ᠨᠢᠭᠡ᠂ ᠨᠡᠶᠢᠲᠡᠯᠡᠭᠰᠡᠨ ᠠᠬᠤᠶ ᠪᠠᠶᠢᠳᠠᠯ | 2020 ᠣᠨ ᠤ 6 ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠣᠯᠠᠨ | ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠲᠥᠪ ᠵᠢᠴᠢ ᠣᠷᠣᠨ ᠨᠤᠲᠤᠭ ᠤᠨ ᠡᠳ᠋ ᠤᠨ ᠵᠠᠰᠠᠭ ᠤᠨ ᠶᠠᠪᠤᠳᠠᠯ ᠢ | ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ ᠢ | ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ︹2020︺14 ᠳ᠋ᠦ᠋ᠭᠡᠷ | ᠲᠣᠭᠠᠲᠤ︶ ᠳᠤ᠂ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠲᠥᠪ ᠵᠢᠴᠢ ᠣᠷᠣᠨ ᠨᠤᠲᠤᠭ ᠤᠨ ᠡᠳ᠋ ᠤᠨ | ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠶᠡᠷᠦᠩᠬᠡᠶ | ᠱᠠᠭᠠᠷᠳᠠᠯᠭ᠎ᠠ ᠬᠢᠭᠡᠳ ᠣᠯᠠᠨ ᠨᠡᠶᠢᠲᠡ ᠶᠢᠨ ᠰᠣᠶᠣᠯ ᠤᠨ ᠦᠨᠳᠦᠰᠦᠨ ᠦᠢᠯᠡᠴᠢᠯᠡᠭᠡ᠂ ᠰᠣᠶᠣᠯ ᠤᠷᠠᠯᠢᠭ ᠤᠨ | ᠵᠣᠬᠢᠶᠠᠨ ᠪᠦᠲᠦᠭᠡᠯᠭᠡ ᠶᠢ ᠲᠡᠳᠬᠦᠨ ᠳᠡᠮᠵᠢᠬᠦ᠂ ᠰᠣᠶᠣᠯ ᠤᠨ ᠥᠪ ᠬᠥᠷᠥᠩᠭᠡ ᠶᠢ ᠬᠠᠮᠠᠭᠠᠯᠠᠨ ᠤᠯᠠᠮᠵᠢᠯᠠᠬᠤ᠂ | ᠰᠣᠶᠣᠯ ᠤᠨ ᠰᠣᠯᠢᠯᠴᠠᠭ᠎ᠠ ᠪᠠ ᠴᠢᠳᠠᠪᠤᠷᠢ ᠶᠢᠨ ᠪᠠᠶᠢᠭᠤᠯᠤᠯᠲᠠ ᠵᠡᠷᠭᠡ ᠲᠠᠪᠤᠨ ᠲᠠᠯ᠎ᠠ ᠶᠢᠨ ᠠᠵᠢᠯ ᠶᠠᠪᠤᠳᠠᠯ ᠤᠨ | ᠡᠷᠬᠡ ᠶᠢ ᠬᠤᠪᠢᠶᠠᠷᠢᠯᠠᠬᠤ ᠠᠭᠤᠯᠭ᠎ᠠ ᠶᠢ ᠲᠣᠳᠣᠷᠬᠠᠶᠢᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ | ᠴᠢᠩᠭᠠᠳᠬᠠᠬᠤ᠂ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠬᠤ᠂ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠬᠤ | ᠵᠡᠷᠭᠡ ᠭᠤᠷᠪᠠᠨ ᠵᠦᠢᠯ ᠤᠨ ᠢᠵᠢ ᠪᠥᠷᠢᠳᠦᠭᠦᠯᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠯ᠎ᠠ᠃ ᠡᠯ᠎ᠡ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠴᠢ ᠲᠥᠯᠥᠪᠯᠡᠭᠡ ᠳᠤ ᠠᠰ ᠲᠠᠭᠠᠨ ᠵᠢᠭᠰᠠᠭᠠᠭᠳᠠᠭᠰᠠᠨ | ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠲᠣᠰ ᠲᠥᠰᠦᠯ ᠤᠨ ᠵᠣᠷᠢᠭ ᠰᠠᠨᠠᠭ᠎ᠠ ᠶᠢ ᠦᠨᠳᠦᠰᠦᠯᠡᠨ᠂ | ᠮᠤᠵᠢ ᠠᠴᠠ ᠳᠣᠷᠤᠭᠰᠢᠬᠢ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠶᠠᠪᠤᠳᠠᠯ ᠢ | ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠵᠦᠶ ᠵᠣᠬᠢᠰᠲᠠᠶ ᠬᠤᠪᠢᠶᠠᠷᠢᠯᠠᠬᠤ ᠶᠢ ᠱᠠᠭᠠᠷᠳᠠᠵᠠᠢ᠃ | ᠲᠥᠷᠦ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ | ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ | ᠥᠭᠡᠷᠡᠴᠢᠯᠡᠯᠲᠡ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ | ᠪᠢᠳᠡ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠷᠢᠨ ᠨᠢᠮᠪᠠᠶ ᠡᠮᠬᠢᠯᠡᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ | ᠣᠲᠣ ᠶᠢᠨ ᠬᠡᠷᠡᠭᠵᠢᠭᠦᠯᠵᠦ ᠪᠠᠶᠢᠭ᠎ᠠ ᠬᠠᠮᠢᠶ᠎ᠠ ᠪᠥᠬᠦᠶ ᠵᠠᠷᠤᠳᠠᠯ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ | ᠵᠢᠷᠤᠮᠯᠠᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠰᠣᠶᠣᠯ ᠤᠨ | ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠵᠢᠴᠢ ᠠᠶᠢᠮᠠᠭ ᠬᠤᠲᠠ ᠶᠢᠨ ᠡᠳ᠋ ᠤᠨ ᠵᠠᠰᠠᠭ ᠤᠨ ᠶᠠᠪᠤᠳᠠᠯ ᠢ | ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ︾ ︵ | ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ ᠨᠣᠣᠷᠠᠭᠯᠠᠨ ᠲᠤᠭᠤᠷᠪᠢᠪᠠ᠃ | ᠬᠤᠶᠠᠷ᠂ ᠭᠤᠣᠯ ᠠᠭᠤᠯᠭ᠎ᠠ | ᠲᠥᠪ ᠤᠨ ᠪᠢᠴᠢᠭ ᠮᠠᠲ᠋ᠧᠷᠢᠶᠠᠯ ᠤᠨ ᠥᠭᠡᠷᠡᠴᠢᠯᠡᠯᠲᠡ ᠶᠢᠨ ᠬᠡᠪᠴᠢᠶ᠎ᠡ ᠶᠣᠰᠣᠭᠠᠷ᠂ ᠥᠪᠡᠷᠲᠡᠭᠡᠨ ᠵᠠᠰᠠᠬᠤ | ᠣᠷᠣᠨ ᠤ ᠣᠲᠣ ᠶᠢᠨ ᠬᠡᠷᠡᠭᠵᠢᠭᠦᠯᠵᠦ ᠪᠠᠶᠢᠭ᠎ᠠ ᠡᠳ᠋ ᠤᠨ ᠵᠠᠰᠠᠭ ᠤᠨ ᠪᠠᠲᠤᠯᠠᠭ᠎ᠠ ᠶᠢᠨ ᠵᠠᠭᠪᠤᠷ ᠲᠠᠢ ᠤᠶᠠᠯᠳᠤᠭᠤᠯᠤᠨ᠂ | ᠥᠪᠡᠷᠲᠡᠭᠡᠨ ᠵᠠᠰᠠᠬᠤ ᠣᠷᠣᠨ ᠵᠢᠴᠢ ᠠᠶᠢᠮᠠᠭ ᠬᠤᠲᠠ ᠶᠢᠨ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ 5 | ᠲᠠᠯ᠎ᠠ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ | ᠬᠤᠪᠢᠶᠠᠷᠢᠯᠠᠯ ᠢ ᠲᠣᠳᠤᠷᠬᠠᠶᠢᠯᠠᠪᠠ᠃ | ︵ᠨᠢᠭᠡ︶ ᠣᠯᠠᠨ ᠨᠡᠶᠢᠲᠡ ᠶᠢᠨ ᠰᠣᠶᠣᠯ ᠤᠨ ᠦᠨᠳᠦᠰᠦᠨ ᠦᠢᠯᠡᠴᠢᠯᠡᠭᠡᠨ ᠤ ᠲᠠᠯ᠎ᠠ᠃ ᠶᠡᠷᠦᠩᠬᠡᠶ ᠳᠤ ᠨᠢ | ᠡᠳ᠋ ᠤᠨ ᠵᠠᠰᠠᠭ ᠤᠨ ᠠᠵᠢᠯ ᠢ ᠬᠠᠮᠢᠶᠠᠷᠬᠤ ᠬᠠᠮᠲᠤ ᠶᠢᠨ ᠡᠷᠬᠡ ᠶᠢ ᠲᠣᠭᠲᠠᠭᠠᠵᠤ᠂ ᠲᠣᠰ ᠲᠣᠰ ᠲᠤ ᠪᠠᠨ | ᠵᠠᠷᠤᠯᠭ᠎ᠠ ᠶᠢᠨ ᠬᠠᠷᠢᠭᠤᠴᠠᠯᠭ᠎ᠠ ᠡᠭᠦᠷᠭᠡᠯᠡᠨ᠎ᠡ᠃ | ︵ᠬᠤᠶᠠᠷ︶ ᠰᠣᠶᠣᠯ ᠤᠷᠠᠯᠢᠭ ᠤᠨ ᠵᠣᠬᠢᠶᠠᠨ ᠪᠦᠲᠦᠭᠡᠯᠭᠡ ᠶᠢ ᠳᠡᠮᠵᠢᠬᠦ ᠲᠠᠯ᠎ᠠ᠃ ᠲᠥᠷᠥ ᠶᠢᠨ ᠪᠣᠳᠣᠯᠭ᠎ᠠ | ᠶᠣᠰᠣᠭᠠᠷ ᠲᠠᠰ ᠱᠠᠲᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠭᠤᠤᠯ ᠴᠣᠭᠴᠠ ᠶᠢ ᠲᠣᠭᠲᠠᠭᠠᠵᠤ᠂ ᠡᠳ᠋ ᠤᠨ | ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠰ ᠲᠣᠰ ᠬᠤᠪᠢᠶᠠᠷᠢᠯᠠᠨ᠎ᠠ᠃ | ︵ᠭᠤᠷᠪᠠ︶ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠲᠠᠯ᠎ᠠ᠃ ᠲᠥᠷᠥ ᠶᠢᠨ ᠪᠣᠳᠣᠯᠭ᠎ᠠ ᠶᠢ | ᠦᠨᠳᠦᠰᠦᠯᠡᠨ ᠲᠠᠰ ᠱᠠᠲᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠭᠤᠤᠯ ᠴᠣᠭᠴᠠ ᠶᠢ ᠲᠣᠭᠲᠠᠭᠠᠵᠤ᠂ ᠡᠳ᠋ ᠤᠨ | ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠰ ᠲᠣᠰ ᠬᠤᠪᠢᠶᠠᠷᠢᠯᠠᠨ᠎ᠠ᠃ | ︵ᠳᠥᠷᠪᠡ︶ ᠰᠣᠶᠣᠯ ᠤᠨ ᠰᠣᠯᠢᠯᠴᠠᠭᠠᠨ ᠤ ᠲᠠᠯ᠎ᠠ᠃ ᠵᠣᠬᠢᠶᠠᠨ ᠪᠠᠶᠢᠭᠤᠯᠤᠨ ᠬᠡᠷᠡᠭᠵᠢᠭᠦᠯᠬᠦ ᠭᠤᠤᠯ | ᠴᠣᠭᠴᠠ ᠶᠢ ᠦᠨᠳᠦᠰᠦᠯᠡᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢ ᠲᠣᠰ ᠪᠦᠷᠢ ᠬᠤᠪᠢᠶᠠᠷᠢᠯᠠᠨ᠎ᠠ᠃ | ︵ᠲᠠᠪᠤ︶ ᠴᠢᠳᠠᠪᠤᠷᠢ ᠶᠢᠨ ᠪᠠᠶᠢᠭᠤᠯᠤᠯᠲᠠ ᠶᠢᠨ ᠲᠠᠯ᠎ᠠ᠃ ᠣᠯᠠᠨ ᠨᠡᠶᠢᠲᠡ ᠶᠢᠨ ᠰᠣᠶᠣᠯ ᠤᠨ | ᠪᠠᠶᠢᠭᠤᠯᠤᠮᠵᠢ ᠶᠢᠨ ᠬᠠᠷᠢᠶᠠᠯᠠᠭᠳᠠᠬᠤ ᠬᠠᠷᠢᠴᠠᠭ᠎ᠠ ᠶᠣᠰᠣᠭᠠᠷ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠰ ᠪᠦᠷᠢ ᠬᠤᠪᠢᠶᠠᠷᠢᠯᠠᠨ᠎ᠠ᠃ | ᠭᠤᠷᠪᠠ᠂ ᠲᠦᠬᠦᠷᠵᠢᠭᠦᠯᠬᠦ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ | ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠳᠥᠷᠪᠡᠨ ᠤᠬᠠᠮᠰᠠᠷ︾ ᠢᠶᠠᠨ | ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠦᠨᠡᠨ ᠬᠦ ᠨᠢᠭᠡᠳᠬᠡᠨ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠨ᠂ ᠨᠢᠭᠲᠠ | ᠵᠣᠬᠢᠴᠠᠯᠳᠤᠨ ᠬᠠᠮᠵᠢᠯᠴᠠᠵᠤ᠂ ᠥᠭᠡᠷᠡᠴᠢᠯᠡᠯᠲᠡ ᠶᠢᠨ ᠠᠵᠢᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ | ᠬᠦ ᠪᠠᠲᠤᠯᠠᠬᠤ ᠬᠡᠷᠡᠭᠲᠡᠶ᠃ | ︵ᠬᠤᠶᠠᠷ︶ ᠣᠷᠣᠭᠤᠯᠤᠯᠲᠠ ᠶᠢᠨ ᠪᠠᠲᠤᠯᠠᠭ᠎ᠠ ᠪᠠᠨ ᠴᠢᠩᠭᠠᠷᠠᠭᠤᠯᠤᠨ᠎ᠠ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠲᠣᠰ ᠲᠥᠰᠦᠯ ᠢ ᠦᠨᠳᠦᠰᠦᠯᠡᠨ ᠦᠷᠭᠦᠯᠵᠢᠯᠡᠨ | ᠰᠢᠯᠵᠢᠭᠦᠯᠦᠨ ᠥᠭᠬᠦ ᠬᠤᠯᠪᠣᠭᠳᠠᠯ ᠪᠥᠬᠦᠶ ᠪᠠᠯᠠ ᠮᠥᠩᠭᠦ ᠪᠠᠷ ᠳᠠᠮᠵᠢᠭᠤᠯᠤᠨ ᠠᠶᠢᠮᠠᠭ ᠬᠤᠲᠠ ᠶᠢᠨ ᠣᠯᠠᠨ | ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠵᠦᠢᠯᠡᠰ ᠲᠤ ᠳᠡᠮᠵᠢᠯᠭᠡ ᠦᠵᠡᠭᠦᠯᠦᠨ᠎ᠡ᠃ ᠡᠯ᠎ᠡ ᠠᠶᠢᠮᠠᠭ ᠬᠤᠲᠠ ᠲᠣᠰ | ᠱᠠᠲᠤᠨ ᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠢᠨᠠᠮᠠᠭᠠᠶ | ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠠᠴᠠ ᠰᠢᠯᠵᠢᠭᠦᠯᠦᠨ ᠥᠭᠬᠦ ᠪᠠ ᠥᠪᠡᠷ ᠤᠨ ᠡᠳ᠋ ᠤᠨ ᠬᠦᠴᠦᠨ ᠢᠶᠠᠨ | ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠣᠯᠠᠨ ᠨᠡᠶᠢᠲᠡ ᠶᠢᠨ ᠰᠣᠶᠣᠯ ᠤᠨ ᠦᠨᠳᠦᠰᠦᠨ ᠦᠢᠯᠡᠴᠢᠯᠡᠭᠡ ᠶᠢ | ᠪᠠᠷᠢᠮᠵᠢᠶᠠᠵᠢᠭᠤᠯᠬᠤ ᠪᠠ ᠲᠡᠩᠴᠡᠭᠦᠷᠢᠰᠢᠭᠦᠯᠬᠦ ᠶᠢ ᠠᠬᠢᠭᠤᠯᠤᠨ᠂ ᠡᠳ᠋ ᠤᠨ ᠵᠠᠰᠠᠭ ᠤᠨ ᠣᠯᠠᠨ ᠨᠡᠶᠢᠲᠡ ᠶᠢᠨ | ᠰᠣᠶᠣᠯ ᠤᠨ ᠣᠷᠣᠭᠤᠯᠤᠯᠲᠠ ᠶᠢᠨ ᠬᠢᠷᠢ ᠬᠡᠮᠵᠢᠶ᠎ᠡ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠱᠠᠲᠤ | ᠦᠶ᠎ᠡ ᠲᠠᠢ ᠬᠠᠷᠢᠯᠴᠠᠨ ᠵᠣᠬᠢᠴᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠣᠷᠣᠨ ᠪᠦᠰᠡ ᠶᠢᠨ | ᠲᠥᠯᠥᠪᠵᠢᠭᠦᠯᠭᠡ ᠳᠤ ᠨᠡᠶᠢᠴᠡᠬᠦ ᠣᠯᠠᠨ ᠨᠡᠶᠢᠲᠡ ᠶᠢᠨ ᠰᠣᠶᠣᠯ ᠤᠨ ᠪᠠᠶᠢᠭᠤᠯᠤᠮᠵᠢ ᠶᠢᠨ ᠦᠨᠳᠦᠰᠦᠨ ᠪᠦᠲᠦᠭᠡᠨ | ᠪᠠᠶᠢᠭᠤᠯᠤᠯᠲᠠ ᠵᠡᠷᠭᠡ ᠬᠥᠷᠥᠩᠭᠡ ᠶᠢᠨ ᠴᠢᠨᠠᠷᠲᠠᠶ ᠵᠠᠷᠤᠯᠭ᠎ᠠ ᠶᠢ ᠬᠠᠤᠯᠢ ᠶᠣᠰᠣᠭᠠᠷ ᠣᠷᠣᠨ ᠨᠤᠲᠤᠭ ᠤᠨ ᠵᠠᠰᠠᠭ ᠤᠨ | ᠣᠷᠳᠣᠨ ᠤ ᠵᠢᠭᠡᠯᠡᠯᠭᠡ ᠶᠢᠨ ᠲᠡᠮᠳᠡᠭ ᠲᠠᠷᠬᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠲᠣᠬᠢᠷᠠᠭᠤᠯᠵᠤ ᠪᠣᠯᠤᠨ᠎ᠠ᠃ | ︵ᠭᠤᠷᠪᠠ︶ ᠬᠠᠷᠢᠯᠴᠠᠨ ᠬᠠᠮᠵᠢᠯᠴᠠᠵᠤ ᠥᠭᠡᠷᠡᠴᠢᠯᠡᠯᠲᠡ ᠶᠢ ᠠᠬᠢᠭᠤᠯᠤᠨ᠎ᠠ | ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠵᠢᠴᠢ ᠠᠶᠢᠮᠠᠭ | ᠬᠤᠲᠠ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠰᠠᠯᠭᠠᠨ | ᠬᠤᠪᠢᠶᠠᠷᠢᠯᠠᠬᠤ ᠥᠭᠡᠷᠡᠴᠢᠯᠡᠯᠲᠡ ᠶᠢ ᠰᠣᠶᠣᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ | ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠥᠭᠡᠷᠡᠴᠢᠯᠡᠯᠲᠡ ᠵᠡᠷᠭᠡ ᠯᠦᠭᠡ ᠨᠢᠭᠲᠠ | ᠤᠶᠠᠯᠳᠤᠭᠤᠯᠬᠤ ᠶᠢᠨ ᠬᠠᠮᠲᠤ᠂ ᠬᠠᠮᠢᠶ᠎ᠠ ᠪᠥᠬᠦᠶ ᠬᠦᠷᠢᠶᠡᠨ ᠤ ᠥᠭᠡᠷᠡᠴᠢᠯᠡᠯᠲᠡ ᠬᠥᠭᠵᠢᠯᠲᠡ ᠶᠢᠨ ᠪᠠᠶᠢᠳᠠᠯ ᠵᠡᠷᠭᠡ ᠶᠢ | ᠦᠨᠳᠦᠰᠦᠯᠡᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢᠨ ᠵᠦᠢᠯᠡᠰ ᠢ ᠴᠠᠭ ᠲᠤᠬᠠᠢ ᠳᠤ ᠨᠢ | ᠳᠣᠭᠢᠷᠠᠭᠤᠯᠤᠨ ᠰᠢᠯᠢᠳᠡᠭᠵᠢᠭᠦᠯᠵᠦ᠂ ᠰᠠᠭᠤᠷᠢ ᠪᠠᠷᠢᠮᠵᠢᠶ᠎ᠠ ᠶᠢ ᠲᠡᠭᠦᠯᠳᠡᠷᠵᠢᠭᠦᠯᠦᠨ᠂ ᠵᠠᠷᠤᠯᠭ᠎ᠠ ᠶᠢᠨ ᠬᠠᠷᠢᠭᠤᠴᠠᠯᠭ᠎ᠠ ᠶᠢ | ᠤᠯᠠᠮ ᠨᠢᠭᠡ ᠠᠯᠬᠤᠮ ᠵᠢᠷᠤᠮᠵᠢᠭᠤᠯᠵᠤ᠂ ᠬᠠᠮᠢᠶ᠎ᠠ ᠪᠥᠬᠦᠶ ᠥᠭᠡᠷᠡᠴᠢᠯᠡᠯᠲᠡ ᠶᠢ ᠪᠦᠬᠦᠯᠢ ᠴᠣᠭᠴᠠ ᠪᠠᠷ ᠬᠠᠷᠢᠯᠴᠠᠨ | ᠬᠠᠮᠵᠢᠭᠤᠯᠤᠨ ᠠᠬᠢᠭᠤᠯᠬᠤ ᠶᠢ ᠦᠨᠡᠨ ᠬᠦ ᠪᠠᠲᠤᠯᠠᠨ᠎ᠠ᠃ | ︵ᠳᠥᠷᠪᠡ︶ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ | ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠱᠠᠭᠠᠷᠳᠠᠯᠭ᠎ᠠ | ᠶᠣᠰᠣᠭᠠᠷ᠂ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠦᠢᠯᠡᠴᠢᠯᠡᠭᠡᠨ ᠤ ᠣᠨᠴᠠᠯᠢᠭ ᠲᠠᠢ ᠨᠢᠭᠲᠠ | ᠤᠶᠠᠯᠳᠤᠭᠤᠯᠤᠨ᠂ ᠠᠮᠵᠢᠯᠲᠠ ᠪᠦᠲᠦᠮᠵᠢ ᠶᠢᠨ ᠬᠠᠷᠠᠯᠲᠠᠲᠤ ᠬᠠᠮᠢᠶᠠᠷᠤᠯᠲᠠ ᠶᠢ ᠴᠢᠩᠭᠠᠳᠬᠠᠵᠤ᠂ ᠠᠮᠵᠢᠯᠲᠠ | ᠪᠦᠲᠦᠮᠵᠢ ᠶᠢ ᠬᠢᠨᠠᠨ ᠡᠵᠡᠮᠳᠡᠬᠦ ᠶᠢ ᠰᠠᠶᠢᠲᠤᠷ ᠬᠢᠵᠦ᠂ ᠠᠮᠵᠢᠯᠲᠠ ᠪᠦᠲᠦᠮᠵᠢ ᠶᠢ ᠦᠨᠡᠯᠡᠬᠦ ᠪᠠ ᠦᠷ᠎ᠡ ᠳ᠋ᠦᠩ ᠢ | ᠬᠡᠷᠡᠭᠯᠡᠬᠦ ᠶᠢ ᠴᠢᠩᠭᠠᠷᠠᠭᠤᠯᠤᠨ᠂ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠡᠬᠢ | ᠪᠠᠶᠠᠯᠢᠭ ᠢ ᠲᠣᠬᠢᠷᠠᠭᠤᠯᠬᠤ ᠦᠷ᠎ᠡ ᠪᠦᠲᠦᠮᠵᠢ᠂ ᠬᠡᠷᠡᠭᠯᠡᠬᠦ ᠦᠷ᠎ᠡ ᠠᠰᠢᠭ ᠪᠠ ᠣᠯᠠᠨ ᠨᠡᠶᠢᠲᠡ ᠶᠢᠨ ᠦᠢᠯᠡᠴᠢᠯᠡᠭᠡᠨ ᠤ | ᠶᠠᠰᠤ ᠴᠢᠨᠠᠷ ᠢ ᠳᠡᠭᠡᠭᠰᠢᠯᠡᠭᠦᠯᠦᠨ᠎ᠡ᠃ | ︵ᠲᠠᠪᠤ︶ ᠲᠦᠷᠢᠮ ᠢ ᠱᠠᠯᠠᠪᠳᠠᠨ ᠵᠠᠰᠠᠪᠤᠷᠢ ᠣᠷᠣᠭᠤᠯᠵᠤ ᠪᠦᠷᠢᠨᠰᠢᠭᠦᠯᠦᠨ᠎ᠡ | ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠣᠰ ᠲᠥᠰᠦᠯ ᠤᠨ ᠬᠤᠯᠪᠣᠭᠳᠠᠯ | ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠪᠥᠬᠦ ᠲᠠᠯ᠎ᠠ ᠪᠠᠷ ᠰᠢᠰᠲ᠋ᠧᠮ ᠲᠠᠢ ᠡᠮᠬᠢᠯᠡᠭᠰᠡᠨ ᠰᠠᠭᠤᠷᠢᠨ ᠳᠡᠭᠡᠷ᠎ᠡ᠂ ᠬᠠᠮᠢᠶ᠎ᠠ | ᠪᠥᠬᠦᠶ ᠬᠠᠮᠢᠶᠠᠷᠤᠯᠲᠠ ᠶᠢᠨ ᠲᠦᠷᠢᠮ ᠳᠤ ᠱᠠᠯᠠᠪᠳᠠᠨ ᠵᠠᠰᠠᠪᠤᠷᠢ ᠣᠷᠣᠭᠤᠯᠤᠨ ᠪᠦᠷᠢᠨᠰᠢᠭᠦᠯᠵᠦ᠂ ᠣᠯᠠᠨ ᠨᠡᠶᠢᠲᠡ ᠶᠢᠨ | ᠰᠣᠶᠣᠯ ᠤᠨ ᠬᠦᠷᠢᠶᠡᠨ ᠳᠠᠬᠢ ᠠᠶᠢᠮᠠᠭ ᠬᠤᠲᠠ ᠵᠢᠴᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠳ᠋ ᠤᠨ | ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠵᠦᠶ ᠵᠣᠬᠢᠰᠲᠠᠶ ᠬᠤᠪᠢᠶᠠᠷᠢᠯᠠᠬᠤ | ᠬᠡᠷᠡᠭᠲᠡᠶ᠃ | | |