ᠺᠠᠳ᠋ᠷ ᠢ ᠬᠥᠮᠦᠵᠢᠭᠦᠯᠦᠨ ᠪᠣᠯᠪᠠᠰᠤᠷᠠᠭᠤᠯᠬᠤ ᠡᠷᠴᠢᠮ ᠢ ᠤᠯᠠᠮ ᠴᠢᠨᠠᠭᠰᠢᠳᠠ ᠴᠢᠩᠭᠠᠷᠠᠭᠤᠯᠤᠨ᠂ ᠪᠦᠭᠦ | ᠬᠤᠰᠢᠭᠤᠨ ᠤ ᠺᠠᠳ᠋ᠷ ᠤᠨ ᠡᠩᠨᠡᠭᠡᠨ ᠤ ᠶᠡᠷᠦᠩᠬᠡᠶ ᠬᠡᠪ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠥᠯᠥᠭᠡ᠂ | 10 ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ | ᠰᠤᠷᠭᠠᠭᠤᠯᠢ ᠶᠢᠨ ᠳᠥᠷᠪᠡᠳᠦᠭᠡᠷ ᠳᠠᠪᠬᠤᠷᠭ᠎ᠠ ᠶᠢᠨ ᠮᠡᠳᠡᠭᠦᠯᠦᠯᠲᠡ ᠶᠢᠨ ᠲᠢᠩᠬᠢᠮ ᠳᠤ ︽ᠳᠤᠮᠳᠠᠳᠤ | ᠤᠯᠤᠰᠴᠢᠯᠠᠭᠰᠠᠨ ᠮᠠᠷᠺᠰ ᠤᠨ ᠦᠵᠡᠯ ᠤᠨ ᠨᠠᠮ ᠤᠨ ᠪᠠᠶᠢᠭᠤᠯᠤᠯᠲᠠ ᠶᠢᠨ ᠤᠨᠤᠯ ᠤᠨ ᠰᠢᠰᠲ᠋ᠧᠮ ᠤᠨ ᠲᠤᠬᠠᠶ︾ | ᠲᠤᠰᠬᠠᠶ ᠰᠡᠳᠦᠪᠲᠦ ᠪᠣᠯᠪᠠᠰᠤᠷᠠᠯ ᠡᠷᠬᠢᠯᠡᠨ ᠬᠢᠵᠡᠶ᠃ ᠬᠥᠯᠥᠨ ᠪᠤᠶᠢᠷ ᠬᠤᠲᠠ ᠶᠢᠨ ᠰᠢᠭᠤᠳ ᠬᠠᠷᠢᠶ᠎ᠠ | ᠪᠠᠶᠢᠭᠤᠯᠭ᠎ᠠ ᠶᠢᠨ ᠠᠵᠢᠯ ᠤᠨ ᠵᠦᠪᠯᠡᠯ ᠤᠨ ᠤᠤᠯ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ | ᠬᠤᠲᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠷᠪᠠᠨ ᠬᠤᠶᠠᠳᠤᠭᠠᠷ ᠲᠣᠭᠤᠷᠢᠨ ᠵᠢᠯᠣᠭᠤᠳᠬᠤ | ᠳᠤᠭᠤᠶᠢᠯᠠᠩ ᠤᠨ ᠳᠤᠭᠤᠶᠢᠯᠠᠩ ᠤᠨ ᠳᠠᠷᠤᠭ᠎ᠠ ᠬᠠᠰ ᠵᠢᠴᠢ ᠪᠦᠬᠡᠪᠠᠶᠠᠷ᠂ ᠴᠧᠨ ᠯᠦᠩ᠂ ᠳᠠᠰᠢᠵᠠᠮᠰᠦ᠂ ᠵᠢᠶᠠ ᡁᠢ | ᠺᠦᠶ ᠵᠡᠷᠭᠡ ᠬᠡᠷ ᠲᠡᠭᠡᠨ ᠪᠠᠶᠢᠭ᠎ᠠ ᠭᠠᠵᠠᠷ ᠤᠨ ᠲᠠᠰ ᠤᠨ ᠤᠳᠤᠷᠢᠳᠤᠯᠭ᠎ᠠ ᠵᠢᠴᠢ ᠡᠯ᠎ᠡ ᠰᠤᠮᠤ ᠪᠠᠯᠭᠠᠰᠤ᠂ | ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠡᠶᠢᠲᠡ 200 | ᠭᠠᠷᠤᠶ ᠬᠥᠮᠦᠨ ᠪᠣᠯᠪᠠᠰᠤᠷᠠᠯ ᠳᠤ ᠣᠷᠣᠯᠴᠠᠵᠠᠶ᠃ | | | | | ᠪᠣᠯᠪᠠᠰᠤᠷᠠᠯ ᠳᠤ᠂ ᠳ᠋ᠠᠯᠢᠶᠠᠨ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠤᠤᠯ ᠤᠨ ᠳᠡᠳ᠋ | ᠲᠡᠷᠢᠭᠦᠯᠡᠭᠴᠢ᠂ ᠪᠥᠬᠦ ᠤᠯᠤᠰ ᠤᠨ ᠨᠠᠮ ᠤᠨ ᠪᠠᠶᠢᠭᠤᠯᠤᠯᠲᠠ ᠶᠢᠨ ᠨᠠᠷᠠᠲᠤ ᠲᠤᠰᠬᠠᠶ ᠮᠡᠷᠭᠡᠵᠢᠯᠲᠡᠨ᠂ ᠪᠥᠬᠦ | ᠤᠯᠤᠰ ᠤᠨ ᠨᠠᠮ ᠤᠨ ᠠᠵᠢᠯ ᠤᠨ ᠰᠢᠯᠢᠳᠡᠭ ᠠᠵᠢᠯᠲᠠᠨ᠂ ᠪᠥᠬᠦ ᠤᠯᠤᠰ ᠤᠨ ᠨᠠᠮ ᠤᠨ ᠪᠠᠶᠢᠭᠤᠯᠤᠯᠲᠠ ᠶᠢᠨ | ᠰᠤᠳᠤᠯᠭᠠᠨ ᠤ ᠨᠡᠶᠢᠭᠡᠮᠯᠢᠭ ᠤᠨ ᠣᠨᠴᠠ ᠤᠷᠢᠭᠰᠠᠨ ᠰᠤᠳᠤᠯᠤᠭᠴᠢ᠂ ᠯᠢᠶᠣᠤᠨᠢᠩ ᠮᠤᠵᠢ ᠶᠢᠨ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠵᠥᠪᠯᠡᠯᠭᠡ ᠥᠭᠬᠦ ᠭᠡᠰᠢᠭᠦᠨ ᠸᠠᠩ ᠨᠠᠢ ᠪᠥᠸᠧ ᠶᠢ ᠤᠷᠢᠵᠤ ᠬᠢᠴᠢᠶᠡᠯ ᠣᠷᠣᠭᠤᠯᠪᠠ᠃ ᠸᠠᠩ | ᠨᠠᠢ ᠪᠥᠸᠧ ᠫᠷᠤᠹᠧᠰᠰᠤᠷ ᠮᠠᠷᠺᠰ ᠤᠨ ᠦᠵᠡᠯ ᠤᠨ ᠲᠦᠷᠦ ᠶᠢᠨ ᠨᠠᠮ ᠤᠨ ᠰᠢᠨ᠎ᠡ ᠡᠷᠡᠨ ᠵᠠᠭᠤᠨ ᠤ ᠪᠠᠯᠠᠷᠠᠰᠢ ᠦᠭᠡᠢ | ᠬᠦᠰᠢᠶ᠎ᠡ ᠶᠢ ᠨᠡᠭᠡᠭᠡᠬᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠭᠤᠤ ᠶᠡᠭᠡ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠭᠡᠷᠡᠯ ᠰᠠᠴᠤᠷᠠᠩᠭᠤᠢ ᠲᠡᠦᠬᠡ ᠶᠢᠨ ᠬᠠᠭᠤᠳᠠᠰᠤ ᠶᠢ ᠡᠭᠦᠳᠬᠦ᠂ ᠳᠤᠮᠳᠠᠳᠤ ᠤᠯᠤᠰᠴᠢᠯᠠᠭᠰᠠᠨ | ᠮᠠᠷᠺᠰ ᠤᠨ ᠦᠵᠡᠯ ᠤᠨ ᠨᠠᠮ ᠤᠨ ᠪᠠᠶᠢᠭᠤᠯᠤᠯᠲᠠ ᠶᠢᠨ ᠤᠨᠤᠯ ᠤᠨ ᠰᠢᠰᠲ᠋ᠧᠮ ᠤᠨ ᠪᠤᠰᠤᠳᠴᠢ ᠵᠢᠮ᠎ᠡ ᠶᠣᠰᠣ ᠶᠢ | ᠢᠯᠡᠷᠡᠭᠦᠯᠬᠦ ᠵᠡᠷᠭᠡ ᠲᠠᠯ᠎ᠠ ᠠᠴᠠ ᠳᠤᠮᠳᠠᠳᠤ ᠤᠯᠤᠰᠴᠢᠯᠠᠭᠰᠠᠨ ᠮᠠᠷᠺᠰ ᠤᠨ ᠦᠵᠡᠯ ᠤᠨ ᠨᠠᠮ ᠤᠨ ᠪᠠᠶᠢᠭᠤᠯᠤᠯᠲᠠ ᠶᠢᠨ | ᠤᠨᠤᠯ ᠤᠨ ᠰᠢᠰᠲ᠋ᠧᠮ ᠤᠨ ᠪᠤᠢ ᠪᠣᠯᠤᠭᠰᠠᠨ ᠲᠡᠦᠬᠡ ᠶᠢᠨ ᠠᠬᠤᠢ ᠪᠠᠶᠢᠳᠠᠯ᠂ ᠤᠨᠤᠯ ᠤᠨ ᠡᠬᠢ ᠰᠤᠷᠪᠤᠯᠵᠢ᠂ | ᠬᠥᠭᠵᠢᠯᠲᠡ ᠶᠢᠨ ᠶᠠᠪᠤᠴᠠ᠂ ᠳᠣᠲᠣᠭᠠᠳᠤ ᠯᠣᠭᠢᠭ᠂ ᠭᠤᠣᠯ ᠠᠭᠤᠯᠭ᠎ᠠ ᠵᠡᠷᠭᠡ ᠶᠢ ᠪᠦᠬᠦ ᠲᠠᠯ᠎ᠠ ᠠᠴᠠ ᠨᠢ | ᠳᠠᠶᠢᠯᠪᠦᠷᠢᠯᠠᠵᠦ᠂ ᠰᠢᠰᠲ᠋ᠧᠮ ᠲᠠᠢ ᠡᠮᠬᠢᠯᠡᠵᠡᠢ᠃ | | | | | | | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠪᠤᠳᠠᠳᠦ ᠦᠢᠯᠡᠳᠦᠯᠭᠡ ᠶᠢᠨ ᠲᠤᠬᠠᠢ᠂ | ᠪᠦᠬᠡᠪᠠᠶᠠᠷ᠂ ᠨᠠᠮ ᠤᠨ ᠭᠡᠰᠢᠭᠦᠨ ᠺᠠᠳ᠋ᠷ ᠤᠨᠤᠯ ᠤᠨ ᠢᠲᠡᠭᠡᠯ᠂ ᠵᠠᠮ ᠤᠨ ᠢᠲᠡᠭᠡᠯ ᠢᠶᠠᠨ ᠴᠢᠨᠠᠭᠰᠢᠳᠠ ᠪᠠᠳᠤᠳᠬᠠᠨ᠂ | ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ | ᠵᠢᠯᠤᠭᠤᠳᠤᠭᠤᠯᠤᠨ᠂ ᠠᠵᠢᠯ ᠢᠶᠠᠨ ᠠᠬᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠢ᠃ ᠤᠳᠤᠷᠢᠳᠬᠤ | ᠺᠠᠳ᠋ᠷ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ︽ᠵᠠᠩᠭᠢᠯᠠᠭ᠎ᠠ ᠶᠢᠨ ᠴᠥᠭᠡᠨ ᠲᠣᠭᠠᠲᠠᠨ︾ | ᠪᠣᠯᠤᠭᠰᠠᠨ ᠤ ᠬᠤᠪᠢ ᠳᠤ᠂ ᠨᠡᠩ ᠴᠤ ᠦᠯᠢᠭᠡᠷ ᠳᠠᠭᠤᠷᠢᠶᠠᠯ ᠪᠣᠯᠬᠤ ᠦᠢᠯᠡᠳᠦᠯ ᠢᠶᠠᠨ ᠪᠠᠳᠠᠷᠠᠭᠤᠯᠵᠤ᠂ ᠤᠯᠤᠰ | ᠲᠦᠷᠦ ᠶᠢᠨ ᠵᠤᠭᠰᠤᠴᠠ ᠪᠠᠨ ᠴᠢᠨᠠᠭᠰᠢᠳᠠ ᠳᠡᠭᠡᠭᠰᠢᠯᠡᠬᠦᠯᠦᠨ᠂ ᠤᠯᠤᠰ ᠲᠦᠷᠦ ᠶᠢᠨ ᠵᠤᠭᠰᠤᠴᠠ ᠪᠠᠨ ᠪᠠᠲᠤᠳᠬᠠᠵᠤ | ᠂ ︽ᠲᠦᠷᠪᠡᠨ ᠤᠬᠠᠮᠰᠠᠷ︾ ᠢ ᠦᠨᠡᠨᠬᠦ ᠴᠢᠩᠭᠠᠳᠬᠠᠨ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠴᠢᠨᠠᠭᠰᠢᠳᠠ ᠭᠦᠨᠵᠡᠭᠡᠢ ᠰᠤᠷᠤᠯᠴᠠᠨ ᠨᠡᠪᠲᠡᠷᠡᠲᠡᠯ᠎ᠡ | ᠣᠶᠢᠯᠠᠭᠠᠵᠤ᠂ ᠨᠠᠮ ᠤᠨ ᠣᠨᠣᠯ ᠢ ᠰᠤᠷᠤᠯᠴᠠᠬᠤ ᠲᠠᠯ᠎ᠠ ᠪᠠᠷ ᠪᠠᠶᠢᠩᠭᠤ ᠰᠤᠷᠤᠯᠴᠠᠨ ᠪᠠᠶᠢᠩᠭᠤ ᠰᠢᠨ᠎ᠡ ᠶᠢ | ᠪᠠᠷᠢᠮᠲᠠᠯᠠᠵᠤ᠂ ᠪᠠᠶᠢᠩᠭᠤ ᠰᠡᠳᠬᠢᠵᠦ ᠪᠠᠶᠢᠩᠭᠤ ᠮᠡᠳᠡᠵᠦ᠂ ᠪᠠᠶᠢᠩᠭᠤ ᠤᠬᠠᠭᠠᠷᠠᠨ ᠪᠠᠶᠢᠩᠭᠤ ᠤᠷᠤᠭᠰᠢᠯᠠᠵᠤ᠂ | ᠰᠢᠨᠵᠢᠯᠡᠬᠦ ᠤᠬᠠᠭᠠᠨ ᠤ ᠣᠨᠣᠯ ᠢ ᠡᠯ᠎ᠡ ᠵᠦᠢᠯ ᠤᠨ ᠠᠵᠢᠯ ᠪᠣᠯᠭᠠᠨ ᠬᠤᠪᠢᠷᠠᠭᠤᠯᠬᠤ ᠪᠣᠳᠠᠲᠠᠶ ᠰᠡᠳᠬᠢᠴᠡ ᠪᠠ | ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ︽ᠲᠡᠤᠬᠡ ᠶᠢ ᠰᠤᠷᠤᠯᠴᠠᠨ ᠶᠣᠰᠣ ᠤᠴᠢᠷ ᠢ | ᠤᠶᠢᠯᠠᠭᠠᠬᠤ᠂ ᠲᠡᠤᠬᠡ ᠶᠢ ᠰᠤᠷᠤᠯᠴᠠᠨ ᠢᠲᠡᠭᠡᠯ ᠢ ᠨᠡᠮᠡᠭᠳᠡᠭᠦᠯᠬᠦ᠂ ᠲᠡᠤᠬᠡ ᠶᠢ ᠰᠤᠷᠤᠯᠴᠠᠨ ᠶᠣᠰᠣ ᠰᠤᠷᠲᠠᠬᠤᠨ ᠢ | ᠡᠷᠬᠢᠮᠯᠡᠬᠦ᠂ ᠲᠡᠤᠬᠡ ᠶᠢ ᠰᠤᠷᠤᠯᠴᠠᠨ ᠴᠢᠳᠠᠮᠠᠭᠠᠶ ᠪᠠᠷ ᠬᠡᠷᠡᠭᠵᠢᠭᠦᠯᠬᠦ︾ ᠶᠢ ᠦᠨᠡᠨ ᠬᠦ ᠪᠡᠶᠡᠯᠡᠭᠦᠯᠵᠦ᠂ ᠪᠥᠬᠦ | ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠨᠡᠮᠡᠷᠢᠯᠡᠵᠦ᠂ | ᠬᠦᠴᠦᠷᠬᠡᠭ ᠶᠡᠭᠡ ᠬᠥᠳᠡᠯᠭᠡᠬᠦ ᠬᠦᠴᠦᠨ ᠢᠶᠠᠨ ᠡᠷᠬᠦᠬᠦ ᠭᠡᠷᠡᠭᠳᠡᠢ ᠭᠡᠵᠦ ᠴᠢᠬᠤᠯᠠᠴᠢᠯᠠᠪᠠ᠃ | | | | | ᠤᠷᠴᠢᠭᠤᠯᠤᠭᠰᠠᠨ ᠨᠢ᠄ ᠴᠡᠴᠡᠭ |