ᠮᠠᠨ ᠤ ᠬᠤᠰᠢᠭᠤ ᠨᠠᠮ ᠤᠨ ᠪᠤᠰᠤ ᠡᠲᠡᠭᠡᠳ ᠤᠨ ᠬᠢᠨ ᠤ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠣᠨᠣᠯ ᠤᠨ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2021/10/25
     10 ᠰᠠᠷ᠎ᠠ ᠶᠢᠨ 19 ᠤ ᠡᠳᠦᠷ ᠠᠴᠠ 21 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠬᠤᠰᠢᠭᠤᠨ ᠤ ᠨᠡᠶᠢᠭᠡᠮ ᠵᠢᠷᠤᠮ ᠤᠨ ᠰᠤᠷᠭᠠᠭᠤᠯᠢ ᠬᠠᠮᠲᠤᠷᠠᠨ ᠪᠥᠬᠦ ᠬᠤᠰᠢᠭᠤᠨ ᠤ ᠨᠠᠮ ᠤᠨ ᠪᠤᠰᠤ ᠡᠲᠡᠭᠡᠳ ᠤᠨ ᠬᠢᠨ ᠤ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠭᠢᠯᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢ ᠵᠢᠶᠠᠨ ᠬᠤᠷᠠᠯ ᠳᠤ ᠣᠷᠣᠯᠴᠠᠵᠠᠶ᠃ ᠪᠥᠬᠦ ᠬᠤᠰᠢᠭᠤᠨ ᠤ ᠡᠯ᠎ᠡ ᠰᠤᠮᠤ ᠪᠠᠯᠭᠠᠰᠦ ᠶᠢᠨ ᠨᠢᠭᠡᠳᠦᠮᠡᠯ ᠹᠷᠣᠨᠲ ᠤᠨ ᠭᠡᠰᠢᠭᠦᠨ ᠪᠠ ᠨᠢᠭᠡᠳᠦᠮᠡᠯ ᠹᠷᠣᠨᠲ ᠤᠨ ᠠᠵᠢᠯᠯᠠᠭᠴᠢ᠂ ᠨᠠᠮ ᠪᠦᠯᠦᠭ ᠤᠨ ᠪᠤᠰᠤ ᠬᠥᠮᠦᠰ᠂ ᠨᠠᠮ ᠤᠨ  ᠪᠤᠰᠤ ᠰᠡᠬᠡᠭᠡᠲᠡᠨ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ᠂ ᠱᠠᠰᠢᠨ ᠰᠤᠷᠲᠠᠬᠤᠨ ᠤ ᠡᠲᠡᠭᠡᠳ ᠤᠨ ᠬᠢᠨ ᠵᠢᠴᠢ ᠭᠠᠳᠠᠭᠠᠳᠤ ᠳᠤ ᠰᠤᠷᠤᠯᠴᠠᠭᠰᠠᠨ ᠬᠡᠰᠡᠭ ᠰᠤᠷᠤᠭᠴᠢᠳ ᠤᠨ ᠲᠥᠯᠥᠭᠡᠯᠡᠭᠴᠢ ᠵᠡᠷᠭᠡ 130 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠵᠠᠶ᠃
        ᠲᠣᠰ ᠤᠳᠠᠭᠠᠨ ᠤ ᠪᠣᠯᠪᠠᠰᠤᠷᠠᠯ ᠤᠨ ᠠᠩᠭᠢ ᠳᠤ ᠣᠨᠣᠯ ᠤᠨ ᠰᠤᠷᠤᠯᠴᠠᠯᠭ᠎ᠠ ᠶᠢᠨ 7 ᠬᠢᠴᠢᠶᠡᠯ ᠤᠨ ᠴᠠᠭ ᠲᠣᠬᠢᠷᠠᠭᠤᠯᠵᠤ᠂ ᠬᠤᠪᠢᠰᠬᠠᠯ ᠤᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠲᠤᠬᠠᠶ ᠶᠢᠨ ᠲᠠᠯᠠᠪᠤᠷ ᠤᠨ ᠬᠢᠴᠢᠶᠡᠯ ᠬᠥᠮᠦᠵᠢᠯ ᠤᠨ 1 ᠬᠢᠴᠢᠶᠡᠯ ᠤᠨ ᠴᠠᠭ ᠲᠣᠬᠢᠷᠠᠭᠤᠯᠵᠠᠶ᠃ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ 5 ᠲᠤᠰᠬᠠᠶ ᠬᠢᠴᠢᠶᠡᠯ ᠤᠨ ᠪᠠᠭᠰᠢ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠲᠦᠷᠢᠮ︾ ᠵᠡᠷᠭᠡ ᠠᠭᠤᠯᠭ᠎ᠠ ᠶᠢᠨ ᠲᠣᠭᠤᠷᠢᠨ ᠳᠤ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ ᠣᠨᠣᠯ ᠤᠨ ᠲᠠᠶᠢᠯᠤᠮᠵᠢ ᠬᠢᠪᠠ᠃
        ᠪᠣᠯᠪᠠᠰᠤᠷᠠᠯ ᠳᠤ ᠪᠠᠰᠠ ᠰᠤᠷᠤᠭᠴᠢᠳ ᠢ ᠵᠣᠬᠢᠶᠠᠨ ᠪᠠᠶᠢᠭᠤᠯᠤᠨ ᠮᠠᠨᠵᠤᠤᠷ ᠤᠨ ᠺᠠᠳ᠋ᠷ ᠤᠨ ᠳᠡᠭᠡᠳᠦ ᠰᠤᠷᠭᠠᠭᠤᠯᠢ ᠶᠢᠨ ᠬᠤᠪᠢᠰᠬᠠᠯ ᠤᠨ ᠬᠥᠮᠦᠵᠢᠯ ᠤᠨ ᠰᠠᠭᠤᠷᠢᠨ ᠳᠤ ᠣᠴᠢᠭᠤᠯᠵᠤ ᠬᠤᠪᠢᠰᠬᠠᠯ ᠤᠨ ᠤᠯᠠᠮᠵᠢᠯᠠᠯ ᠪᠠ ᠬᠦᠰᠡᠯᠡᠩ ᠢᠲᠡᠭᠡᠯ ᠪᠢᠰᠢᠷᠡᠯ ᠤᠨ ᠬᠤᠪᠢᠰᠬᠠᠯ ᠤᠨ ᠬᠥᠮᠦᠵᠢᠯ ᠢ ᠬᠦᠷᠲᠡᠭᠡᠵᠡᠢ᠃ ᠤᠨᠤᠯ ᠪᠠ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠬᠢᠭᠡᠳ ᠲᠤᠬᠠᠢ ᠶᠢᠨ ᠲᠠᠯᠠᠪᠤᠷ ᠤᠨ ᠵᠢᠭᠠᠨ ᠰᠤᠷᠭᠠᠯᠲᠠ ᠪᠠᠷ ᠳᠠᠮᠵᠢᠭᠤᠯᠵᠤ᠂ ᠨᠠᠮ ᠤᠨ ᠪᠤᠰᠤ ᠡᠲᠡᠭᠡᠳ ᠤᠨ ᠬᠢᠨ ᠤ ᠬᠠᠮᠲᠤ ᠶᠢᠨ ᠤᠯᠤᠰ ᠲᠦᠷᠦ ᠶᠢᠨ ᠰᠠᠭᠤᠷᠢ ᠪᠠ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠤᠯᠠᠮ ᠴᠢᠨᠠᠭᠰᠢᠳᠠ ᠨᠡᠮᠡᠭᠳᠡᠬᠦᠯᠦᠨ᠂ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠪᠠ᠃
        ᠪᠤᠯᠪᠠᠰᠤᠷᠠᠯ ᠳᠤ ᠤᠷᠤᠯᠴᠠᠭᠰᠠᠳ ᠪᠠᠰᠠ ᠬᠥᠯᠥᠨ ᠪᠠᠯᠭᠠᠰᠦ ᠶᠢᠨ ᠬᠤᠯᠤᠭᠠᠨ᠎ᠠ ᠤᠰᠠᠳᠬᠠᠬᠤ ᠠᠵᠢᠯᠯᠠᠭ᠎ᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠮᠠᠨ ᠤ ᠬᠤᠰᠢᠭᠤᠨ ᠤ ᠭᠤᠴᠢᠨ ᠡᠳᠦᠷ ᠤᠨ ᠬᠤᠯᠤᠭᠠᠨ᠎ᠠ ᠤᠰᠠᠳᠬᠠᠬᠤ ᠪᠤᠭᠤᠮᠳᠠ ᠰᠢᠪᠳᠤᠯᠬᠤ ᠠᠵᠢᠯᠯᠠᠭ᠎ᠠ ᠳᠤ ᠬᠦᠴᠦᠨ ᠴᠢᠳᠠᠯ ᠢᠶᠠᠨ ᠡᠷᠭᠦᠵᠡᠶ᠃                                           ᠤᠷᠴᠢᠭᠤᠯᠤᠭᠰᠠᠨ ᠨᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号