ᠤᠶᠢᠷ᠎ᠠ ᠶᠢᠨ ᠡᠳᠣᠷ᠂ ᠬᠤᠰᠢᠭᠤᠨ ᠤ ᠬᠤᠶᠠᠳᠣᠭᠠᠷ ᠪᠠᠭ᠎ᠠ ᠰᠣᠷᠭᠠᠭᠤᠯᠢ ᠶᠢᠨ ᠰᠣᠷᠭᠠᠭᠤᠯᠢ ᠶᠢᠨ ᠬᠦᠷᠢᠶᠡᠨ | ᠳᠤ᠂ ᠬᠤᠶᠠᠳᠣᠭᠠᠷ ᠪᠠᠭ᠎ᠠ ᠰᠣᠷᠭᠠᠭᠤᠯᠢ ᠶᠢᠨ ᠴᠢᠳᠠᠮᠵᠢᠳᠣ ᠵᠢᠭᠠᠨ ᠰᠣᠷᠭᠠᠯᠳᠠ ᠶᠢᠨ ᠶᠡᠷᠦᠩᠬᠡᠶᠢᠯᠡᠭᠰᠡᠨ ᠠᠰᠠᠷ ᠤᠨ | ᠰᠠᠭᠤᠷᠢ ᠳᠠᠯᠪᠢᠬᠤ ᠶᠣᠰᠣᠯᠠᠯ ᠶᠠᠪᠤᠭᠳᠠᠭᠤᠯᠵᠦ᠂ ᠬᠤᠰᠢᠭᠤᠨ ᠤ ᠰᠣᠷᠭᠠᠨ ᠬᠦᠮᠦᠵᠢᠯ ᠤᠨ ᠳᠣᠪᠴᠢᠶ᠎ᠠ᠂ | ᠬᠤᠶᠠᠳᠣᠭᠠᠷ ᠪᠠᠭ᠎ᠠ ᠰᠣᠷᠭᠠᠭᠤᠯᠢ ᠶᠢᠨ ᠬᠠᠷᠢᠭᠤᠴᠠᠯᠭᠠᠳᠠᠳ ᠶᠤᠰᠤᠯᠠᠯ ᠳᠤ ᠣᠷᠣᠯᠴᠠᠪᠠ᠃ | ᠰᠠᠭᠤᠷᠢ ᠳᠠᠯᠪᠢᠬᠤ ᠶᠣᠰᠣᠯᠠᠯ ᠵᠢᠩᠭᠢᠨᠢ ᠪᠠᠷ ᠶᠠᠪᠣᠭᠳᠠᠵᠣ᠂ ᠡᠨᠡ ᠨᠢ ᠬᠤᠶᠠᠳᠣᠭᠠᠷ ᠪᠠᠭ᠎ᠠ ᠰᠣᠷᠭᠠᠭᠤᠯᠢ ᠶᠢᠨ | ᠴᠢᠳᠠᠮᠵᠢᠳᠣ ᠵᠢᠭᠠᠨ ᠰᠣᠷᠭᠠᠯᠳᠠ ᠶᠢᠨ ᠶᠡᠷᠦᠩᠬᠡᠶᠢᠯᠡᠭᠰᠡᠨ ᠠᠰᠠᠷ ᠤᠨ ᠵᠢᠩᠭᠢᠨᠢ ᠪᠠᠷ ᠪᠠᠷᠢᠯᠭ᠎ᠠ ᠡᠬᠢᠯᠡᠭᠰᠡᠨ ᠢ | ᠬᠠᠷᠠᠭᠤᠯᠬᠤ ᠶᠢᠨ ᠬᠠᠮᠳᠣ᠂ ᠮᠠᠨ ᠤ ᠬᠤᠰᠢᠭᠤᠨ ᠤ ᠰᠣᠷᠭᠠᠨ ᠬᠦᠮᠦᠵᠢᠯ ᠤᠨ ᠦᠢᠯᠡᠰ ᠤᠨ ᠡᠷᠡᠭᠦᠯ ᠢᠶᠠᠷ ᠬᠦᠭᠵᠢᠬᠦ | ᠶᠢ ᠣᠯᠠᠮ ᠴᠢᠨᠠᠭᠰᠢᠳᠠ ᠲᠦᠯᠬᠢᠨ ᠠᠬᠢᠭᠤᠯᠵᠣ᠂ ᠰᠣᠷᠬᠤ ᠨᠠᠰᠣᠨ ᠤ ᠬᠡᠣᠭᠡᠳ ᠲᠤ ᠨᠢᠭᠡᠨ ᠨᠡᠩ ᠰᠠᠶᠢᠨ | ᠰᠣᠷᠣᠯᠴᠠᠬᠤ ᠣᠷᠴᠢᠨ ᠳᠣᠭᠤᠷᠢᠨ ᠪᠣᠯᠣᠨ ᠳᠡᠩᠴᠡᠬᠦᠷᠢᠳᠡᠢ ᠰᠣᠷᠭᠠᠨ ᠬᠦᠮᠦᠵᠢᠯ ᠬᠠᠩᠭᠠᠬᠤ ᠪᠣᠯᠣᠨ᠎ᠠ᠃ | ᠣᠶᠢᠯᠠᠭᠠᠭᠰᠠᠨ ᠢᠶᠠᠷ᠂ ᠬᠤᠶᠠᠳᠣᠭᠠᠷ ᠪᠠᠭ᠎ᠠ ᠰᠣᠷᠭᠠᠭᠤᠯᠢ ᠶᠢᠨ ᠴᠢᠳᠠᠮᠵᠢᠳᠣ ᠵᠢᠭᠠᠨ ᠰᠣᠷᠭᠠᠯᠳᠠ ᠶᠢᠨ | ᠶᠡᠷᠦᠩᠬᠡᠶᠢᠯᠡᠭᠰᠡᠨ ᠠᠰᠠᠷ ᠨᠢ ᠳᠠᠭᠤᠣ ᠬᠦᠭᠵᠢᠮ ᠤᠨ ᠠᠩᠭᠢ᠂ ᠣᠷᠠᠨ ᠵᠢᠷᠤᠭ ᠤᠨ ᠠᠩᠭᠢ᠂ ᠪᠦᠵᠢᠭ ᠤᠨ ᠠᠩᠭᠢ | ᠂ ᠣᠩᠰᠢᠯᠭ᠎ᠠ ᠶᠢᠨ ᠠᠩᠭᠢ ᠵᠢᠴᠢ ᠱᠠᠳᠣᠯᠢᠭ ᠬᠢᠴᠢᠶᠡᠯ ᠤᠨ ᠠᠩᠭᠢ ᠵᠡᠷᠭᠡ ᠣᠯᠠᠨ ᠴᠢᠳᠠᠮᠵᠢᠳᠣ ᠬᠢᠴᠢᠶᠡᠯ ᠤᠨ | ᠠᠩᠭᠢ ᠪᠠᠶᠢᠵᠣ᠂ ᠶᠡᠷᠦᠩᠬᠡᠶᠢᠯᠡᠭᠰᠡᠨ ᠠᠰᠠᠷ ᠤᠨ ᠪᠦᠬᠦ ᠳᠠᠯᠠᠪᠠᠢ ᠨᠢ 2200 ᠲᠡᠭᠰᠢ ᠲᠦᠷᠪᠡᠯᠵᠢᠨ ᠮᠧᠲᠷ᠂ | ᠰᠣᠷᠣᠭᠴᠢ ᠶᠢᠨ ᠬᠤᠭᠤᠯᠠᠯᠠᠬᠤ ᠭᠡᠷ 426 ᠳᠡᠭᠰᠢ ᠲᠦᠷᠪᠡᠯᠵᠢᠨ ᠮᠧᠲᠷ ᠪᠠᠶᠢᠵᠣ᠂ ᠪᠦᠬᠦ ᠪᠡᠯᠡ ᠣᠷᠣᠭᠤᠯᠣᠯᠳᠠ | ᠨᠢ 1220 ᠲᠦᠮᠡᠨ ᠲᠦᠭᠦᠷᠢᠭ ᠲᠤ ᠬᠦᠷᠪᠡ᠃ | ᠬᠤᠶᠠᠳᠣᠭᠠᠷ ᠪᠠᠭ᠎ᠠ ᠰᠣᠷᠭᠠᠭᠤᠯᠢ ᠠᠴᠠ ᠣᠶᠢᠯᠠᠭᠠᠭᠰᠠᠨ ᠢᠶᠠᠷ᠂ ᠦᠨᠣ ᠵᠢᠯ ᠳᠤ ᠶᠡᠷᠦᠩᠬᠡᠶᠢᠯᠡᠭᠰᠡᠨ ᠠᠰᠠᠷ ᠤᠨ | ᠰᠠᠭᠤᠷᠢ ᠳᠠᠯᠪᠢᠬᠤ ᠵᠢᠴᠢ ᠭᠤᠣᠯ ᠴᠣᠭᠴᠠ ᠶᠢᠨ ᠪᠠᠷᠢᠯᠭ᠎ᠠ ᠶᠢ ᠪᠦᠬᠦᠨ ᠢ ᠪᠠᠷᠢᠵᠦ ᠳᠠᠭᠤᠰᠬᠠᠵᠦ᠂ ᠳᠠᠷᠠᠭ᠎ᠠ ᠵᠢᠯ | ᠳᠤ ᠪᠦᠬᠦ ᠳᠠᠯ᠎ᠠ ᠪᠠᠷ ᠠᠰᠢᠭᠯᠠᠯᠳᠠ ᠳᠤ ᠣᠷᠣᠭᠤᠯᠬᠤ ᠪᠠᠷ ᠲᠦᠯᠦᠪᠯᠡᠵᠦ ᠪᠠᠶᠢᠨ᠎ᠠ ᠬᠡᠪᠡ᠃ | | ᠡᠬᠡ ᠪᠢᠴᠢᠭ ᠤᠨ ᠢᠷᠡᠯᠳᠡ᠄ ᠬᠠᠮ ᠵᠠᠭᠤᠴᠢᠯᠠᠭᠤᠷ ᠤᠨ ᠲᠦᠪ | ᠢᠦᠢ ᠭᠤᠸᠠᠩ ᠬᠣ᠋ ᠵᠢᠶᠣᠣ ᠵᠢᠶᠣᠣ |