ᠪᠦᠬᠡᠪᠠᠶᠠᠷ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠄ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠨᠠᠷᠢᠯᠢᠭ ᠤᠨᠤᠪᠴᠢᠳᠠᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠵᠤ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠡᠷᠡᠰ ᠪᠠᠲᠤᠳᠬᠠᠬᠤ ᠬᠡᠷᠡᠭᠲᠡᠢ
ᠨᠡᠶᠢᠲᠡᠯᠡᠭᠰᠡᠨ ᠴᠠᠭ᠄
2021/10/28
     10 ᠰᠠᠷ᠎ᠠ ᠶᠢᠨ 26 ᠤ ᠡᠳᠦᠷ᠂ ᠨᠠᠮ ᠵᠠᠰᠠᠭ ᠤᠨ ᠠᠵᠢᠯᠯᠠᠬᠤ ᠠᠰᠠᠷ ᠤᠨ ᠲᠠᠪᠤᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠳᠠᠰᠦᠳᠦ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠳᠤ ᠵᠠᠳᠠᠯᠤᠯᠲᠠ ᠬᠢᠵᠦ᠂ ᠬᠤᠶᠢᠰᠢᠳᠠ ᠶᠢᠨ ᠨᠢᠭᠡ ᠭᠡᠰᠡᠭ ᠬᠤᠭᠤᠴᠠᠭᠠᠨ  ᠳᠠᠬᠢ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠴᠢᠨᠠᠭᠰᠢᠳᠠ ᠪᠤᠳᠠᠳᠠᠶᠢᠵᠢᠭᠤᠯᠪᠠ᠃ ᠬᠤᠰᠢᠭᠤᠨ ᠤ ᠤᠳᠤᠷᠢᠳᠤᠯᠭ᠎ᠠ ᠴᠠᠩ ᠴᠢᠩ᠂ ᠯᠦᠸᠧ ᠴᠧᠩ ᠭᠤᠸᠠᠩ᠂ ᠲᠢᠶᠠᠨ ᠹᠧᠩ ᠯᠢᠨ᠂ ᠳ᠋ᠦ᠋ ᠴᠧᠩ᠂ ᠤᠯᠠᠭᠠᠨᠲᠤᠶᠠᠭ᠎ᠠ᠂ ᠦᠷᠭᠡᠨ᠂ ᠸᠠᠩ ᠰᠢᠶᠤᠤ ᠹᠸᠢ᠂ ᠳ᠋ᠢᠩ ᠸᠠᠨ ᠶᠦᠩ ᠣᠷᠣᠯᠴᠠᠵᠠᠶ᠃
        ᠬᠤᠷᠠᠯ ᠳᠡᠭᠡᠷ᠎ᠡ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ᠂ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ᠂ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ ᠣᠶᠢᠷ᠎ᠠ ᠶᠢᠨ ᠬᠤᠭᠤᠴᠠᠭᠠᠨ ᠳᠠᠬᠢ ᠠᠵᠢᠯ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠪᠡ᠃     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ ᠪᠦᠬᠡᠪᠠᠶᠠᠷ᠂ ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠴᠢᠩᠭ᠎ᠠ ᠠᠩᠬᠠᠷᠴᠤ᠂ ᠦᠵᠡᠯ ᠰᠠᠨᠠᠭᠠᠨ ᠤ ᠲᠠᠯ᠎ᠠ ᠪᠠᠷ ᠰᠤᠯᠠᠷᠠᠭᠤᠯᠬᠤ ᠦᠭᠡᠢ᠂ ᠦᠢᠯᠡ ᠠᠵᠢᠯᠯᠠᠭ᠎ᠠ ᠶᠢᠨ ᠲᠠᠯ᠎ᠠ ᠪᠠᠷ ᠤᠳᠠᠭᠠᠰᠢᠷᠠᠭᠤᠯᠬᠤ ᠦᠭᠡᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠵᠡᠯ ᠰᠠᠨᠠᠭᠠᠨ ᠤ ᠰᠤᠯᠠᠷᠠᠭᠤᠯᠤᠯ ᠦᠭᠡᠢ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠬᠤ ᠬᠡᠷᠡᠭᠲᠡᠢ︔ ᠭᠤᠣᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠳᠬᠤᠨ ᠬᠠᠮᠢᠶᠠᠷᠤᠨ ᠡᠵᠡᠮᠳᠡᠵᠦ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠳᠤ ᠦ ᠰᠡᠪ ᠦᠭᠡᠢ ᠪᠠᠶᠢᠬᠤ᠂ ᠰᠡᠷᠭᠡᠶᠢᠯᠡᠨ ᠡᠵᠡᠮᠳᠡᠬᠦ ᠠᠵᠢᠯ ᠳᠤ ᠦ ᠰᠡᠪ ᠦᠭᠡᠢ ᠪᠠᠶᠢᠬᠤ ᠶᠢ ᠪᠡᠶᠡᠯᠡᠭᠦᠯᠵᠦ᠂ ᠣᠷᠣᠭᠤᠯᠤᠯᠲᠠ ᠶᠢᠨ ᠴᠢᠨᠠᠷᠲᠠᠢ ᠬᠢᠵᠢᠭ ᠤᠨ ᠪᠠᠶᠢᠳᠠᠯ ᠦᠯᠦ ᠡᠭᠦᠰᠬᠦ ᠤᠯᠠᠭᠠᠨ ᠱᠤᠭᠤᠮ ᠢ ᠪᠠᠲᠤ ᠰᠠᠬᠢᠬᠤ ᠬᠡᠷᠡᠭᠲᠡᠢ ︔ ᠠᠵᠢᠯ ᠤᠨ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠂ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠷ᠎ᠡ ᠳ᠋ᠦᠩ ᠲᠠᠢ ᠪᠤᠯᠭᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠭᠡᠷᠡᠭᠳᠡᠢ ᠭᠡᠵᠡᠢ     ᠪᠦᠬᠡᠪᠠᠶᠠᠷ᠂ ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ ᠶᠢ ᠳᠡᠪᠴᠢᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠳᠠᠯᠠᠨ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠨᠠᠷᠢᠯᠢᠭ ᠤᠨᠤᠪᠴᠢᠳᠠᠢ ᠪᠠᠷ ᠰᠡᠷᠭᠡᠶᠢᠯᠡᠨ ᠡᠵᠡᠮᠳᠡᠬᠦ ᠶᠢ ᠴᠢᠩᠭ᠎ᠠ ᠪᠣᠳᠠᠲᠠᠢ ᠪᠥᠭᠡᠳ ᠨᠠᠷᠢᠯᠢᠭ ᠰᠠᠶᠢᠲᠤᠷ ᠠᠳᠬᠤᠵᠤ᠂ ︽ᠭᠠᠳᠠᠨ᠎ᠠ ᠠᠴᠠ ᠤᠷᠤᠵᠦ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠬᠤ ᠠᠴᠠ ᠰᠡᠷᠭᠡᠶᠢᠯᠡᠬᠦ︾ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠬᠤ ᠬᠡᠷᠡᠭᠲᠡᠢ᠃ ᠭᠠᠳᠠᠨ᠎ᠠ ᠠᠴᠠ ᠢᠷᠡᠭᠰᠡᠨ ᠬᠥᠮᠦᠰ᠂ ᠭᠤᠣᠯᠳᠠᠯᠭ᠎ᠠ ᠲᠠᠢ ᠲᠠᠯᠠᠪᠤᠷ ᠪᠣᠯᠤᠨ ᠭᠤᠭᠴᠤᠭ᠎ᠠ ᠶᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠵᠦ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠰᠠᠶᠢᠲᠤᠷ ᠬᠢᠵᠦ᠂ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠠᠬᠢᠭᠤᠯᠵᠤ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠤᠬᠠᠭᠤᠯᠤᠨ ᠬᠥᠲᠥᠯᠦᠨ ᠵᠢᠯᠣᠭᠤᠳᠬᠤ ᠶᠢ ᠴᠢᠩᠭᠠᠳᠬᠠᠨ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠮᠡᠳᠡᠯᠭᠡ ᠶᠢ ᠲᠦᠭᠡᠮᠡᠯᠵᠢᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠪᠤᠯᠤᠳ ᠬᠡᠷᠡᠮ ᠲᠡᠮᠦᠷ ᠬᠠᠨ᠎ᠠ︾ ᠶᠢ ᠪᠠᠲᠤ ᠪᠠᠬᠢ ᠪᠠᠶᠢᠭᠤᠯᠵᠤ᠂ ᠪᠥᠬᠦ ᠬᠤᠰᠢᠭᠤᠨ ᠤ ᠣᠯᠠᠨ ᠲᠦᠮᠡᠨ ᠤ ᠠᠮᠢ ᠨᠠᠰᠤ ᠡᠷᠡᠭᠦᠯ ᠮᠡᠨᠳᠦ ᠠᠮᠤᠷ ᠲᠦᠪᠰᠢᠨ ᠢ ᠡᠷᠡᠰ ᠰᠠᠬᠢᠨ ᠬᠠᠮᠠᠭᠠᠯᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠠᠶᠢᠨ ᠰᠠᠶᠢᠬᠠᠨ ᠠᠯᠤᠰ ᠢᠷᠡᠭᠡᠳᠦᠶ ᠶᠢ ᠡᠷᠡᠰ ᠰᠠᠬᠢᠨ ᠬᠠᠮᠠᠭᠠᠯᠠᠬᠤ ᠬᠡᠷᠡᠭᠲᠡᠶ ᠭᠡᠵᠦ ᠱᠠᠭᠠᠷᠳᠠᠵᠠᠢ᠃      ᠬᠤᠷᠠᠯ ᠳᠤ᠂ ᠴᠠᠩ ᠴᠢᠩ᠂ ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠬᠦᠯᠦᠨ᠂ ᠬᠢᠵᠢᠭ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠤᠷᠤᠵᠦ ᠢᠷᠡᠬᠦ ᠠᠴᠠ ᠴᠢᠩᠭ᠎ᠠ ᠰᠡᠷᠭᠡᠶᠢᠯᠡᠨ᠂ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠦ᠂ ᠰᠡᠷᠭᠡᠶᠢᠯᠡᠨ ᠡᠵᠡᠮᠳᠡᠬᠦ ᠲᠣᠤᠷᠵᠢᠭᠤᠯᠤᠭᠰᠠᠨ ᠬᠠᠮᠢᠶᠠᠷᠤᠯᠲᠠ ᠶᠢᠨ ᠵᠠᠭᠪᠤᠷ ᠢ ᠲᠡᠭᠦᠯᠳᠡᠷᠵᠢᠭᠦᠯᠦᠨ᠂ ︽ᠬᠥᠮᠦᠨ᠂ ᠪᠣᠳᠠᠰ᠂ ᠣᠷᠴᠢᠨ ᠲᠣᠭᠤᠷᠢᠨ︾ ᠢ ᠬᠠᠮᠲᠤ ᠳᠤᠨᠢ ᠰᠡᠷᠭᠡᠶᠢᠯᠡᠵᠦ᠂ ᠪᠦᠬᠦᠨ ᠢ ᠬᠠᠮᠤᠷᠤᠨ᠂ ᠥᠨᠴᠥᠭ ᠪᠤᠯᠤᠩ ᠥᠬᠡᠶ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠸᠠᠺᠼᠢᠨ ᠤ ᠲᠠᠷᠢᠯᠭ᠎ᠠ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠡᠮᠴᠢᠯᠡᠭᠡ᠂ ᠨᠡᠶᠢᠭᠡᠮ ᠤᠨ ᠬᠠᠩᠭᠠᠯᠭ᠎ᠠ ᠵᠡᠷᠭᠡ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠰᠢᠯᠵᠢᠭᠦᠯᠦᠨ ᠲᠡᠭᠡᠭᠡᠪᠦᠷᠢᠯᠡᠬᠦ ᠪᠠᠲᠤᠯᠠᠭ᠎ᠠ ᠶᠢᠨ ᠠᠵᠢᠯ ᠢ ᠴᠢᠩᠭᠠᠳᠬᠠᠨ᠂ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠳᠣᠭᠢᠷᠠᠭᠤᠯᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠳᠤᠳᠤᠷᠬᠠᠶᠢᠯᠠᠨ᠂ ᠵᠣᠬᠢᠴᠠᠭᠤᠯᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃    ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠠᠢ ᠪᠠᠨ ᠤᠶᠠᠯᠳᠤᠭᠤᠯᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃                                             ᠤᠷᠴᠢᠭᠤᠯᠤᠭᠰᠠᠨ   ᠨᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号