ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 18 ᠳ᠋ᠤᠭᠠᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2021/10/31
     ᠣᠶᠢᠷ᠎ᠠ ᠶᠢᠨ ᠬᠤᠭᠤᠴᠠᠭᠠᠨ ᠳᠤ᠂ ᠱᠠᠨᠳᠦ᠋ᠩ ᠮᠤᠵᠢ ᠶᠢᠨ ᠿᠢ ᠵᠣᠣ ᠬᠤᠲᠠ᠂ ᠬᠠᠷᠠᠮᠥ᠋ᠷᠡᠨ ᠮᠤᠵᠢ ᠶᠢᠨ ᠾᠸᠢ ᠾᠧ ᠬᠤᠲᠠ ᠵᠡᠷᠭᠡ ᠭᠠᠵᠠᠷ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢᠶᠠᠷ ᠤᠨᠤᠰᠢᠯᠠᠭᠳᠠᠭᠰᠠᠨ ᠡᠪᠡᠳᠴᠢᠨ ᠤ ᠵᠢᠱᠢᠶ᠎ᠡ ᠡᠳᠦᠶ ᠲᠡᠳᠦᠶ ᠢᠯᠡᠷᠡᠵᠦ᠂ ᠡᠭᠦᠨ ᠤ ᠳᠡᠭᠡᠷ᠎ᠡ ᠭᠠᠨᠰᠦ ᠮᠤᠵᠢ᠂ ᠱᠠᠨᠰᠢ ᠮᠤᠵᠢ᠂ ᠥᠪᠡᠷᠲᠡᠭᠡᠨ ᠵᠠᠰᠠᠬᠤ ᠣᠷᠣᠨ ᠤ ᠠᠯᠠᠱᠠ ᠠᠶᠢᠮᠠᠭ ᠤᠨ ᠡᠵᠡᠨ᠎ᠡ ᠬᠤᠰᠢᠭᠤ᠂ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠵᠡᠷᠭᠡ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠶᠠᠭ ᠵᠠᠩᠭᠢᠯᠠᠭ᠎ᠠ ᠶᠢᠨ ᠬᠤᠭᠤᠴᠠᠭᠠᠨ ᠳᠤ ᠪᠤᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠴᠢᠨᠠᠭᠰᠢᠳᠠ ᠰᠠᠶᠢᠲᠤᠷ ᠬᠢᠬᠦ ᠶᠢᠨ ᠲᠤᠰᠠᠳᠠ ᠂ ︽ᠬᠥᠯᠥᠨ ᠪᠤᠶᠢᠷ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠵᠠᠷᠯᠠᠯ ︵27 ᠳ᠋ᠤᠭᠠᠷ ᠲᠣᠭᠠᠲᠤ︶︾ ᠤᠨ ᠵᠣᠷᠢᠭ ᠰᠠᠨᠠᠭ᠎ᠠ ᠲᠠᠢ ᠤᠶᠠᠯᠳᠤᠭᠤᠯᠤᠨ᠂ ᠵᠢᠯᠣᠭᠤᠳᠬᠤ ᠭᠠᠵᠠᠷ ᠤᠨ ᠰᠤᠳᠤᠯᠤᠯᠲᠠ ᠪᠠᠷ ᠳᠡᠮᠵᠢᠨ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠤᠤᠷ᠎ᠠ ᠵᠠᠷᠯᠠᠶ᠎ᠠ᠄     ᠨᠢᠭᠡ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠰᠤᠮᠤ ᠪᠠᠯᠭᠠᠰᠤ᠂ ᠡᠯ᠎ᠡ ᠨᠢᠭᠡᠴᠡ ᠤᠯᠤᠰ ᠤᠨ ᠳᠣᠲᠣᠭᠠᠳᠤ ᠶᠢᠨ ᠲᠦᠭᠰᠢᠭᠦᠷᠢ ᠶᠡᠬᠡᠲᠡᠶ ᠭᠠᠵᠠᠷ ᠣᠷᠣᠨ ᠵᠢᠴᠢ ᠰᠠᠭᠤᠭ᠎ᠠ ᠳᠤᠰᠬᠠᠢ ᠣᠷᠣᠨ ᠤ ᠲᠠᠰ ᠤᠨ ᠬᠤᠲᠠ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠦᠰ ᠢ ᠴᠢᠩᠭ᠎ᠠ ᠵᠢᠭᠰᠠᠭᠠᠨ ᠪᠠᠶᠢᠴᠠᠭᠠᠵᠤ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ᠂ ᠰᠢᠯᠵᠢᠭᠦᠯᠦᠨ ᠳᠤᠬᠢᠷᠠᠭᠤᠯᠵᠦ ᠵᠢᠭᠰᠠᠭᠠᠨ ᠪᠠᠶᠢᠴᠠᠭᠠᠬᠤ ᠪᠠ ᠲᠤᠰᠠᠭᠠᠷᠯᠠᠵᠤ ᠬᠠᠮᠢᠶᠠᠷᠤᠨ ᠡᠵᠡᠮᠳᠡᠬᠦ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠵᠤ᠂  ᠳᠤᠰᠭᠠᠷᠯᠠᠬᠤ ᠶᠣᠰᠣᠲᠠᠶ ᠶᠢ ᠨᠢ ᠪᠦᠬᠦᠨ ᠢ ᠳᠤᠰᠭᠠᠷᠯᠠᠵᠦ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠪᠠᠲᠤᠯᠠᠬᠤ ᠬᠡᠷᠡᠭᠲᠡᠶ᠃ ᠳᠤᠮᠳᠠ ᠲᠦᠭᠰᠢᠭᠦᠷᠢ ᠶᠡᠬᠡᠲᠡᠶ ᠭᠠᠵᠠᠷ ᠣᠷᠣᠨ ᠵᠢᠴᠢ ᠰᠠᠭᠤᠭ᠎ᠠ ᠲᠤᠰᠬᠠᠶ ᠣᠷᠣᠨ ᠤ ᠲᠠᠰ ᠤᠨ ᠬᠤᠲᠠ ᠠᠴᠠ ᠪᠤᠴᠠᠵᠤ ᠢᠷᠡᠭᠰᠡᠳ᠂ ᠬᠢᠯᠢ ᠳᠤ ᠣᠷᠣᠵᠤ ᠢᠷᠡᠭᠰᠡᠳ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 17 ᠳ᠋ᠤᠭᠠᠷ ᠲᠣᠭᠠᠲᠤ ᠵᠠᠷᠯᠠᠯ ᠶᠤᠰᠤᠭᠠᠷ ᠬᠡᠷᠡᠭᠵᠢᠭᠦᠯᠦᠨ᠎ᠡ᠃ 10 ᠰᠠᠷ᠎ᠠ ᠶᠢᠨ 13 ᠤ ᠡᠳᠦᠷ ᠠᠴᠠ ᠨᠠᠰᠢ ᠬᠠᠷᠠᠮᠥ᠋ᠷᠡᠨ ᠮᠤᠵᠢ ᠶᠢᠨ ᠾᠸᠢ ᠾᠧ ᠬᠤᠲᠠ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠦᠰ ᠲᠤ ᠴᠥᠮ ︽14 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ + 5 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ︾ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠠᠷᠠᠮᠥ᠋ᠷᠡᠨ ᠮᠤᠵᠢ ᠶᠢᠨ ᠪᠤᠰᠤᠳ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠦᠰ 48 ᠴᠠᠭ ᠤᠨ ᠳᠣᠲᠣᠷ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠬᠡᠷᠡᠴᠢ ᠶᠢ ᠬᠠᠩᠭᠠᠬᠤ ᠬᠡᠷᠡᠭᠲᠡᠶ᠂ ᠬᠠᠩᠭᠠᠵᠤ ᠳᠡᠶᠢᠯᠬᠦ ᠦᠭᠡᠢ ᠶᠢ ᠨᠢ ᠡᠷᠬᠡᠪᠰᠢ ᠲᠡᠷᠡ ᠳᠠᠷᠤᠶ ᠳᠤᠨᠢ ᠲᠥᠪᠯᠡᠷᠡᠭᠦᠯᠦᠨ ᠲᠤᠰᠠᠭᠠᠷᠯᠠᠬᠤ ᠶᠢᠨ ᠬᠠᠮᠲᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂ 24 ᠴᠠᠭ ᠤᠨ ᠳᠣᠲᠣᠷ᠎ᠠ ᠦᠷ᠎ᠡ ᠳ᠋ᠦᠩ ᠢ ᠭᠠᠷᠭᠠᠵᠤ ᠥᠭᠭᠦᠨ᠎ᠡ᠂ ᠦᠷ᠎ᠡ ᠳ᠋ᠦᠩ ᠨᠢ ᠪᠢᠯᠢᠭ ᠴᠢᠨᠠᠷ ᠲᠠᠢ ᠪᠣᠯ ᠬᠤᠪᠢ ᠬᠥᠮᠦᠨ ᠤ ᠬᠠᠮᠠᠭᠠᠯᠠᠯᠲᠠ ᠪᠠ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠶᠢ ᠰᠠᠶᠢᠲᠤᠷ ᠬᠢᠭᠰᠡᠨ ᠤᠷᠢᠲᠠᠯ ᠳᠣᠣᠷ᠎ᠠ ᠡᠮᠬᠢ ᠵᠢᠷᠤᠮ ᠲᠠᠢ ᠪᠠᠷ ᠶᠠᠪᠤᠵᠦ ᠰᠠᠭᠤᠵᠦ ᠪᠤᠯᠤᠨ᠎ᠠ᠃     ᠬᠤᠶᠠᠷ᠂ ᠭᠤᠤᠯᠳᠠᠯᠭ᠎ᠠ ᠲᠠᠢ ᠲᠠᠯᠠᠪᠤᠷ ᠭᠠᠵᠠᠷ ᠢ ᠬᠠᠮᠢᠶᠠᠷᠤᠨ ᠡᠵᠡᠮᠳᠡᠬᠦ ᠤᠷᠴᠢᠮ ᠢ ᠴᠢᠩᠭᠠᠷᠠᠭᠤᠯᠬᠤ ᠭᠡᠷᠡᠭᠳᠡᠢ᠃ ᠪᠥᠬᠦ ᠬᠤᠰᠢᠭᠤᠨ ᠤ ᠵᠣᠴᠢᠳ ᠤᠨ ᠪᠠᠭᠤᠳᠠᠯ᠂ ᠬᠤᠳᠠᠯᠳᠤᠭᠠᠨ ᠤ ᠳᠡᠯᠭᠡᠭᠦᠷ ᠬᠡᠲᠦ ᠳᠡᠯᠭᠡᠭᠦᠷ᠂ ᠰᠦᠯᠵᠢᠶᠡᠨ ᠤ ᠪᠠᠭᠠᠷ᠂ ᠺᠢᠨᠣ᠋ ᠶᠢᠨ ᠣᠷᠳᠣᠨ᠂ ᠢᠳᠡᠭᠡᠨ ᠤᠮᠳᠠᠭᠠᠨ ᠵᠤᠭ᠎ᠠ ᠴᠡᠩᠭᠡᠯ ᠵᠡᠷᠭᠡ ᠴᠤᠭᠯᠠᠷᠠᠯ ᠤᠨ ᠴᠢᠨᠠᠷᠲᠠᠶ ᠲᠠᠯᠠᠪᠤᠷ ᠭᠠᠵᠠᠷ ᠲᠤ ᠠᠮᠠᠪᠴᠢ ᠵᠡᠭᠦᠬᠦ᠂ ᠪᠡᠶ᠎ᠡ ᠶᠢᠨ ᠳᠤᠯᠠᠭᠠᠨ ᠢ ᠬᠡᠮᠵᠢᠬᠦ᠂ ᠰᠠᠯᠬᠢ ᠵᠢᠪᠠᠷ ᠨᠡᠪᠲᠡᠷᠡᠭᠦᠯᠬᠦ᠂ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠵᠡᠷᠭᠡ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠡᠭᠦᠨ ᠤ ᠬᠠᠮᠲᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠢ ᠪᠠᠶᠢᠴᠠᠭᠠᠨ ᠰᠢᠯᠭᠠᠬᠤ ᠪᠠ ᠮᠡᠳᠡᠭᠡ ᠵᠠᠩᠭᠢ ᠶᠢᠨ ᠳᠡᠩᠰᠡᠯᠡᠯᠲᠡ ᠶᠢ ᠰᠠᠶᠢᠲᠤᠷ ᠬᠢᠵᠦ᠂ ᠠᠶᠤᠯ ᠲᠦᠭᠰᠢᠭᠦᠷᠢ ᠶᠡᠬᠡᠲᠡᠶ ᠬᠥᠮᠦᠰ ᠢ ᠣᠯᠵᠤ ᠮᠡᠳᠡᠪᠡᠯ ᠲᠠᠯᠠᠪᠤᠷ ᠲᠤ ᠣᠷᠣᠬᠤ ᠶᠢ ᠴᠢᠩᠭ᠎ᠠ ᠴᠠᠭᠠᠵᠠᠯᠠᠬᠤ ᠶᠢᠨ ᠬᠠᠮᠲᠤ᠂ ᠳᠠᠷᠤᠶ ᠲᠦᠷᠭᠡᠨ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠵᠦ᠂ ᠵᠣᠬᠢᠴᠠᠩᠭᠤᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠬᠢᠨᠠᠨ ᠬᠠᠮᠢᠶᠠᠷᠬᠤ ᠭᠤᠤᠯ ᠴᠣᠭᠴᠠ ᠶᠢ ᠬᠢᠨᠠᠨ ᠵᠢᠯᠣᠭᠤᠳᠴᠤ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠰᠡᠷᠭᠡᠶᠢᠯᠡᠨ ᠡᠵᠡᠮᠳᠡᠬᠦ ᠡᠭᠦᠷᠭᠡ ᠶᠢ ᠬᠦᠢᠴᠡᠳᠭᠡᠬᠦ ᠶᠢ ᠲᠡᠪᠴᠢᠭᠰᠡᠨ ᠡᠵᠡᠩᠨᠡᠯᠲᠡ ᠶᠢᠨ ᠭᠤᠤᠯ ᠴᠣᠭᠴᠠ ᠶᠢᠨ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ ᠠᠵᠢᠯ ᠢ ᠨᠢ ᠵᠣᠭᠰᠣᠭᠠᠨ ᠴᠡᠭᠴᠡᠯᠡᠬᠦ ᠬᠡᠷᠡᠭᠲᠡᠶ᠃     ᠭᠤᠷᠪᠠ᠂ ᠴᠢᠬᠤᠯᠠ ᠪᠤᠰᠤ ᠪᠠᠶᠢᠳᠠᠯ ᠳᠤᠤᠷ᠎ᠠ ᠴᠤᠭᠯᠠᠷᠠᠬᠤ ᠦᠭᠡᠢ ᠪᠠᠶᠢᠬᠤ ᠶᠢ ᠪᠠᠷᠢᠮᠲᠠᠯᠠᠬᠤ ᠬᠡᠷᠡᠭᠲᠡᠶ᠃ ᠲᠣᠮᠣ ᠬᠡᠯᠪᠡᠷᠢ ᠶᠢᠨ ᠬᠠᠮᠲᠤ ᠶᠢᠨ ᠬᠤᠭᠤᠯᠠᠯᠭ᠎ᠠ᠂ ᠬᠤᠷᠠᠯ ᠴᠤᠭᠯᠠᠭᠠᠨ᠂ ᠴᠤᠭᠯᠠᠭᠠᠨ ᠦᠵᠡᠰᠬᠦᠯᠡᠩ᠂ ᠰᠢᠯᠭᠠᠯᠲᠠ᠂ ᠬᠤᠷᠢᠮ ᠨᠠᠶᠢᠷ ᠵᠡᠷᠭᠡ ᠶᠢ ᠴᠢᠩᠭ᠎ᠠ ᠬᠢᠵᠠᠭᠠᠷᠯᠠᠵᠤ᠂ ᠴᠢᠬᠤᠯᠠ ᠪᠤᠰᠤ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠪᠠᠭᠠᠰᠬᠠᠨ᠂ ᠠᠯᠢ ᠴᠢᠳᠠᠬᠤ ᠪᠠᠷ ᠰᠦᠯᠵᠢᠶᠡᠨ ᠤ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ 50 ᠬᠥᠮᠦᠨ ᠵᠢᠴᠢ ᠲᠡᠭᠦᠨ ᠠᠴᠠ ᠳᠡᠭᠡᠭᠰᠢᠬᠢ ᠬᠤᠷᠠᠯ ᠪᠠ ᠠᠵᠢᠯᠯᠠᠭ᠎ᠠ ᠶᠢ ᠡᠷᠭᠢᠯᠡᠬᠦ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠲᠥᠰᠦᠯ ᠲᠣᠭᠲᠠᠭᠠᠬᠤ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠵᠦ᠂ ᠵᠦᠪᠰᠢᠶᠡᠷᠡᠯ ᠤᠯᠤᠭᠰᠠᠨ ᠤ ᠳᠠᠷᠠᠭ᠎ᠠ ᠰᠠᠶ᠋ᠢ ᠡᠷᠭᠢᠯᠡᠵᠦ ᠪᠣᠯᠤᠨ᠎ᠠ᠃     ᠲᠦᠷᠪᠡ᠂ ᠵᠠᠪᠠᠯ ᠭᠠᠳᠠᠭᠰᠢ ᠭᠠᠷᠬᠤ ᠦᠭᠡᠢ ᠪᠠᠶᠢᠬᠤ ᠶᠢ ᠪᠠᠷᠢᠮᠲᠠᠯᠠᠬᠤ ᠬᠡᠷᠡᠭᠲᠡᠶ᠃ ᠣᠶᠢᠷ᠎ᠠ ᠶᠢᠨ ᠬᠤᠭᠤᠴᠠᠭᠠᠨ ᠳᠤ ᠣᠨᠴᠠᠭᠠᠶ ᠪᠠᠶᠢᠳᠠᠯ ᠦᠭᠡᠶ ᠪᠣᠯ ᠬᠢᠵᠢᠭ ᠤᠨ ᠪᠠᠶᠢᠳᠠᠯ ᠭᠠᠷᠤᠭᠰᠠᠨ ᠬᠤᠲᠠ ᠪᠠ ᠭᠠᠵᠠᠷ ᠣᠷᠣᠨ ᠳᠤ ᠵᠢᠭᠤᠯᠴᠢᠯᠠᠬᠤ᠂ ᠠᠯᠪᠠᠨ ᠠᠵᠢᠯ ᠢᠶᠠᠷ ᠭᠠᠳᠠᠭᠰᠢ ᠭᠠᠷᠬᠤ᠂ ᠲᠥᠷᠥᠯ ᠰᠠᠳᠤᠨ ᠨᠠᠶᠢᠵᠠ ᠨᠥᠬᠦᠳ ᠢᠶᠠᠨ ᠡᠷᠭᠢᠵᠦ ᠦᠵᠡᠬᠦ ᠪᠠᠷ ᠣᠴᠢᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠶ ᠭᠡᠵᠦ ᠥᠷᠭᠡᠨ ᠣᠯᠠᠨ ᠺᠠᠳ᠋ᠷ ᠣᠯᠠᠨ ᠲᠦᠮᠡᠨ ᠳᠤ ᠰᠠᠨᠠᠭᠤᠯᠵᠤ ᠪᠠᠶᠢᠨ᠎ᠠ᠃ ᠦᠨᠡᠬᠡᠷ ᠭᠠᠳᠠᠭᠰᠢ ᠭᠠᠷᠬᠤ ᠴᠢᠬᠤᠯᠠᠲᠠᠶ ᠪᠣᠯ ᠭᠠᠳᠠᠭᠰᠢ ᠭᠠᠷᠬᠤ ᠠᠴᠠ ᠡᠮᠦᠨ᠎ᠡ ᠪᠠ ᠪᠤᠴᠠᠵᠤ ᠢᠷᠡᠬᠦ ᠠᠴᠠ ᠪᠠᠨ ᠡᠮᠦᠨ᠎ᠡ ᠪᠠᠶᠢᠭ᠎ᠠ ᠨᠢᠭᠡᠴᠡ᠂ ᠨᠡᠶᠢᠭᠡᠮ ᠲᠣᠭᠤᠷᠢᠭ ︵ᠭᠠᠴᠠᠭ᠎ᠠ︶ ᠲᠠᠭᠠᠨ ᠮᠡᠳᠡᠭᠦᠯᠦᠨ ᠳᠠᠩᠰᠠᠯᠠᠭᠤᠯᠵᠤ᠂ ᠮᠠᠨ ᠤ ᠬᠤᠰᠢᠭᠤᠨ ᠳᠤ ᠪᠤᠴᠠᠵᠤ ᠢᠷᠡᠭᠰᠡᠨ ᠤ ᠳᠠᠷᠠᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠠᠮᠢᠶᠠᠷᠤᠨ ᠡᠵᠡᠮᠳᠡᠬᠦ ᠵᠣᠬᠢᠴᠠᠩᠭᠤᠶ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃     ᠲᠠᠪᠤ᠂ ᠬᠤᠪᠢ ᠬᠥᠮᠦᠨ ᠤ ᠬᠠᠮᠠᠭᠠᠯᠠᠯᠲᠠ ᠶᠢ ᠴᠢᠩᠭ᠎ᠠ ᠨᠢᠮᠪᠠᠶ ᠰᠠᠶᠢᠲᠤᠷ ᠬᠢᠬᠦ ᠬᠡᠷᠡᠭᠲᠡᠶ᠃ ᠥᠪᠡᠷ ᠢ ᠪᠠᠨ ᠬᠠᠮᠠᠭᠠᠯᠠᠬᠤ ᠶᠢ ᠴᠢᠩᠭᠠᠳᠬᠠᠵᠤ᠂ ︽ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠠᠷᠢᠭᠤᠳᠬᠠᠬᠤ᠂ ᠦᠷᠭᠦᠯᠵᠢ ᠰᠠᠯᠬᠢ ᠨᠡᠪᠲᠡᠷᠡᠬᠦᠯᠬᠦ᠂ ᠴᠦᠬᠡᠨ ᠴᠤᠭᠯᠠᠷᠠᠬᠤ᠂ ᠨᠢᠭᠡ ᠮᠧᠲᠷ ᠤᠨ ᠵᠠᠢ᠂ ᠨᠡᠶᠢᠲᠡ ᠶᠢᠨ ᠰᠠᠪᠬ᠎ᠠ ᠬᠡᠷᠡᠭᠯᠡᠬᠦ ᠂ ᠬᠤᠪᠢᠳᠠᠨ ᠬᠤᠭᠤᠯᠠᠯᠠᠬᠤ ᠲᠦᠷᠢᠮ︾ ᠢ ᠪᠠᠷᠢᠮᠲᠠᠯᠠᠬᠤ ᠵᠡᠷᠭᠡ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢ ᠪᠠᠷᠢᠮᠲᠠᠯᠠᠵᠤ᠂ ᠬᠢᠵᠢᠭ ᠤᠨ ᠬᠤᠭᠤᠴᠠᠭᠠᠨ ᠳᠤ ᠤᠯᠠᠨ ᠬᠥᠮᠦᠨ ᠴᠤᠭᠯᠠᠷᠠᠬᠤ᠂ ᠣᠷᠣᠨ ᠵᠠᠶ ᠨᠢᠭᠲᠠ ᠪᠢᠲᠡᠭᠦᠮᠵᠢᠯᠡᠬᠦ᠂ ᠰᠠᠯᠬᠢ ᠨᠡᠪᠲᠡᠷᠡᠬᠦ ᠪᠠᠷ ᠪᠠᠷᠤᠭᠲᠠᠶ ᠭᠠᠵᠠᠷ ᠲᠤ ᠤᠴᠢᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠶ ᠭᠡᠵᠦ ᠥᠷᠭᠡᠨ ᠤᠯᠠᠨ ᠲᠦᠮᠡᠨ ᠳᠤ ᠰᠠᠨᠠᠭᠤᠯᠵᠤ ᠪᠠᠶᠢᠨ᠎ᠠ᠃     ᠵᠢᠷᠭᠤᠭ᠎ᠠ᠂ ᠸᠠᠺᠼᠢᠨ ᠤ ᠲᠠᠷᠢᠯᠭ᠎ᠠ ᠶᠢ ᠪᠥᠬᠦ ᠬᠦᠴᠦᠨ ᠢᠶᠠᠷ ᠢᠶᠠᠨ ᠰᠠᠶᠢᠳᠦᠷ ᠬᠢᠬᠦ ᠬᠡᠷᠡᠭᠳᠡᠢ᠃ ᠥᠷᠭᠡᠨ ᠣᠯᠠᠨ ᠰᠠᠭᠤᠭᠠᠯᠢ ᠠᠷᠠᠳ ᠸᠠᠺᠼᠢᠨ ᠤ ᠲᠠᠷᠢᠯᠭ᠎ᠠ ᠪᠣᠯ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠬᠦ ᠬᠠᠮᠤᠭ ᠤᠨ ᠪᠦᠲᠦᠮᠵᠢᠲᠡᠶ ᠠᠷᠭ᠎ᠠ ᠪᠠᠷᠢᠯ ᠮᠥᠨ ᠭᠡᠳᠡᠭ ᠢ ᠬᠦᠢᠴᠡᠳ ᠲᠠᠨᠢᠵᠤ᠂ 2021 ᠣᠨ ᠤ 5 ᠰᠠᠷ᠎ᠠ ᠶᠢᠨ ᠰᠡᠭᠦᠯᠴᠢ ᠠᠴᠠ ᠡᠮᠦᠨ᠎ᠡ ᠬᠤᠶᠠᠷ ᠤᠳᠠᠭ᠎ᠠ ᠸᠠᠺᠼᠢᠨ ᠤ ᠲᠠᠷᠢᠯᠭ᠎ᠠ ᠬᠢᠭᠰᠡᠨ 18 ᠨᠠᠰᠤᠨ ᠠᠴᠠ ᠳᠡᠭᠡᠭᠰᠢᠬᠢ ᠬᠥᠮᠦᠰ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠴᠢᠩᠭᠠᠳᠬᠠᠬᠤ ᠲᠠᠷᠢᠯᠭ᠎ᠠ ᠳᠠᠷᠢᠵᠤ᠂ ᠡᠭᠡᠯᠢᠯᠡᠭᠡ ᠶᠢᠨ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠬᠦ ᠬᠡᠷᠡᠭᠲᠡᠶ᠃     ᠲᠤᠯᠤᠭ᠎ᠠ᠂ ᠬᠢᠵᠢᠭ ᠲᠤ ᠬᠤᠯᠪᠣᠭᠳᠠᠭᠰᠠᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠬᠦ ᠭᠡᠷᠡᠭᠳᠡᠢ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠤ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠭᠡᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠶᠢᠨ ᠵᠣᠷᠢᠭ ᠰᠠᠨᠠᠭ᠎ᠠ ᠶᠢ ᠦᠨᠳᠦᠰᠦᠯᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠳᠣᠤᠷᠠᠬᠢ ᠮᠡᠲᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠪᠠᠯ ᠴᠢᠩᠭ᠎ᠠ ᠰᠢᠢᠳᠪᠦᠷᠢᠯᠡᠵᠦ᠂ ᠬᠠᠤᠯᠢ ᠶᠣᠰᠣᠭᠠᠷ ᠴᠣᠬᠢᠯᠲᠠ ᠥᠭᠭᠦᠨ᠎ᠡ᠃ ᠨᠢᠭᠡ ᠳᠤ ᠠᠷᠠᠳ ᠤᠨ ᠵᠠᠰᠠᠭ ᠤᠨ ᠣᠷᠳᠣᠨ ᠵᠢᠴᠢ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠠᠤᠯᠢ ᠶᠣᠰᠣᠭᠠᠷ ᠨᠡᠶᠢᠲᠡᠯᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠥᠬᠦᠶ ᠲᠣᠭᠲᠠᠭᠠᠯ᠂ ᠵᠠᠷᠯᠢᠭ ᠢ ᠥᠯᠥ ᠬᠡᠷᠡᠭᠵᠢᠭᠦᠯᠦᠭᠰᠡᠨ︔ ᠬᠤᠶᠠᠷ ᠲᠤ ᠴᠤᠤᠷᠬᠠᠯ ᠵᠣᠬᠢᠶᠠᠵᠤ᠂ ᠲᠠᠷᠬᠠᠭᠠᠵᠤ᠂ ᠬᠢᠵᠢᠭ ᠤᠨ ᠪᠠᠶᠢᠳᠠᠯ᠂ ᠴᠠᠭᠳᠠᠭᠠᠨ ᠤ ᠪᠠᠶᠢᠳᠠᠯ ᠢ ᠬᠤᠳᠠᠯ ᠢᠶᠠᠷ ᠮᠡᠳᠡᠭᠦᠯᠦᠭᠰᠡᠨ᠂ ᠬᠢᠵᠢᠭ ᠤᠨ ᠪᠠᠶᠢᠳᠠᠯ ᠲᠠᠢ ᠬᠤᠯᠪᠣᠭᠳᠠᠬᠤ ᠬᠤᠳᠠᠯ ᠬᠠᠭᠤᠷᠮᠠᠭ ᠮᠡᠳᠡᠭᠡ ᠵᠠᠩᠭᠢ ᠶᠢ ᠵᠣᠬᠢᠶᠠᠭᠰᠠᠨ ᠪᠤᠶᠤ ᠬᠤᠳᠠᠯ ᠬᠠᠭᠤᠷᠮᠠᠭ ᠮᠡᠳᠡᠭᠡ ᠵᠠᠩᠭᠢ ᠪᠣᠯᠬᠤ ᠶᠢ ᠲᠣᠳᠣᠷᠬᠠᠶ ᠮᠡᠳᠡᠵᠦ ᠪᠠᠶᠢᠭᠠᠳ ᠮᠡᠳᠡᠭᠡ ᠵᠠᠩᠭᠢ ᠶᠢᠨ ᠲᠣᠣᠷ ᠰᠦᠯᠵᠢᠶ᠎ᠡ ᠪᠤᠶᠤ ᠪᠤᠰᠤᠳ ᠵᠠᠭᠤᠴᠢᠯᠠᠭᠤᠷ ᠳᠡᠭᠡᠷ᠎ᠡ ᠵᠣᠷᠢᠭᠤᠳᠠ ᠲᠠᠷᠬᠠᠭᠠᠭᠰᠠᠨ︔ ᠭᠤᠷᠪᠠ ᠳᠤ ᠲᠦᠷᠦ ᠶᠢᠨ ᠪᠠᠶᠢᠭᠤᠯᠭ᠎ᠠ ᠶᠢᠨ ᠠᠵᠢᠯᠲᠠᠨ ᠤ ᠬᠠᠤᠯᠢ ᠶᠣᠰᠣᠭᠠᠷ ᠬᠢᠵᠢᠭ ᠢ ᠰᠡᠷᠭᠡᠶᠢᠯᠡᠬᠦ᠂ ᠰᠢᠯᠭᠠᠨ ᠪᠠᠶᠢᠴᠠᠭᠠᠬᠤ᠂ ᠲᠤᠰᠠᠭᠠᠷᠯᠠᠨ ᠡᠮᠨᠡᠬᠦ᠂ ᠳᠡᠭᠦᠷᠭᠡ ᠶᠢ ᠪᠢᠳᠡᠬᠦᠮᠵᠢᠯᠡᠨ ᠬᠠᠮᠢᠶᠠᠷᠬᠤ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢ ᠬᠦᠴᠦᠷᠬᠡᠭᠯᠡᠯ᠂ ᠰᠦᠷᠳᠡᠭᠦᠯᠦᠯ ᠤᠨ ᠠᠷᠭ᠎ᠠ ᠪᠠᠷ ᠬᠠᠷᠰᠢᠯᠠᠭᠰᠠᠨ᠂ ᠠᠷᠠᠳ ᠤᠨ ᠴᠠᠭᠳᠠᠭ᠎ᠠ ᠶᠢᠨ ᠲᠤᠬᠠᠶ ᠶᠢᠨ ᠲᠠᠯᠠᠪᠤᠷ ᠲᠤ ᠠᠪᠤᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠳᠠᠭᠠᠬᠤ ᠦᠭᠡᠢ᠂ ᠠᠷᠠᠳ ᠤᠨ ᠴᠠᠭᠳᠠᠭ᠎ᠠ ᠶᠢᠨ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠬᠠᠷᠰᠢᠯᠠᠭᠰᠠᠨ ᠪᠤᠶᠤ ᠴᠠᠭᠳᠠᠭ᠎ᠠ ᠶᠢ ᠬᠦᠴᠦᠷᠬᠡᠭᠯᠡᠯ ᠢᠶᠠᠷ ᠳᠠᠭᠠᠷᠢᠭᠰᠠᠨ︔ ᠲᠦᠷᠪᠡ ᠳᠤ ᠬᠢᠵᠢᠭ ᠤᠨ ᠪᠠᠶᠢᠳᠠᠯ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠭᠲᠠᠭᠠᠯ ᠠᠴᠠ ᠵᠥᠷᠢᠴᠡᠵᠦ᠂ ᠢᠳᠬᠠᠨ ᠬᠤᠷᠢᠭᠯᠠᠬᠤ ᠶᠢ ᠰᠣᠨᠣᠰᠬᠤ ᠦᠭᠡᠢ᠂ ᠠᠯᠪᠠ ᠪᠠᠷ ᠬᠠᠮᠲᠤ ᠶᠠᠪᠤᠭᠰᠠᠨ᠂ ᠡᠰᠡᠬᠦᠯ᠎ᠡ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠪᠠᠶᠢᠷᠢᠯᠠᠭᠤᠯᠤᠭᠰᠠᠨ ᠰᠡᠷᠡᠮᠵᠢᠯᠡᠭᠦᠯᠬᠦ ᠪᠦᠰᠡ᠂ ᠰᠡᠷᠡᠮᠵᠢᠯᠡᠭᠦᠯᠬᠦ ᠲᠣᠭᠤᠷᠢᠭ᠂ ᠪᠠᠶᠢᠴᠠᠭᠠᠬᠤ ᠦᠷᠳᠡᠭᠡ ᠴᠡᠭ ᠲᠤ ᠠᠯᠪᠠ ᠪᠠᠷ ᠲᠠᠭᠠᠷᠢᠨ ᠤᠷᠤᠭᠰᠠᠨ︔ ᠲᠠᠪᠤ ᠳᠤ ᠬᠢᠵᠢᠭ ᠲᠤ ᠬᠤᠯᠪᠣᠭᠳᠠᠭᠰᠠᠨ ᠰᠡᠷᠭᠡᠶᠢᠯᠡᠨ ᠵᠠᠰᠠᠵᠤ ᠠᠪᠤᠷᠠᠨ ᠲᠤᠰᠠᠯᠠᠬᠤ ᠡᠳ᠋ ᠪᠣᠳᠠᠰ᠂ ᠲᠤᠨᠤᠭ ᠲᠥᠬᠦᠭᠡᠷᠦᠮᠵᠢ ᠶᠢ ᠬᠤᠯᠠᠭᠠᠶᠢᠯᠠᠭᠰᠠᠨ᠂ ᠮᠡᠬᠡᠯᠡᠭᠰᠡᠨ᠂ ᠲᠦᠷᠬᠢᠯᠳᠦᠨ ᠪᠤᠯᠢᠶᠠᠭᠰᠠᠨ᠂ ᠪᠤᠯᠢᠶᠠᠭᠰᠠᠨ᠂ ᠡᠪᠳᠡᠭᠰᠡᠨ᠂ ᠡᠵᠡᠯᠡᠭᠰᠡᠨ᠂ ᠨᠡᠭᠦᠯᠭᠡᠨ ᠬᠡᠷᠡᠭᠯᠡᠭᠰᠡᠨ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠡᠷ᠎ᠡ ᠪᠠᠷ ᠬᠤᠳᠠᠯ ᠬᠠᠭᠤᠷᠮᠠᠭ ᠵᠠᠷ ᠮᠡᠳᠡᠭᠡ ᠳᠠᠯᠪᠢᠭᠰᠠᠨ ᠪᠠ ᠮᠡᠬᠡᠯᠡᠬᠦ ᠦᠢᠯᠡ ᠠᠵᠢᠯᠯᠠᠭ᠎ᠠ ᠬᠢᠭᠰᠡᠨ︔ ᠵᠢᠷᠭᠤᠭ᠎ᠠ ᠳᠤ ᠤᠯᠤᠰ ᠤᠨ ᠲᠣᠭᠲᠠᠭᠠᠯ ᠠᠴᠠ ᠵᠥᠷᠢᠴᠡᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠲᠠᠢ ᠡᠮᠴᠢᠯᠡᠭᠡᠨ ᠤ ᠬᠠᠶᠠᠭᠳᠠᠮᠠᠯ ᠪᠣᠳᠠᠰ ᠪᠤᠶᠤ ᠬᠤᠣᠷ ᠬᠥᠨᠥᠭᠡᠯ ᠲᠠᠢ ᠪᠣᠳᠠᠰ ᠢ ᠰᠢᠢᠳᠪᠦᠷᠢᠯᠡᠭᠡᠳ ᠣᠷᠴᠢᠨ ᠠᠬᠤᠶ ᠶᠢ ᠬᠦᠨᠳᠦ ᠨᠣᠴᠢᠲᠠᠶ ᠪᠣᠬᠢᠷᠲᠤᠭᠤᠯᠤᠭᠰᠠᠨ︔ ᠲᠤᠯᠤᠭ᠎ᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠠᠷᠰᠢᠯᠠᠭᠰᠠᠨ ᠬᠠᠤᠯᠢ ᠠᠴᠠ ᠵᠥᠷᠢᠴᠡᠭᠰᠡᠨ ᠪᠤᠰᠤᠳ ᠶᠠᠯᠠᠲᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠨ᠎ᠡ᠃        ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                2021 ᠣᠨ ᠤ 10 ᠰᠠᠷ᠎ᠠ ᠶᠢᠨ 31
 
ᠢᠷᠡᠯᠲᠡ᠄ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号