ᠨᠢᠭᠡ᠂ ᠨᠡᠶᠢᠲᠡᠯᠡᠭᠰᠡᠨ ᠠᠬᠤᠶ ᠪᠠᠶᠢᠳᠠᠯ | ᠮᠠᠨ ᠤ ᠬᠤᠰᠢᠭᠤᠨ ᠤ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ ᠵᠢᠴᠢ ᠭᠤᠣᠯᠳᠠᠯᠭ᠎ᠠ ᠲᠠᠢ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠢ ᠴᠢᠨᠠᠭᠰᠢᠳᠠ ᠰᠠᠶᠢᠲᠤᠷ ᠬᠢᠬᠦ ᠶᠢᠨ ᠲᠥᠯᠥᠭᠡ᠂ ︽ | ᠬᠥᠯᠥᠨ ᠪᠤᠶᠢᠷ ᠬᠤᠲᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ︿ᠡᠪᠦᠯ ᠤᠨ ᠤᠯᠠᠷᠢᠯ ᠤᠨ | ᠠᠵᠢᠯᠯᠠᠭ᠎ᠠ﹀ ᠶᠢᠨ ᠬᠡᠷᠡᠭᠵᠢᠭᠦᠯᠬᠦ ᠲᠥᠰᠦᠯ︾ ︵ᠬᠦᠯᠦᠨ ᠵᠠᠰᠠᠭ ᠠᠯᠪᠠᠨ ᠲᠠᠷᠬᠠᠭᠠᠭᠰᠠᠨ ﹇2020﹈ 82 | ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠡᠪᠦᠯ ᠤᠨ ᠰᠡᠯᠡᠭᠦᠦ ᠴᠠᠭ ᠢ | ᠶᠠᠭᠠᠷᠠᠯᠲᠠᠶ ᠪᠣᠯᠭᠠᠵᠤ᠂ 2021 ᠣᠨ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠭᠤᠤᠯᠳᠠᠯᠭ᠎ᠠ ᠲᠠᠢ | ᠲᠥᠷᠥᠯ ᠵᠦᠢᠯ ᠢ ᠯᠠᠪᠳᠠᠭᠤᠨ ᠪᠠᠲᠤᠲᠠᠶ ᠰᠠᠶᠢᠳᠦᠷ ᠲᠥᠯᠥᠪᠯᠡᠨ᠂ 2021 ᠣᠨ ᠤ ᠭᠤᠤᠯᠳᠠᠯᠭ᠎ᠠ ᠲᠠᠢ ᠲᠥᠷᠥᠯ | ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠬᠦᠢᠴᠡᠳᠭᠡᠵᠦ᠂ 2021 ᠣᠨ ᠤ ᠪᠥᠬᠦ | ᠬᠤᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠡᠬᠢᠯᠡᠭᠦᠯᠦᠨ ᠠᠵᠢᠯ ᠢᠶᠠᠨ | ᠰᠡᠷᠭᠦᠭᠡᠬᠦ ᠶᠢ ᠪᠠᠲᠤᠯᠠᠵᠤ᠂ ᠮᠠᠨ ᠤ ᠬᠤᠰᠢᠭᠤᠨ ᠤ ᠵᠠᠰᠠᠭ ᠤᠨ ᠣᠷᠳᠣᠨ ᠤ ᠭᠤᠤᠯᠳᠠᠯᠭ᠎ᠠ ᠲᠠᠢ ᠲᠥᠷᠥᠯ ᠵᠦᠢᠯ ᠢ | ᠳᠥᠯᠭᠢᠨ ᠠᠬᠢᠭᠤᠯᠬᠤ ᠲᠤᠰᠬᠠᠶ ᠠᠩᠭᠢ ᠪᠠᠶᠢᠭᠤᠯᠬᠤ ᠶᠢᠨ ᠬᠠᠮᠲᠤ ᠬᠡᠷᠡᠭᠵᠢᠭᠦᠯᠬᠦ ᠲᠥᠰᠦᠯ ᠲᠣᠭᠲᠠᠭᠠᠪᠠ᠃ | ᠬᠤᠶᠠᠷ᠂ ᠬᠠᠷᠠᠯᠳᠠᠳᠦ ᠡᠭᠦᠷᠭᠡ | 2020 ᠣᠨ ᠤ 11 ᠳ᠋ᠤᠭᠡᠷ ᠰᠠᠷ᠎ᠠ ᠶᠢᠨ ᠰᠡᠭᠦᠯᠴᠢ ᠠᠴᠠ 2021 ᠣᠨ ᠤ 3 ᠳ᠋ᠤᠭᠠᠷ ᠰᠠᠷ᠎ᠠ ᠶᠢᠨ | ᠳᠤᠮᠳᠠᠴᠢ ᠪᠣᠯᠲᠠᠯ᠎ᠠ᠂ 2021 ᠣᠨ ᠤ ᠨᠢᠭᠡ ᠪᠦᠯᠦᠭ ᠭᠤᠤᠯᠳᠠᠯᠭ᠎ᠠ ᠲᠠᠢ ᠲᠥᠷᠥᠯ ᠵᠦᠢᠯ ᠢ ᠰᠦᠪᠡᠭᠴᠢᠯᠡᠬᠦ᠂ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠨᠢᠭᠡ ᠪᠦᠯᠦᠭ ᠭᠤᠤᠯᠳᠠᠯᠭ᠎ᠠ ᠲᠠᠢ ᠲᠥᠷᠥᠯ | ᠵᠦᠢᠯ ᠢ ᠨᠥᠭᠡᠴᠡᠯᠡᠬᠦ᠂ ᠨᠢᠭᠡ ᠪᠦᠯᠦᠭ ᠭᠤᠤᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷ | ᠬᠦᠢᠴᠡᠳᠭᠡᠯ ᠢ ᠬᠦᠢᠴᠡᠳᠭᠡᠵᠦ ᠳᠠᠭᠤᠰᠬᠠᠬᠤ᠂ ᠨᠢᠭᠡ ᠪᠦᠯᠦᠭ ᠰᠢᠨ᠎ᠡ ᠪᠠᠷ ᠪᠠᠶᠢᠭᠤᠯᠬᠤ ᠭᠤᠤᠯᠳᠠᠯᠭ᠎ᠠ ᠲᠠᠢ ᠲᠥᠷᠥᠯ | ᠵᠦᠢᠯ ᠢ ᠬᠢᠨᠠᠨ ᠵᠥᠪᠰᠢᠶᠡᠷᠡᠬᠦ᠂ ᠨᠢᠭᠡ ᠪᠦᠯᠦᠭ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠢ | ᠨᠠᠶᠢᠳᠠᠪᠤᠷᠢᠵᠢᠭᠤᠯᠬᠤ ᠶᠢ ᠪᠡᠶᠡᠯᠡᠭᠦᠯᠦᠨ᠎ᠡ᠃ 2021 ᠣᠨ ᠤ ᠪᠠᠷᠢᠯᠭ᠎ᠠ ᠶᠢᠨ ᠬᠤᠭᠤᠴᠠᠭ᠎ᠠ ᠬᠦᠷᠴᠦ ᠢᠷᠡᠬᠦ ᠠᠴᠠ | ᠡᠮᠦᠨ᠎ᠡ᠂ ᠨᠢᠭᠡ ᠪᠦᠯᠦᠭ ᠰᠢᠨ᠎ᠡ ᠪᠠᠷ ᠪᠠᠶᠢᠭᠤᠯᠬᠤ ᠵᠦᠢᠯᠡᠰ ᠤᠨ ᠠᠵᠢᠯ ᠡᠬᠢᠯᠡᠭᠦᠯᠬᠦ ᠨᠥᠬᠦᠴᠡᠯ ᠢ ᠪᠦᠷᠢᠳᠦᠭᠦᠯᠬᠦ ᠶᠢ | ᠦᠨᠡᠨ ᠬᠦ ᠪᠠᠲᠤᠯᠠᠨ᠎ᠠ᠃ | ᠭᠤᠷᠪᠠ᠂ ᠠᠵᠢᠯ ᠤᠨ ᠠᠷᠭ᠎ᠠ ᠬᠡᠮᠵᠢᠶ᠎ᠡ | ᠭᠤᠣᠯᠳᠠᠯᠭ᠎ᠠ ᠲᠠᠢ ᠲᠦᠷᠦᠯ ᠵᠦᠢᠯ ᠢ ᠲᠣᠬᠢᠷᠠᠭᠤᠯᠬᠤ ᠠᠵᠢᠯ ᠢ ᠴᠢᠩᠭᠠᠳᠬᠠᠵᠤ᠂ ᠬᠡᠷᠡᠭᠵᠢᠭᠦᠯᠵᠦ ᠪᠠᠶᠢᠭ᠎ᠠ | ᠭᠤᠣᠯᠳᠠᠯᠭ᠎ᠠ ᠲᠠᠢ ᠲᠦᠷᠦᠯ ᠵᠦᠢᠯ ᠤᠨ ᠠᠵᠢᠯ ᠡᠬᠢᠯᠡᠬᠦ ᠪᠠ ᠠᠵᠢᠯ ᠢ ᠰᠡᠷᠭᠦᠭᠡᠬᠦ᠂ ᠪᠡᠯᠡ ᠣᠷᠣᠭᠤᠯᠤᠯᠲᠠ ᠶᠢ | ᠪᠡᠶᠡᠯᠡᠭᠦᠯᠦᠭᠰᠡᠨ ᠨᠤᠷᠮ᠎ᠠ ᠳᠤ ᠲᠣᠭᠢᠷᠠᠭᠤᠯᠣᠯᠳᠠ ᠬᠢᠬᠦ ᠶᠢ ᠬᠡᠷᠡᠭᠵᠢᠭᠦᠯᠦᠨ᠎ᠡ᠃ ᠲᠤᠰᠬᠠᠶ ᠬᠥᠮᠦᠨ ᠲᠤᠰᠬᠠᠶ ᠠᠩᠭᠢ | ᠪᠠᠶᠢᠭᠤᠯᠬᠤ ᠶᠢ ᠴᠢᠩᠭᠠᠳᠬᠠᠵᠤ᠂ ᠳᠣᠭᠢᠷᠠᠭᠤᠯᠤᠨ ᠬᠢᠨᠠᠨ ᠵᠢᠯᠣᠭᠤᠳᠬᠤ ᠶᠢ ᠴᠢᠩᠭᠠᠷᠠᠭᠤᠯᠤᠨ᠎ᠠ᠃ | ᠭᠤᠤᠯᠳᠠᠯᠭ᠎ᠠ ᠲᠠᠢ ᠲᠥᠷᠥᠯ ᠵᠦᠢᠯ ᠢ ᠲᠥᠯᠥᠪᠯᠡᠨ ᠨᠥᠭᠡᠴᠡᠯᠡᠵᠦ᠂ ᠠᠷᠭ᠎ᠠ ᠮᠠᠶ᠋ᠢᠭ ᠢ ᠬᠤᠪᠢᠷᠠᠭᠤᠯᠤᠨ | ᠪᠦᠲᠦᠴᠡ ᠳᠤ ᠲᠣᠬᠢᠷᠠᠭᠤᠯᠤᠯᠲᠠ ᠬᠢᠬᠦ᠂ ᠳᠤᠲᠠᠭᠤᠳᠠᠯ ᠢ ᠨᠥᠬᠦᠪᠥᠷᠢᠯᠡᠬᠦ᠂ ᠨᠦᠭᠡᠴᠡ ᠬᠦᠴᠦᠨ ᠢ ᠨᠡᠮᠡᠭᠳᠡᠭᠦᠯᠬᠦ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠠᠵᠢᠯ ᠤᠨ ᠲᠣᠭᠤᠷᠢᠨ ᠳᠤ᠂ ᠬᠦᠷᠢᠶ᠎ᠡ ᠴᠠᠷᠠᠭ᠎ᠠ ᠪᠦᠷᠢ ᠳᠤ | ᠭᠦᠨᠵᠡᠭᠡᠶ ᠰᠤᠳᠤᠯᠤᠯᠲᠠ ᠬᠢᠵᠦ᠂ 2021 ᠣᠨ ᠳᠤ ᠵᠢᠩᠬᠢᠨᠢ ᠪᠠᠷ ᠨᠠᠶᠢᠳᠠᠪᠤᠷᠢᠵᠢᠭᠤᠯᠵᠤ ᠳᠡᠶᠢᠯᠬᠦ᠂ ᠦᠷ᠎ᠡ | ᠠᠰᠢᠭ ᠤᠨ ᠪᠠᠯᠠ ᠣᠷᠣᠭᠤᠯᠤᠯᠲᠠ ᠶᠢ ᠪᠣᠶ ᠪᠣᠯᠭᠠᠵᠤ ᠳᠡᠶᠢᠯᠬᠦ ᠨᠢᠭᠡ ᠪᠦᠯᠦᠭ ᠭᠤᠤᠯᠳᠠᠯᠭ᠎ᠠ ᠲᠠᠢ ᠲᠥᠷᠥᠯ ᠵᠦᠢᠯ ᠢ | ᠨᠥᠭᠡᠴᠡᠯᠡᠨ᠎ᠡ᠃ | ᠲᠥᠷᠥᠯ ᠵᠦᠢᠯ ᠢ ᠬᠦᠢᠴᠡᠳᠭᠡᠬᠦ ᠡᠮᠦᠨᠡᠬᠢ ᠬᠤᠭᠤᠴᠠᠭᠠᠨ ᠤ ᠴᠢᠬᠤᠯᠠ ᠨᠥᠬᠦᠴᠡᠯ ᠢ ᠲᠦᠷᠭᠡᠳᠬᠡᠨ᠂ | ᠭᠤᠤᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠬᠦᠢᠴᠡᠳᠭᠡᠬᠦ ᠠᠰᠠᠭᠤᠳᠠᠯ ᠢ | ᠭᠤᠤᠯᠳᠠᠯᠭ᠎ᠠ ᠲᠠᠢ ᠰᠢᠢᠳᠪᠦᠷᠢᠯᠡᠵᠦ᠂ ᠲᠥᠷᠥᠯ ᠵᠦᠢᠯ ᠤᠨ ᠨᠢᠭᠡᠴᠡ ᠯᠦᠭᠡ ᠨᠡᠪᠲᠡᠷᠡᠯᠴᠡᠬᠦ ᠪᠠ ᠵᠣᠯᠭᠠᠭᠤᠯᠬᠤ ᠶᠢ | ᠴᠠᠭ ᠲᠤᠬᠠᠶ ᠳᠤᠨᠢ ᠰᠠᠶᠢᠲᠤᠷ ᠬᠢᠵᠦ᠂ ᠲᠤᠰᠬᠠᠶ ᠬᠥᠮᠦᠨ ᠲᠤᠰᠬᠠᠶ ᠠᠩᠭᠢ ᠪᠠᠷ ᠭᠠᠵᠠᠷ ᠰᠢᠷᠣᠶ ᠶᠢᠨ | ᠲᠥᠯᠥᠪᠵᠢᠭᠦᠯᠭᠡ ᠶᠢ ᠬᠦᠢᠴᠡᠳᠭᠡᠬᠦ ᠶᠢ ᠲᠦᠷᠭᠡᠳᠭᠡᠨ᠂ ᠦᠶᠡᠯᠡᠯ ᠤᠨ ᠬᠤᠭᠤᠴᠠᠭ᠎ᠠ ᠪᠠᠷ ᠣᠷᠳᠣ ᠪᠠᠶᠢᠬᠤ ᠡᠮᠦᠨᠡᠬᠢ | ᠬᠤᠭᠤᠴᠠᠭᠠᠨ ᠤ ᠴᠢᠬᠤᠯᠠ ᠨᠥᠬᠦᠴᠡᠯ ᠢ ᠬᠦᠢᠴᠡᠳᠭᠡᠵᠦ᠂ ᠲᠥᠷᠥᠯ ᠵᠦᠢᠯ ᠢ ᠨᠠᠶᠢᠳᠠᠪᠤᠷᠢᠵᠢᠭᠤᠯᠤᠨ ᠠᠵᠢᠯ | ᠡᠬᠢᠯᠡᠭᠦᠯᠬᠦ ᠳᠤ ᠪᠥᠬᠦ ᠲᠠᠯ᠎ᠠ ᠶᠢᠨ ᠪᠠ ᠪᠥᠬᠦ ᠴᠤᠪᠤᠷᠠᠯ ᠤᠨ ᠦᠢᠯᠡᠴᠢᠯᠡᠭᠡ ᠶᠢ ᠬᠠᠩᠭᠠᠨ᠎ᠠ᠃ | ᠡᠵᠡᠩᠨᠡᠯᠲᠡ ᠶᠢᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠵᠦ᠂ ᠦᠢᠯᠡᠴᠢᠯᠡᠭᠡᠨ ᠤ | ᠤᠬᠠᠮᠰᠠᠷ ᠢ ᠳᠡᠭᠡᠭᠰᠢᠯᠡᠭᠦᠯᠦᠨ᠂ ᠦᠢᠯᠡᠴᠢᠯᠡᠭᠡᠨ ᠤ ᠠᠷᠭ᠎ᠠ ᠮᠠᠶ᠋ᠢᠭ ᠢ ᠬᠤᠪᠢᠷᠠᠭᠤᠯᠵᠤ᠂ ᠲᠤᠰᠬᠠᠶ ᠬᠥᠮᠦᠨ ᠲᠤᠰᠬᠠᠶ | ᠠᠩᠭᠢ ᠪᠠᠷ ᠠᠵᠤ ᠠᠬᠤᠶᠢᠯᠠᠯ᠂ ᠭᠤᠤᠯᠳᠠᠯᠭ᠎ᠠ ᠲᠠᠢ ᠲᠥᠷᠥᠯ ᠵᠦᠢᠯ ᠤᠨ ᠴᠡᠭ ᠢ ᠴᠡᠭ ᠲᠠᠢ ᠲᠠᠭᠠᠷᠠᠭᠤᠯᠬᠤ | ᠠᠰᠠᠷᠠᠭᠴᠢ ᠮᠠᠶ᠋ᠢᠭ ᠤᠨ ᠦᠢᠯᠡᠴᠢᠯᠡᠭᠡ ᠬᠠᠩᠭᠠᠬᠤ ᠶᠢ ᠲᠣᠳᠣᠷᠬᠠᠶᠢᠯᠠᠨ᠎ᠠ᠃ ᠵᠠᠰᠠᠭ ᠤᠨ ᠶᠠᠪᠤᠳᠠᠯ ᠤᠨ ᠣᠷᠴᠢᠨ | ᠨᠥᠬᠦᠴᠡᠯ ᠢ ᠰᠢᠯᠢᠳᠡᠭᠵᠢᠭᠦᠯᠵᠦ᠂ ᠠᠩᠬ᠎ᠠ ᠰᠢᠢᠳᠪᠦᠷᠢᠯᠡᠬᠦ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠵᠦ᠂ | ᠰᠠᠬᠢᠯᠭ᠎ᠠ ᠪᠠᠲᠤ ᠶᠢ ᠬᠡᠷᠡᠭᠵᠢᠭᠦᠯᠵᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ᠎ᠠ᠃ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃ ᠲᠥᠷᠥᠯ ᠵᠦᠢᠯ ᠤᠨ | ᠡᠮᠦᠨᠡᠬᠢ ᠬᠤᠭᠤᠴᠠᠭᠠᠨ ᠤ ᠴᠢᠬᠤᠯᠠ ᠨᠥᠬᠦᠴᠡᠯ ᠢ ᠬᠦᠢᠴᠡᠳᠭᠡᠬᠦ ᠰᠠᠯᠠᠭ᠎ᠠ ᠮᠥᠴᠢᠷ ᠪᠥᠬᠦ ᠶᠠᠪᠤᠴᠠ ᠳᠤ ᠲᠥᠷᠥᠯ | ᠵᠦᠢᠯ ᠤᠨ ᠨᠢᠭᠡᠴᠡ ᠳᠤ ᠰᠠᠶᠢᠲᠤᠷ ᠦᠢᠯᠡᠴᠢᠯᠡᠨ᠎ᠡ︔ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠥᠪᠯᠡᠷᠡᠭᠦᠯᠦᠨ ᠬᠢᠨᠠᠨ | ᠵᠥᠪᠰᠢᠶᠡᠷᠡᠬᠦ ᠶᠢ ᠴᠠᠭ ᠲᠤᠨᠢ ᠳᠣᠭᠢᠷᠠᠭᠤᠯᠤᠨ ᠵᠣᠬᠢᠶᠠᠨ ᠪᠠᠶᠢᠭᠤᠯᠵᠤ ᠥᠷᠨᠢᠭᠦᠯᠦᠨ᠎ᠡ᠃ | ︵ᠬᠤᠶᠠᠷ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠠᠵᠢᠯᠯᠠᠭ᠎ᠠ ᠶᠢᠨ | ᠪᠠᠲᠤᠯᠠᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠵᠤ᠂ ᠡᠯ᠎ᠡ ᠰᠤᠮᠤ ᠪᠠᠯᠭᠠᠰᠤ ᠶᠢᠨ ᠵᠠᠰᠠᠭ ᠤᠨ ᠣᠷᠳᠣᠨ᠂ | ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠳ ᠬᠠᠮᠢᠶ᠎ᠠ ᠪᠥᠬᠦᠶ ᠲᠦᠯᠬᠢᠨ ᠠᠬᠢᠭᠤᠯᠬᠤ ᠳᠤᠭᠤᠶᠢᠯᠠᠩ ᠢ | ᠵᠣᠬᠢᠶᠠᠨ ᠪᠠᠶᠢᠭᠤᠯᠵᠤ᠂ ᠡᠯ᠎ᠡ ᠵᠦᠢᠯ ᠤᠨ ᠠᠵᠢᠯ ᠢ ᠲᠤᠰᠬᠠᠶᠢᠯᠠᠨ ᠤᠳᠤᠷᠢᠳᠬᠤ᠂ ᠵᠣᠬᠢᠴᠠᠭᠤᠯᠬᠤ᠂ ᠲᠣᠬᠢᠷᠠᠭᠤᠯᠬᠤ | ᠂ ᠬᠢᠨᠠᠨ ᠵᠢᠯᠣᠭᠤᠳᠬᠤ ᠶᠢ ᠲᠣᠳᠣᠷᠬᠠᠶᠢᠯᠠᠵᠤ᠂ ᠦᠨᠡᠨᠬᠦ ᠦᠷ᠎ᠡ ᠪᠦᠲᠦᠮᠵᠢ ᠤᠯᠤᠨ᠎ᠠ᠃ | ︵ᠭᠤᠷᠪᠠ︶ ᠳᠣᠭᠢᠷᠠᠭᠤᠯᠤᠨ ᠠᠬᠢᠭᠤᠯᠬᠤ ᠶᠢ ᠴᠢᠩᠭᠠᠳᠬᠠᠨ᠎ᠠ᠃ ᠬᠤᠰᠢᠭᠤᠨ ᠤ ᠭᠠᠷᠠᠭ ᠤᠨ | ᠲᠣᠬᠢᠷᠠᠭᠤᠯᠤᠯᠲᠠ ᠶᠢᠨ ᠲᠦᠷᠢᠮ ᠢ ᠪᠠᠶᠢᠭᠤᠯᠵᠤ᠂ ᠠᠵᠢᠯ ᠤᠨ ᠳᠤᠮᠳᠠ ᠢᠯᠡᠷᠡᠭᠰᠡᠨ ᠠᠰᠠᠭᠤᠳᠠᠯ ᠪᠠ ᠬᠦᠴᠢᠷᠳᠡᠯ ᠢ | ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠵᠦ᠂ ᠴᠢᠬᠤᠯᠠ ᠶᠡᠭᠡ ᠵᠦᠢᠯᠡᠰ ᠢ ᠴᠠᠭ ᠲᠤᠬᠠᠶ ᠳᠤᠨᠢ ᠬᠤᠰᠢᠭᠤᠨ | ᠤ ᠵᠠᠰᠠᠭ ᠤᠨ ᠣᠷᠳᠣᠨ ᠳᠤ ᠮᠡᠳᠡᠭᠦᠯᠦᠨ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠡᠯ᠎ᠡ ᠵᠦᠢᠯ ᠤᠨ | ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠨ᠎ᠠ᠃ | ︵ᠳᠥᠷᠪᠡ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠶᠢ ᠡᠭᠦᠳᠦᠨ᠎ᠡ᠃ ᠳᠤᠲᠠᠭᠤ ᠶᠢ ᠬᠦᠯᠢᠶᠡᠨ | ᠠᠪᠴᠤ ᠰᠢᠢᠳᠪᠦᠷᠢᠯᠡᠬᠦ᠂ ᠮᠡᠳᠡᠭᠳᠡᠵᠦ ᠠᠮᠠᠯᠳᠠᠬᠤ᠂ ᠵᠠᠬᠢᠳᠠᠯ ᠢᠶᠠᠷ ᠭᠡᠷᠡᠴᠢ ᠶᠢ ᠣᠷᠣᠯᠠᠭᠤᠯᠬᠤ᠂ ᠬᠠᠪᠰᠤᠷᠤᠨ | ᠭᠦᠢᠴᠡᠳᠬᠡᠬᠦ ᠶᠢ ᠬᠢᠨᠠᠨ ᠵᠥᠪᠰᠢᠶᠡᠷᠡᠬᠦ᠂ ᠣᠨᠴᠠᠭᠠᠶ ᠬᠡᠷᠡᠭ ᠢ ᠣᠨᠴᠠᠭᠠᠶ ᠰᠢᠢᠳᠪᠦᠷᠢᠯᠡᠬᠦ ᠵᠡᠷᠭᠡ ᠠᠯᠢ ᠤᠯᠠᠨ ᠠᠷᠭ᠎ᠠ | ᠬᠡᠮᠵᠢᠶ᠎ᠡ ᠶᠢ ᠬᠡᠷᠡᠭᠵᠢᠭᠦᠯᠵᠦ᠂ ᠤᠴᠢᠷ ᠶᠠᠪᠤᠳᠠᠯ᠂ ᠮᠠᠲ᠋ᠧᠷᠢᠶᠠᠯ᠂ ᠭᠤᠭᠴᠤᠭ᠎ᠠ᠂ ᠭᠡᠷᠡᠴᠢ ᠦᠨᠡᠮᠯᠡᠯ᠂ ᠴᠠᠭ ᠤᠨ | ᠬᠢᠵᠠᠭᠠᠷ ᠢ ᠶᠡᠭᠡ ᠪᠠᠷ ᠰᠢᠢᠳᠪᠦᠷᠢᠯᠡᠨ ᠴᠣᠮᠬᠠᠳᠬᠠᠵᠤ᠂ ᠤᠯᠠᠨ ᠦᠨᠡᠯᠡᠯᠲᠡ ᠶᠢ ᠨᠢᠭᠡᠳᠬᠡᠬᠦ᠂ ᠤᠯᠠᠨ ᠬᠡᠮᠵᠢᠯᠲᠡ ᠶᠢ | ᠨᠢᠭᠡᠳᠬᠡᠬᠦ᠂ ᠤᠯᠠᠨ ᠵᠢᠷᠤᠭ ᠢ ᠬᠠᠮᠲᠤᠷᠠᠨ ᠬᠢᠨᠠᠬᠤ ᠶᠢ ᠪᠦᠬᠦ ᠬᠦᠴᠦᠨ ᠢᠶᠠᠷ ᠢᠶᠠᠨ ᠭᠡᠷᠡᠭᠵᠢᠬᠦᠯᠦᠨ᠎ᠡ᠃ | ︵ᠲᠠᠪᠤ︶ ᠠᠵᠢᠯ ᠤᠨ ᠠᠮᠵᠢᠯᠲᠠ ᠪᠦᠲᠦᠮᠵᠢ ᠶᠢᠨ ᠬᠢᠨᠠᠨ ᠰᠢᠯᠭᠠᠯᠳᠠ ᠳᠤ ᠤᠷᠤᠭᠤᠯᠤᠨ᠎ᠠ᠃ ᠡᠯ᠎ᠡ ᠰᠤᠮᠤ | ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠶᠢᠨ ︽ᠡᠪᠦᠯ ᠤᠨ ᠤᠯᠠᠷᠢᠯ ᠤᠨ ᠠᠵᠢᠯᠯᠠᠭ᠎ᠠ | ︾ ᠳᠤᠮᠳᠠᠬᠢ ᠲᠥᠷᠥᠯ ᠵᠦᠢᠯ ᠢ ᠲᠥᠯᠥᠪᠵᠢᠭᠦᠯᠬᠦ᠂ ᠡᠮᠦᠨᠡᠬᠢ ᠬᠤᠭᠤᠴᠠᠭᠠᠨ ᠳᠤ ᠬᠦᠢᠴᠡᠳᠭᠡᠬᠦ᠂ ᠠᠷᠠᠯᠵᠢᠶᠠᠴᠢᠨ | ᠤᠷᠢᠵᠤ ᠪᠠᠯᠠ ᠣᠷᠣᠭᠤᠯᠬᠤ ᠵᠢᠴᠢ 2021 ᠣᠨ ᠤ ᠲᠥᠷᠥᠯ ᠵᠦᠢᠯ ᠤᠨ ᠡᠬᠢᠯᠡᠵᠦ ᠠᠵᠢᠯᠯᠠᠭᠰᠠᠨ ᠨᠣᠷᠮ᠎ᠠ ᠵᠡᠷᠭᠡ | ᠠᠵᠢᠯ ᠢ ᠪᠡᠶᠡᠯᠡᠭᠦᠯᠦᠭᠰᠡᠨ ᠪᠠᠶᠢᠳᠠᠯ ᠢ 2021 ᠣᠨ ᠤ ᠤᠳᠤᠷᠢᠳᠬᠤ ᠪᠠᠭ ᠤᠨ ᠠᠵᠢᠯ ᠤᠨ ᠠᠮᠵᠢᠯᠲᠠ ᠪᠦᠲᠦᠮᠵᠢ | ᠶᠢᠨ ᠬᠢᠨᠠᠨ ᠰᠢᠯᠭᠠᠬᠤ ᠠᠭᠤᠯᠭ᠎ᠠ ᠳᠤ ᠣᠷᠣᠭᠤᠯᠤᠨ᠎ᠠ᠃ | ︵ᠵᠢᠷᠭᠤᠭ᠎ᠠ︶ ᠱᠠᠯᠠᠪᠳᠠᠭᠤᠯᠤᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠷᠠᠭᠤᠯᠤᠨ᠎ᠠ᠃ | ᠬᠤᠰᠢᠭᠤᠨ ᠤ ᠵᠠᠰᠠᠭ ᠤᠨ ᠣᠷᠳᠣᠨ ᠤ ᠱᠠᠯᠠᠪᠳᠠᠭᠤᠯᠤᠨ ᠪᠠᠶᠢᠴᠠᠭᠠᠬᠤ ᠲᠠᠰᠤᠭ ᠲᠣᠰ ᠠᠵᠢᠯ ᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠥᠬᠦ ᠲᠠᠯ᠎ᠠ ᠪᠠᠷ ᠱᠠᠯᠠᠪᠳᠠᠭᠤᠯᠤᠨ ᠪᠠᠶᠢᠴᠠᠭᠠᠬᠤ ᠶᠢ ᠬᠠᠷᠢᠭᠤᠴᠠᠵᠤ᠂ | ᠱᠠᠯᠠᠪᠳᠠᠭᠤᠯᠤᠨ ᠪᠠᠶᠢᠴᠠᠭᠠᠭᠰᠠᠨ ᠦᠷ᠎ᠡ ᠳ᠋ᠦᠩ ᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠭᠤᠤᠯ ᠤᠳᠤᠷᠢᠳᠤᠯᠭ᠎ᠠ ᠳᠤ ᠮᠡᠳᠡᠭᠦᠯᠬᠦ ᠶᠢᠨ ᠬᠠᠮᠲᠤ ᠪᠥᠬᠦ ᠬᠤᠰᠢᠭᠤᠨ ᠳᠤ ᠮᠡᠳᠡᠭᠳᠡᠨ᠎ᠡ᠃ ᠡᠮᠦᠨᠡᠬᠢ | ᠬᠤᠭᠤᠴᠠᠭᠠᠨ ᠤ ᠴᠢᠬᠤᠯᠠ ᠨᠥᠬᠦᠴᠡᠯ ᠢ ᠬᠦᠢᠴᠡᠳᠭᠡᠬᠦ ᠶᠠᠪᠤᠴᠠ ᠳᠤ ᠦᠢᠯᠡᠴᠢᠯᠡᠭᠡᠨ ᠤ ᠤᠬᠠᠮᠰᠠᠷ ᠢᠶᠠᠷ ᠳᠤᠲᠠᠮᠠᠭ᠂ | ᠰᠢᠯᠲᠠᠭᠯᠠᠨ ᠬᠠᠷᠢᠭᠤᠴᠠᠯᠭ᠎ᠠ ᠪᠠᠨ ᠪᠥᠭᠯᠡᠭᠰᠡᠨ᠂ ᠡᠭᠦᠷᠭᠡ ᠪᠠᠨ ᠴᠠᠭ ᠲᠤᠬᠠᠶ ᠳᠤᠨᠢ ᠪᠡᠶᠡᠯᠡᠭᠦᠯᠦᠭᠰᠡᠨ ᠥᠬᠡᠶ᠂ | ᠠᠵᠢᠯ ᠢᠶᠠᠨ ᠠᠬᠢᠭᠤᠯᠤᠭᠰᠠᠨ ᠢᠶᠠᠷ ᠠᠨᠠᠢ ᠭᠠᠵᠠᠷ ᠣᠷᠣᠨ ᠪᠠ ᠰᠠᠯᠠᠭ᠎ᠠ ᠮᠥᠴᠢᠷ ᠢ ᠵᠠᠷᠯᠠᠨ ᠰᠢᠭᠦᠮᠵᠢᠯᠡᠨ᠎ᠡ᠃ | | | ᠰᠢᠨ᠎ᠡ ᠪᠠᠷᠭᠤ ᠪᠠᠷᠠᠭᠤᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | | |