ᠮᠠᠨ ᠤ ᠬᠤᠰᠢᠭᠤ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠢᠪᠠ
ᠨᠡᠶᠢᠲᠡᠯᠡᠭᠰᠡᠨ ᠴᠠᠭ᠄
2021/10/28
     10 ᠰᠠᠷ᠎ᠠ ᠶᠢᠨ 26 ᠤ ᠡᠳᠦᠷ᠂ ᠨᠠᠮ ᠵᠠᠰᠠᠭ ᠤᠨ ᠠᠵᠢᠯᠯᠠᠬᠤ ᠠᠰᠠᠷ ᠤᠨ ᠲᠠᠪᠤᠳᠤᠭᠠᠷ ᠳᠠᠪᠬᠤᠷᠭ᠎ᠠ ᠶᠢᠨ ᠬᠤᠷᠠᠯ ᠤᠨ ᠬᠡᠷ ᠲᠤ ᠪᠥᠬᠦ ᠬᠤᠰᠢᠭᠤᠨ ᠤ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠵᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠳᠠᠯᠠᠶᠢᠪᠠᠳᠦ ᠬᠤᠷᠠᠯ ᠳᠤ ᠣᠷᠣᠯᠴᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠬᠥᠯᠥᠨ ᠪᠤᠶᠢᠷ ᠬᠤᠲᠠ ᠶᠢᠨ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠶᠢ  ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠨᠢᠭᠡᠳᠦᠭᠡᠷ ᠳᠤᠭᠤᠶᠢᠯᠠᠩ ᠤᠨ ᠬᠢᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃
         ᠬᠤᠷᠠᠯ ᠳᠡᠭᠡᠷ᠎ᠡ᠂ ᠳᠠᠯᠠᠶᠢᠪᠠᠳᠦ ᠮᠠᠨ ᠤ ᠬᠤᠰᠢᠭᠤᠨ ᠤ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠦ᠂ ᠲᠣᠰ ᠤᠳᠠᠭᠠᠨ ᠤ ᠲᠤᠰᠬᠠᠶ ᠬᠢᠨᠠᠨ ᠵᠢᠯᠣᠭᠤᠳᠴᠤ ᠪᠠᠶᠢᠴᠠᠭᠠᠬᠤ ᠪᠠᠷ ᠲᠣᠬᠢᠶᠠᠯ ᠪᠣᠯᠭᠠᠨ᠂ ᠤᠯᠤᠰ ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠴᠢᠩᠭᠠᠳᠬᠠᠨ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠷ ᠲᠤᠰᠬᠠᠶ ᠴᠡᠭᠴᠡᠯᠡᠨ ᠵᠠᠰᠠᠬᠤ ᠠᠵᠢᠯ ᠢ ᠡᠷᠡᠰ ᠰᠠᠶᠢᠲᠤᠷ ᠠᠳᠬᠤᠨ᠎ᠠ ᠭᠡᠵᠦ ᠣᠪᠣᠷ ᠢᠶᠠᠨ ᠢᠯᠡᠳᠬᠡᠪᠡ᠃     ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠴᠡᠭᠴᠡᠯᠡᠨ ᠵᠠᠰᠠᠬᠤ ᠡᠭᠦᠷᠭᠡ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ︔ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠳᠡᠭᠡᠳᠦ ᠱᠠᠲᠤᠨ ᠤ ᠬᠠᠮᠢᠶ᠎ᠠ ᠪᠥᠬᠦᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠴᠡᠭᠴᠡᠯᠡᠨ ᠵᠠᠰᠠᠬᠤ ᠬᠠᠷᠠᠯᠲᠠ ᠶᠢᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠵᠡᠢ᠃                                                  ᠤᠷᠴᠢᠭᠤᠯᠤᠭᠰᠠᠨ ᠨᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号