᠢᠭᠤᠨ ᠤ ᠨᠤᠲᠤᠭ ᠪᠡᠯᠴᠢᠭᠡᠷ ᠤᠶᠢᠳᠦ ᠭᠠᠵᠠᠷ ᠢ ᠡᠪᠳᠡᠬᠦ ᠬᠠᠤᠯᠢ ᠳᠦᠷᠢᠮ ᠠᠴᠠ ᠵᠥᠷᠢᠴᠡᠭᠰᠡᠨ ᠠᠵᠢᠯᠯᠠᠭ᠎ᠠ ᠶᠢ | ᠲᠤᠰᠬᠠᠶ ᠴᠡᠭᠴᠡᠯᠡᠨ ᠵᠠᠰᠠᠬᠤ ᠠᠵᠢᠯ ᠢ ᠲᠦᠯᠬᠢᠨ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠲᠤᠰᠬᠠᠶ | ᠴᠡᠭᠴᠡᠯᠡᠨ ᠵᠠᠰᠠᠬᠤ ᠠᠵᠢᠯ ᠢ ᠳᠥᠯᠭᠢᠨ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠲᠠᠷᠠᠭᠠᠴᠢ ᠶᠢᠨ ᠠᠯᠬᠤᠮ | ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠬᠠᠷᠠᠯᠳᠠᠳᠦ ᠡᠭᠦᠷᠭᠡ ᠶᠢ ᠤᠯᠠᠮ ᠴᠢᠨᠠᠭᠰᠢᠳᠠ ᠲᠣᠳᠣᠷᠬᠠᠶᠢᠯᠠᠨ᠂ | ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ | ᠲᠥᠪᠯᠡᠷᠡᠭᠦᠯᠦᠨ ᠴᠡᠭᠴᠡᠯᠡᠨ ᠵᠠᠰᠠᠬᠤ ᠱᠠᠲᠤᠨ ᠳᠠᠬᠢ ᠡᠯ᠎ᠡ ᠵᠦᠢᠯ ᠤᠨ ᠠᠵᠢᠯ ᠢ ᠥᠨᠳᠥᠷ ᠦᠷ᠎ᠡ ᠪᠦᠲᠦᠮᠵᠢᠲᠡᠶ ᠪᠠᠷ | ᠳᠥᠯᠭᠢᠨ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃ ᠬᠤᠰᠢᠭᠤᠨ ᠤ ᠤᠳᠤᠷᠢᠳᠤᠯᠭ᠎ᠠ ᠵᠢᠶᠠ ᡁᠢ ᠺᠦᠢ᠂ | ᠯᠦᠸᠧ ᠴᠧᠩ ᠭᠤᠸᠠᠩ᠂ ᠯᠦ ᠰᠢᠨ᠂ ᠳ᠋ᠦ᠋ ᠴᠧᠩ᠂ ᠳᠠᠯᠠᠶᠢᠪᠠᠲᠤ᠂ ᠸᠠᠩ ᠰᠢᠶᠤᠤ ᠹᠸᠢ ᠵᠢᠴᠢ ᠡᠯ᠎ᠡ ᠬᠠᠮᠢᠶ᠎ᠠ | ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃ | | | | | ᠬᠤᠷᠠᠯ ᠠᠴᠠ ᠡᠯ᠎ᠡ ᠲᠤᠰᠬᠠᠢ ᠲᠦᠷᠦᠯ ᠤᠨ ᠳᠤᠭᠤᠶᠢᠯᠠᠩ ᠤᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠪᠠ᠃ ᠪᠦᠬᠡᠪᠠᠶᠠᠷ ᠵᠢᠭᠠᠵᠤ ᠭᠠᠷᠭᠠᠬᠤ ᠳᠠᠭᠠᠨ᠂ ᠨᠤᠲᠤᠭ ᠪᠡᠯᠴᠢᠭᠡᠷ ᠣᠶᠢᠲᠤ | ᠭᠠᠵᠠᠷ ᠢ ᠡᠪᠳᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠪᠤᠯ | ᠥᠪᠡᠷᠲᠡᠭᠡᠨ ᠵᠠᠰᠠᠬᠤ ᠣᠷᠣᠨ ᠠᠴᠠ ᠶᠡᠷᠦᠩᠬᠡᠶ ᠱᠦᠵᠢ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ ᠭᠠᠷᠭᠠᠭᠰᠠᠨ ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠶᠢᠨ | ᠪᠠᠶᠢᠷᠢᠯᠠᠭᠤᠯᠤᠯᠲᠠ ᠪᠣᠯᠤᠨ᠎ᠠ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ | ᠬᠠᠯᠬᠠᠪᠴᠢ ᠶᠢ ᠪᠠᠬᠢᠵᠢᠭᠦᠯᠬᠦ ᠪᠣᠳᠠᠲᠠᠶ ᠠᠷᠭ᠎ᠠ ᠬᠡᠮᠵᠢᠶ᠎ᠡ ᠮᠥᠨ᠂ ᠠᠮᠢ ᠠᠬᠤᠶ ᠶᠢ ᠤᠷᠢᠳᠠᠪᠠᠷ ᠪᠤᠳᠤᠯᠬᠢᠯᠠᠨ᠂ | ᠪᠣᠬᠢᠷᠲᠤᠯ ᠥᠬᠡᠶ ᠬᠦᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ | ᠵᠠᠮ ᠢᠶᠠᠷ ᠰᠠᠶᠢᠲᠤᠷ ᠵᠠᠮᠨᠠᠬᠤ ᠪᠣᠳᠠᠲᠤ ᠠᠵᠢᠯᠯᠠᠭ᠎ᠠ ᠮᠥᠨ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠬᠦ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠶᠢ ᠬᠤᠷᠢᠭᠯᠠᠬᠤ ᠲᠤᠯᠭᠠᠮ᠎ᠠ | ᠱᠠᠭᠠᠷᠳᠠᠯᠭ᠎ᠠ ᠮᠥᠨ ᠪᠣᠯᠬᠤᠷ ᠬᠠᠷᠢᠭᠤᠴᠠᠯᠭ᠎ᠠ ᠬᠦᠨᠳᠦ᠂ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ᠃ ᠡᠯ᠎ᠡ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ | ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠤᠯᠠᠮ ᠴᠢᠨᠠᠭᠰᠢᠳᠠ | ᠳᠡᠭᠡᠭᠰᠢᠯᠡᠭᠦᠯᠵᠦ᠂ ᠨᠠᠩ ᠢᠯᠡ ᠲᠣᠳᠣ ᠣᠪᠣᠷ᠂ ᠨᠠᠩ ᠬᠦᠴᠦᠲᠡᠶ ᠠᠷᠭ᠎ᠠ ᠬᠡᠮᠵᠢᠶ᠎ᠡ᠂ ᠨᠠᠩ ᠯᠠᠪᠳᠠᠭᠤᠨ ᠪᠠᠲᠤᠲᠠᠶ | ᠰᠤᠷᠲᠠᠯ ᠢᠶᠠᠷ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠪᠥᠬᠦ | ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠦᠨᠡᠨ ᠪᠣᠳᠠᠲᠠᠶ ᠠᠵᠢᠯ ᠤᠨ ᠦᠷ᠎ᠡ ᠪᠦᠲᠦᠮᠵᠢ ᠤᠯᠬᠤ ᠶᠢ ᠦᠨᠡᠨ ᠬᠦ | ᠪᠠᠲᠤᠯᠠᠬᠤ ᠬᠡᠷᠡᠭᠲᠡᠶ ᠭᠡᠵᠡᠶ᠃ | ᠪᠦᠬᠡᠪᠠᠶᠠᠷ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠶᠡᠭᠡ ᠬᠡᠷᠡᠭ ᠴᠢᠬᠤᠯᠠ ᠬᠡᠷᠡᠭ ᠢ | ᠴᠢᠩᠭ᠎ᠠ ᠠᠩᠬᠠᠷᠴᠤ᠂ ᠠᠰᠠᠭᠤᠳᠠᠯ ᠲᠠᠢ ᠬᠡᠷᠡᠭ ᠢ ᠴᠡᠭᠴᠡᠯᠡᠨ ᠰᠠᠶᠢᠵᠢᠷᠠᠭᠤᠯᠬᠤ ᠶᠢ ᠡᠮᠬᠢ ᠵᠢᠷᠤᠮ ᠲᠠᠢ ᠠᠬᠢᠭᠤᠯᠬᠤ | ᠬᠡᠷᠡᠭᠲᠡᠢ᠃ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠡᠵᠡᠮᠳᠡᠨ᠂ ᠠᠵᠢᠯ ᠤᠨ ᠬᠤᠭᠤᠴᠠᠭ᠎ᠠ ᠶᠢ | ᠲᠣᠩᠭᠤᠷᠠᠭᠤᠯᠤᠨ ᠵᠢᠭᠰᠠᠭᠠᠵᠤ᠂ ᠲᠦᠯᠦᠪᠯᠡᠭᠡ ᠳᠤᠭᠳᠠᠭᠠᠨ ᠪᠠᠶᠢᠯᠳᠤᠵᠤ᠂ ᠴᠡᠭᠴᠡᠯᠡᠨ ᠵᠠᠰᠠᠬᠤ ᠬᠠᠷᠠᠯᠲᠠ ᠶᠢᠨ | ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠲᠤᠰᠬᠠᠶ ᠴᠡᠭᠴᠡᠯᠡᠨ | ᠵᠠᠰᠠᠬᠤ ᠠᠵᠢᠯᠯᠠᠭ᠎ᠠ ᠶᠢᠨ ᠴᠡᠭᠴᠡᠯᠡᠨ ᠰᠠᠶᠢᠵᠢᠷᠠᠭᠤᠯᠬᠤ ᠱᠠᠲᠤᠨ ᠳᠠᠬᠢ ᠴᠠᠭ ᠪᠠᠴᠢᠮ᠂ ᠡᠭᠦᠷᠭᠡ ᠬᠦᠨᠳᠦ᠂ ᠡᠯ᠎ᠡ | ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ | ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠨ᠂ ᠠᠵᠢᠯ ᠢᠶᠠᠨ ᠠᠳᠬᠤᠵᠤ᠂ ᠠᠵᠢᠯ ᠢᠶᠠᠨ ᠠᠬᠢᠭᠤᠯᠬᠤ ᠬᠦᠴᠦᠷᠬᠡᠭ ᠶᠡᠭᠡ | ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠮᠠᠨ ᠤ ᠬᠤᠰᠢᠭᠤᠨ ᠤ 10 ᠵᠢᠯ ᠤᠨ ᠲᠤᠷᠰᠢᠬᠢ ᠨᠤᠲᠤᠭ ᠪᠡᠯᠴᠢᠭᠡᠷ | ᠣᠶᠢᠲᠤ ᠭᠠᠵᠠᠷ ᠢ ᠡᠪᠳᠡᠭᠰᠡᠨ ᠬᠠᠤᠯᠢ ᠲᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠥᠬᠦ ᠲᠠᠯ᠎ᠠ ᠪᠠᠷ | ᠴᠡᠭᠴᠡᠯᠡᠨ ᠰᠠᠶᠢᠵᠢᠷᠠᠭᠤᠯᠵᠤ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠴᠢᠬᠤᠯᠠ | ᠬᠠᠯᠬᠠᠪᠴᠢ ᠶᠢ ᠪᠠᠬᠢᠵᠢᠭᠦᠯᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ ᠭᠡᠵᠡᠢ᠃ | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠲᠤᠰ ᠲᠤᠰ ᠤᠨ ᠰᠠᠨᠠᠯ ᠰᠠᠨᠠᠭᠤᠯᠭ᠎ᠠ | ᠪᠠᠨ ᠳᠤᠷᠠᠳᠪᠠ᠃ | ᠤᠷᠴᠢᠭᠤᠯᠤᠭᠰᠠᠨ ᠨᠢ᠄ ᠴᠡᠴᠡᠭ |