10 ᠰᠠᠷ᠎ᠠ ᠶᠢᠨ 23 ᠤ ᠡᠳᠦᠷ᠂ 2021 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠶᠡᠭᠡ ᠬᠤᠷᠠᠯ ᠱᠠᠨᠳᠦ᠋ᠩ ᠮᠤᠵᠢ ᠶᠢᠨ ᠽᠢᠪᠦ᠋ᠸᠧ ᠬᠤᠳᠠ ᠳᠤ ᠶᠠᠪᠤᠭᠳᠠᠪᠠ᠃ ᠠᠯᠳ᠋ᠬᠠᠮᠡᠭᠡᠯ ᠪᠠᠯᠭᠠᠰᠤ ᠶᠢᠨ ᠨᠠᠮ ᠤᠨ | ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠦᠳᠦᠯᠥᠨ ᠳᠠᠭᠠᠭᠤᠯᠬᠤ ︽︿ | ᠲᠤᠯᠤᠭᠠᠨ ᠲᠣᠰᠬᠤᠨ ᠢ ᠨᠢᠭᠡ ᠴᠤᠭᠴᠠᠵᠢᠭᠤᠯᠬᠤ﹀ ᠶᠢ ᠰᠦᠪᠡᠭᠴᠢᠯᠡᠨ ᠬᠡᠷᠡᠭᠵᠢᠭᠦᠯᠵᠦ ᠬᠥᠭᠵᠢᠯᠲᠡ ᠶᠢ ᠠᠬᠢᠭᠤᠯᠬᠤ | ᠨᠠᠮ ᠤᠨ ᠪᠠᠶᠢᠭᠤᠯᠤᠯᠲᠠ ᠪᠠᠷ ᠪᠠᠶᠠᠵᠢᠭᠤᠯᠬᠤ ᠵᠠᠮ ᠢ ᠬᠦᠳᠦᠯᠥᠨ ᠳᠠᠭᠠᠭᠤᠯᠤᠶ᠎ᠠ︾ ᠭᠡᠬᠦ ᠲᠤᠷᠰᠢᠯᠭ᠎ᠠ ᠪᠠ ᠠᠷᠭ᠎ᠠ | ᠬᠢᠳᠡᠯ ᠨᠢ ︽2021 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠡᠷᠡᠭ ᠤᠨ | ᠵᠢᠱᠢᠶ᠎ᠡ︾ ᠪᠠᠷ ᠦᠨᠡᠯᠡᠭᠳᠡᠵᠦ᠂ ᠠᠯᠳ᠋ᠬᠠᠮᠡᠭᠡᠯ ᠪᠠᠯᠭᠠᠰᠤ ᠶᠢᠨ ︽ᠮᠠᠯ ᠠᠵᠤ ᠠᠬᠤᠢ ᠶᠢᠨ ᠠᠵᠤ ᠦᠢᠯᠡᠰ ᠤᠨ | ᠰᠠᠭᠤᠷᠢᠨ︾ ᠨᠢ ᠠᠷᠠᠳ ᠲᠦᠮᠡᠨ ᠤ ᠰᠢᠯᠢᠳᠡᠭ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︶ ᠠᠵᠤ | ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠰᠣᠩᠭᠤᠭᠳᠠᠬᠤ ᠶᠢᠨ ᠬᠠᠮᠲᠤ ᠶᠡᠭᠡ ᠬᠤᠷᠠᠯ ᠳᠡᠭᠡᠷ᠎ᠡ | ᠨᠡᠶᠢᠲᠡᠯᠡᠨ ᠳᠡᠯᠭᠡᠷᠡᠭᠦᠯᠵᠡᠢ᠃ | | | | | ᠲᠤᠰ ᠤᠳᠠᠭ᠎ᠠ ᠶᠢᠨ ᠶᠡᠭᠡ ᠬᠤᠷᠠᠯ ᠢ ᠠᠷᠠᠳ ᠤᠨ ᠰᠦᠯᠵᠢᠶ᠎ᠡ ᠠᠴᠠ ᠭᠤᠣᠯᠯᠠᠨ ᠡᠷᠬᠢᠯᠡᠵᠦ᠂ ︽ᠬᠥᠳᠡᠭᠡ | ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ | ᠴᠢᠩᠭᠠᠳᠬᠠᠨ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠴᠢᠨᠠᠷ ᠰᠠᠶᠢᠲᠠᠢ᠂ | ᠴᠢᠩᠭ᠎ᠠ ᠱᠠᠭᠠᠷᠳᠠᠯᠭ᠎ᠠ ᠪᠠᠷ ᠬᠥᠳᠡᠭᠡ ᠲᠣᠰᠬᠤᠨ ᠤ ᠬᠥᠭᠵᠢᠯᠲᠡ ᠶᠢᠨ ᠴᠢᠭᠯᠡᠯ ᠤᠨ ᠰᠢᠨ᠎ᠡ ᠶᠢ ᠡᠭᠦᠳᠴᠦ᠂ | ᠰᠤᠷᠤᠯᠴᠠᠨ ᠰᠣᠯᠢᠯᠴᠠᠬᠤ ᠲᠠᠪᠴᠠᠩ ᠪᠠᠶᠢᠭᠤᠯᠵᠤ᠂ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ | ᠠᠬᠢᠭᠤᠯᠬᠤ ᠪᠠᠷ ᠵᠣᠷᠢᠯᠭ᠎ᠠ ᠪᠣᠯᠭᠠᠭᠰᠠᠨ ᠶᠤᠮ᠃ | | | | | ᠠᠯᠳ᠋ᠬᠠᠮᠡᠭᠡᠯ ᠪᠠᠯᠭᠠᠰᠤ ᠶᠢᠨ ᠨᠠᠮ ᠤᠨ ᠬᠤᠷᠢᠶ᠎ᠠ ᠶᠢᠨ ᠱᠦᠵᠢ ᠦ᠋ ᠮᠢᠩ ᠱᠦᠢ ︽ᠨᠠᠮ ᠤᠨ | ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠦᠳᠦᠯᠦᠨ ᠳᠠᠭᠠᠭᠤᠯᠬᠤ︾ ᠭᠤᠣᠯ | ᠵᠤᠷᠢᠯᠳᠠᠳᠤ ᠶᠠᠷᠢᠶᠠᠨ ᠤ ᠲᠠᠪᠴᠠᠩ ᠳᠤ ᠣᠷᠣᠯᠴᠠᠵᠤ᠂ ᠲᠡᠷᠡ ᠨᠠᠮ ᠤᠨ ᠪᠠᠶᠢᠭᠤᠯᠤᠯᠲᠠ ᠪᠠᠷ ᠮᠠᠯᠵᠢᠬᠤ ᠣᠷᠣᠨ ᠤ | ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠳᠦᠬᠡᠨ ᠪᠠᠶᠢᠭᠤᠯᠤᠯᠲᠠ ᠶᠢ ᠬᠦᠳᠦᠯᠦᠨ ᠳᠠᠭᠠᠭᠤᠯᠬᠤ ᠠᠴᠠ | ᠭᠠᠷᠳᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠬᠤᠢ ᠪᠠᠶᠢᠳᠠᠯ ᠳᠣᠣᠷᠠᠬᠢ ᠮᠠᠯᠵᠢᠬᠤ ᠣᠷᠣᠨ ᠤ | ᠣᠳᠣᠬᠢᠴᠢᠯᠠᠯᠲᠠ ᠳᠤ ᠲᠣᠰᠬᠤᠨ ᠤ ᠬᠡᠪᠴᠢᠶᠡᠨ ᠤ ᠨᠢᠭᠡ ᠴᠤᠬᠴᠠᠵᠢᠯᠳᠠ ᠶᠢᠨ ᠬᠥᠭᠵᠢᠯᠲᠡ ᠶᠢ ᠬᠡᠷᠬᠢᠨ | ᠰᠦᠪᠡᠭᠴᠢᠯᠡᠨ ᠬᠡᠷᠡᠭᠵᠢᠭᠦᠯᠬᠦ ᠶᠢᠨ ᠲᠣᠭᠤᠷᠢᠨ ᠳᠤ ᠭᠤᠣᠯ ᠵᠤᠷᠢᠯᠳᠠᠳᠤ ᠰᠣᠯᠢᠯᠴᠠᠭᠠᠨ ᠤ ᠶᠠᠷᠢᠶ᠎ᠠ ᠲᠠᠯᠪᠢᠵᠠᠢ᠃ | | | | | ᠤᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ᠂ ᠠᠯᠳ᠋ᠬᠠᠮᠡᠭᠡᠯ ᠪᠠᠯᠭᠠᠰᠤ ᠬᠤᠰᠢᠭᠤᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠮᠠᠭᠲᠠ ︽ᠠᠮᠢ ᠠᠬᠤᠶ ᠶᠢ ᠤᠷᠢᠳᠠᠪᠠᠷ | ᠪᠤᠳᠤᠯᠬᠢᠯᠠᠨ᠂ ᠪᠣᠬᠢᠷᠲᠤᠯ ᠦᠭᠡᠶ ᠬᠦᠭᠵᠢᠬᠦᠯᠬᠦ︾ ᠪᠠᠷ ᠤᠳᠤᠷᠢᠳᠤᠮᠵᠢ ᠪᠣᠯᠭᠠᠵᠤ᠂ ᠪᠣᠳᠠᠲᠤ ᠪᠠᠶᠢᠳᠠᠯ ᠳᠤ | ᠰᠠᠭᠤᠷᠢᠯᠠᠨ᠂ ᠰᠠᠨᠠᠭᠠᠴᠢᠯᠠᠭ᠎ᠠ ᠠᠴᠠ ᠪᠠᠨ ᠠᠷᠭ᠎ᠠ ᠰᠦᠪᠡᠭᠴᠢᠯᠡᠵᠦ᠂ ︽ᠨᠠᠮ ᠤᠨ ᠪᠠᠶᠢᠭᠤᠯᠤᠯᠲᠠ ᠪᠠᠷ ᠬᠥᠲᠥᠯᠥᠨ | ᠳᠠᠭᠠᠭᠤᠯᠬᠤ᠂ ᠠᠮᠢ ᠠᠬᠤᠶ ᠶᠢ ᠤᠷᠢᠳᠠᠪᠠᠷ ᠪᠤᠳᠤᠯᠬᠢᠯᠠᠨ᠂ ᠠᠵᠤ ᠦᠢᠯᠡᠰ ᠢ ᠣᠯᠠᠨ ᠡᠰᠢᠵᠢᠭᠦᠯᠬᠦ᠂ ᠰᠠᠶᠢᠨ | ᠳᠤᠷ᠎ᠠ ᠠᠴᠠ ᠪᠠᠨ ᠣᠷᠣᠯᠴᠠᠬᠤ᠂ ᠠᠯᠬᠤᠮ ᠳᠠᠷᠠᠭ᠎ᠠ ᠲᠠᠢ ᠪᠠᠷ ᠤᠷᠤᠭᠰᠢᠯᠠᠬᠤ︾ ᠦᠨᠳᠦᠰᠦᠨ ᠵᠠᠷᠴᠢᠮ ᠢ | ᠪᠠᠷᠢᠮᠲᠠᠯᠠᠵᠤ᠂ ᠲᠡᠵᠢᠭᠡᠨ ᠦᠷᠡᠵᠢᠭᠦᠯᠬᠦ᠂ ᠳᠠᠷᠢᠵᠦ ᠤᠷᠭᠤᠭᠤᠯᠬᠤ᠂ ᠵᠢᠭᠤᠯᠴᠢᠯᠠᠬᠤ᠂ ᠡᠳ᠋ᠰᠢᠭᠦᠯᠬᠦ ᠲᠦᠷᠪᠡᠨ ᠶᠡᠭᠡ | ᠬᠡᠰᠡᠭ ᠲᠤ ᠬᠦᠴᠦ ᠪᠠᠨ ᠳᠠᠯᠪᠢᠵᠦ᠂ ᠬᠠᠮᠲᠤ ᠶᠢᠨ ᠥᠮᠴᠢᠯᠡᠯ ᠢᠶᠠᠷ ᠰᠠᠭᠤᠷᠢ ᠪᠣᠯᠭᠠᠭᠰᠠᠨ ︽ᠨᠠᠮ ᠤᠨ ᠶᠡᠷᠦᠩᠬᠡᠢ | ᠡᠭᠦᠷ + ᠬᠠᠮᠳᠤᠷᠠᠭᠰᠠᠨ ᠬᠤᠷᠰᠢᠶ᠎ᠠ + ᠬᠤᠷᠰᠢᠶᠠᠵᠢᠯ︾ ᠤᠨ ︽ᠲᠤᠯᠤᠭᠠᠨ ᠲᠣᠰᠬᠤᠨ ᠤ ᠵᠠᠭᠪᠤᠷ︾ ᠢ | ᠢᠳᠡᠪᠬᠢᠲᠡᠢ ᠰᠦᠪᠡᠭᠴᠢᠯᠡᠵᠦ᠂ ᠲᠤᠰ ᠪᠡᠶ᠎ᠡ ᠶᠢᠨ ᠪᠤᠳᠠᠳᠦ ᠪᠠᠶᠢᠳᠠᠯ ᠳᠤ ᠨᠡᠶᠢᠴᠡᠭᠰᠡᠨ ᠣᠳᠣᠬᠢᠴᠢᠯᠠᠭᠰᠠᠨ᠂ | ᠰᠢᠨᠵᠢᠯᠡᠬᠦ ᠤᠬᠠᠭᠠᠨᠴᠢᠯᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠴᠢᠷᠮᠠᠶᠢᠨ ᠨᠡᠭᠡᠭᠡᠭᠰᠡᠨ ᠪᠠᠶᠢᠨ᠎ᠠ᠃ | | ᠤᠷᠴᠢᠭᠤᠯᠤᠭᠰᠠᠨ ᠨᠢ᠄ ᠴᠡᠴᠡᠭ |