3 — 11 ᠨᠠᠰᠤᠨ ᠤ ᠬᠥᠮᠦᠰ ᠤᠨ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠡᠬᠢᠯᠡᠭᠦᠯᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2021/11/11
    ︽ᠬᠥᠯᠥᠨ ᠪᠤᠶᠢᠷ ᠬᠤᠲᠠ ᠶᠢᠨ 3 — 11 ᠨᠠᠰᠤᠨ ᠤ ᠬᠥᠮᠦᠰ ᠤᠨ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠬᠥᠯᠥᠨ ᠪᠤᠶᠢᠷ ᠬᠤᠲᠠ ᠶᠢᠨ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠮᠡᠳᠡᠭᠳᠡᠯ︾ ︵ᠬᠦᠯᠦᠨ ᠸᠠᠺᠼᠢᠨ ᠳᠠᠷᠢᠯᠭ᠎ᠠ ᠠᠯᠪᠠᠨ ᠥᠰᠥᠭ ﹇2021﹈ 10 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠨᠢᠭᠡᠳᠦᠯᠲᠡᠶ ᠳᠣᠭᠢᠷᠠᠭᠤᠯᠵᠤ᠂ 11 ᠰᠠᠷ᠎ᠠ ᠶᠢᠨ 10 ᠤ ᠡᠳᠦᠷ ᠠᠴᠠ ᠡᠬᠢᠯᠡᠨ ᠪᠥᠬᠦ ᠬᠤᠰᠢᠭᠤᠨ ᠤ 3 — 11 ᠨᠠᠰᠤᠨ ᠤ ᠬᠥᠮᠦᠰ ᠤᠨ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠡᠬᠢᠯᠡᠭᠦᠯᠬᠦ ᠪᠠᠷ ᠲᠣᠭᠲᠠᠪᠠ᠃ ᠤᠳᠤ ᠬᠤᠯᠪᠣᠭᠳᠠᠯ ᠪᠦᠬᠦᠢ ᠵᠦᠢᠯ ᠢ  ᠲᠤᠤᠷ᠎ᠠ ᠵᠠᠷᠯᠠᠶ᠎ᠠ᠄ ᠨᠢᠭᠡ᠂ ᠲᠠᠷᠢᠯᠭ᠎ᠠ ᠬᠢᠬᠦ ᠭᠠᠵᠠᠷ ᠪᠣᠯᠤᠨ ᠲᠠᠷᠢᠯᠭ᠎ᠠ ᠬᠢᠬᠦ ᠡᠳᠦᠷ ᠤᠨ ᠲᠤᠬᠢᠷᠠᠭᠤᠯᠤᠯᠲᠠ     ᠲᠠᠷᠢᠯᠭ᠎ᠠ ᠶᠢᠨ ᠭᠠᠵᠠᠷ᠄ ᠬᠤᠰᠢᠭᠤᠨ ᠤ ᠠᠵᠢᠯᠴᠢᠨ ᠤ ᠰᠣᠶᠣᠯ ᠤᠨ ᠣᠷᠳᠣᠨ     ᠲᠠᠷᠢᠯᠭ᠎ᠠ ᠬᠢᠬᠦ ᠴᠠᠭ᠄     ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00 — 12᠄ 00 ᠴᠠᠭ᠂ 14᠄ 00 — 17᠄ 00 ᠴᠠᠭ ᠲᠤ 3 — 7 ᠪᠦᠬᠦᠯᠢ ᠨᠠᠰᠤᠨ ᠤ ᠬᠥᠮᠦᠰ ᠲᠤ ᠲᠠᠷᠢᠯᠭ᠎ᠠ ᠬᠢᠨ᠎ᠠ︔ ᠭᠠᠷᠠᠭ ᠤᠨ ᠵᠢᠷᠭᠤᠭᠠᠨ᠂ ᠭᠠᠷᠠᠭ ᠤᠨ ᠡᠳᠦᠷ ᠤᠨ 9᠄ 00 — 16᠄ 30 ᠴᠠᠭ ᠲᠤ 8 — 11 ᠪᠦᠬᠦᠯᠢ ᠨᠠᠰᠤᠨ ᠤ ᠬᠥᠮᠦᠰ ᠲᠤ ᠲᠠᠷᠢᠯᠭ᠎ᠠ ᠬᠢᠨ᠎ᠡ᠂ ᠦᠳᠡ ᠳᠤ ᠠᠮᠠᠷᠠᠬᠤ ᠥᠬᠡᠶ᠃ ᠬᠤᠶᠠᠷ᠂ 3 — 11 ᠨᠠᠰᠤᠨ ᠤ ᠬᠥᠮᠦᠰ ᠲᠤ ᠰᠢᠨ᠎ᠡ ᠲᠠᠷᠢᠯᠭ᠎ᠠ ᠶᠢᠨ ᠸᠠᠺᠼᠢᠨ ᠤ ᠲᠠᠷᠢᠯᠭ᠎ᠠ ᠶᠢᠨ ᠠᠷᠭ᠎ᠠ ᠮᠠᠶ᠋ᠢᠭ     3 — 11 ᠨᠠᠰᠤᠨ ᠤ ᠬᠥᠮᠦᠰ ᠲᠤ ᠬᠠᠷᠢᠶ᠎ᠠ ᠣᠷᠣᠨ ᠤ ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠰᠤᠷᠭᠠᠭᠤᠯᠢ ︵ᠬᠡᠤᠬᠡᠳ ᠤᠨ ᠴᠡᠴᠡᠷᠯᠢᠭ︶ ᠨᠢ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠠᠵᠢᠯ ᠤᠨ ᠱᠠᠭᠠᠷᠳᠠᠯᠭ᠎ᠠ ᠶᠣᠰᠣᠭᠠᠷ ᠲᠠᠷᠢᠯᠭ᠎ᠠ ᠶᠢᠨ ᠠᠵᠢᠯ ᠢ ᠬᠠᠮᠵᠢᠯᠴᠠᠨ ᠵᠣᠬᠢᠶᠠᠨ ᠪᠠᠶᠢᠭᠤᠯᠵᠤ᠂ ᠰᠤᠷᠭᠠᠨ ᠬᠥᠮᠦᠵᠢᠯ ᠤᠨ ᠲᠣᠪᠴᠢᠶ᠎ᠠ ᠨᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ᠂ ᠬᠡᠤᠬᠡᠳ ᠤᠨ ᠴᠡᠴᠡᠷᠯᠢᠭ ᠢ ᠵᠢᠯᠣᠭᠤᠳᠴᠤ ᠪᠠᠶᠢᠭᠠᠳ ᠨᠡᠪᠲᠡᠷᠡᠯᠴᠡᠨ ᠮᠡᠳᠡᠭᠳᠡᠬᠦ᠂ ᠤᠬᠠᠭᠤᠯᠤᠨ ᠬᠥᠮᠦᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠪᠠᠶᠢᠳᠠᠯ ᠢ ᠮᠡᠳᠡᠬᠦ᠂ ᠵᠥᠪᠰᠢᠶᠡᠷᠡᠬᠦ᠂ ᠰᠠᠶᠢᠨ ᠳᠤᠷ᠎ᠠ ᠶᠢᠨ ᠪᠠᠶᠢᠬᠤ ᠵᠠᠷᠴᠢᠮ ᠤᠨ ᠳᠣᠤᠷ᠎ᠠ᠂ ᠬᠢᠨᠠᠨ ᠬᠠᠮᠠᠭᠠᠯᠠᠭᠴᠢ ᠨᠢ ᠪᠠᠷ᠎ᠠ ᠪᠣᠯᠵᠣ ᠲᠠᠷᠢᠯᠭ᠎ᠠ ᠶᠢᠨ ᠴᠡᠭ ᠲᠤ ᠣᠴᠢᠵᠤ ᠲᠠᠷᠢᠯᠭ᠎ᠠ ᠬᠢᠨ᠎ᠠ︔ ᠰᠤᠷᠭᠠᠭᠤᠯᠢ ᠪᠤᠯᠤᠨ ᠬᠡᠤᠬᠡᠳ ᠤᠨ ᠴᠡᠴᠡᠷᠯᠢᠭ ᠲᠤ ᠪᠠᠶᠢᠭ᠎ᠠ ᠦᠬᠡᠢ ᠬᠥᠮᠦᠰ ᠢ ᠡᠯ᠎ᠡ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠢᠵᠢᠭ ᠢ ᠰᠡᠷᠭᠡᠶᠢᠯᠡᠬᠦ ᠡᠭᠡᠯᠢᠯᠡᠭᠡ ᠶᠢᠨ ᠲᠥᠯᠥᠪᠵᠢᠭᠦᠯᠭᠡ ᠶᠢᠨ ᠲᠠᠷᠢᠯᠭ᠎ᠠ ᠶᠢᠨ ᠠᠵᠢᠯᠲᠠᠨ ᠠᠴᠠ ᠲᠠᠷᠢᠯᠭ᠎ᠠ ᠶᠢᠨ ᠴᠡᠭ ᠲᠤ ᠵᠣᠬᠢᠶᠠᠨ ᠪᠠᠶᠢᠭᠤᠯᠵᠤ ᠲᠠᠷᠢᠯᠭ᠎ᠠ ᠬᠢᠯᠭᠡᠵᠦ ᠪᠣᠯᠤᠨ᠎ᠠ᠃     3 — 11 ᠨᠠᠰᠤᠨ ᠤ ᠬᠥᠮᠦᠰ ᠲᠤ ᠲᠠᠷᠢᠯᠭ᠎ᠠ ᠬᠢᠬᠦ ᠳᠤ ᠬᠢᠨᠠᠨ ᠬᠠᠮᠠᠭᠠᠯᠠᠭᠴᠢ ᠨᠢ ᠪᠥᠬᠦ ᠶᠠᠪᠤᠴᠠ ᠳᠤ ᠪᠠᠷ᠎ᠠ ᠪᠣᠯᠵᠣ᠂ ᠪᠠᠶᠢᠳᠠᠯ ᠢ ᠮᠡᠳᠡᠬᠦ ᠵᠥᠪᠰᠢᠶᠡᠷᠡᠯ ᠤᠨ ᠪᠢᠴᠢᠭ ᠲᠤ ᠭᠠᠷ ᠤᠨ ᠥᠰᠥᠭ ᠵᠢᠷᠤᠬᠤ ᠶᠢᠨ ᠬᠠᠮᠲᠤ ᠰᠡᠷᠭᠡᠶᠢᠯᠡᠬᠦ ᠲᠠᠷᠢᠯᠭ᠎ᠠ ᠶᠢᠨ ᠦᠨᠡᠮᠯᠡᠯ ᠪᠠ ᠪᠡᠶ᠎ᠡ ᠶᠢᠨ ᠦᠨᠡᠮᠯᠡᠯ ᠤᠨ ᠪᠢᠴᠢᠭ ᠮᠠᠲ᠋ᠧᠷᠢᠶᠠᠯ ︵ᠪᠡᠶ᠎ᠡ ᠶᠢᠨ ᠦᠨᠡᠮᠯᠡᠯ ᠪᠤᠶᠤ ᠡᠷᠦᠬᠡ ᠠᠮᠠ ᠶᠢᠨ ᠳᠡᠪᠲᠡᠷ︶ ᠢᠶᠠᠨ ᠠᠪᠴᠤ ᠶᠠᠪᠤᠬᠤ ᠬᠡᠷᠡᠭᠲᠡᠶ᠃     ᠲᠠᠷᠢᠯᠭ᠎ᠠ ᠬᠢᠬᠦ ᠠᠴᠠ ᠡᠮᠦᠨ᠎ᠡ᠄ ᠬᠢᠨᠠᠨ ᠬᠠᠮᠠᠭᠠᠯᠠᠭᠴᠢ ᠨᠢ ᠰᠢᠨ᠎ᠡ ᠲᠢᠳᠢᠮᠯᠢᠭ ᠠᠭᠤᠰᠬᠢᠨ ᠦᠷᠪᠢᠰᠦᠯ ᠪᠠ ᠰᠢᠨ᠎ᠡ  ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠬᠠᠮᠢᠶ᠎ᠠ ᠪᠥᠬᠦᠶ ᠮᠡᠳᠡᠯᠭᠡ ᠶᠢ ᠣᠶᠢᠯᠠᠭᠠᠵᠤ᠂ ᠬᠡᠤᠬᠡᠳ  ᠤᠨ ᠲᠠᠷᠢᠯᠭ᠎ᠠ ᠶᠢᠨ ᠦᠨᠡᠮᠯᠡᠯ ᠪᠠ ᠬᠠᠮᠢᠶ᠎ᠠ ᠪᠥᠬᠦᠶ ᠪᠡᠶ᠎ᠡ ᠶᠢᠨ ᠦᠨᠡᠮᠯᠡᠯ ︵ᠪᠡᠶ᠎ᠡ ᠶᠢᠨ ᠦᠨᠡᠮᠯᠡᠯ ᠪᠤᠶᠤ ᠡᠷᠦᠬᠡ ᠠᠮᠠ ᠶᠢᠨ ᠳᠡᠪᠲᠡᠷ︶ ᠢ ᠰᠠᠶᠢᠲᠤᠷ ᠠᠪᠴᠢᠷᠠᠵᠤ ᠥᠭᠬᠦ ᠬᠡᠷᠡᠭᠲᠡᠶ︔ ᠲᠠᠷᠢᠯᠭ᠎ᠠ ᠬᠢᠬᠦ ᠠᠴᠠ ᠪᠠᠨ ᠡᠮᠦᠨ᠎ᠡ ᠬᠡᠦᠬᠡᠳ ᠤᠨ ᠥᠯᠥᠨ ᠭᠡᠳᠡᠰᠦ ᠲᠠᠢ ᠪᠠ ᠶᠠᠳᠠᠷᠠᠬᠤ ᠠᠴᠠ ᠵᠠᠶᠢᠯᠠᠰᠬᠢᠵᠦ᠂ ᠲᠤᠬᠠᠶ ᠶᠢᠨ ᠡᠳᠦᠷ ᠲᠡᠭᠡᠨ ᠠᠭᠤᠵᠢᠭᠤ ᠬᠤᠪᠴᠠᠰᠤ ᠡᠮᠦᠰᠴᠦ ᠲᠠᠷᠢᠯᠭ᠎ᠠ ᠬᠢᠬᠦ ᠳᠤ ᠳᠥᠭᠦᠮ ᠪᠣᠯᠭᠠᠬᠤ ᠶᠢ ᠰᠠᠨᠠᠭᠤᠯᠤᠨ᠎ᠠ᠃     ᠲᠠᠷᠢᠯᠭ᠎ᠠ ᠬᠢᠬᠦ ᠦᠶ᠎ᠡ ᠳᠤ᠂ ᠬᠢᠨᠠᠨ ᠬᠠᠮᠠᠭᠠᠯᠠᠭᠴᠢ ᠠᠴᠠ ᠲᠠᠷᠢᠯᠭ᠎ᠠ ᠶᠢᠨ ᠡᠮᠴᠢ ᠳᠤ ᠳᠠᠷᠢᠯᠭ᠎ᠠ ᠬᠢᠯᠭᠡᠭᠴᠢ  ᠶᠢᠨ ᠡᠷᠡᠭᠦᠯ ᠮᠡᠨᠳᠦ ᠶᠢᠨ ᠪᠠᠶᠢᠳᠠᠯ ᠪᠠ ᠲᠠᠷᠢᠯᠭ᠎ᠠ ᠶᠢᠨ ᠴᠡᠭᠡᠷ ᠢ ᠦᠨᠡᠨ ᠮᠥᠨ ᠢᠶᠠᠷ ᠨᠢ ᠮᠡᠳᠡᠭᠳᠡᠵᠦ᠂ ᠡᠮᠴᠢ ᠶᠢᠨ ᠦᠨᠡᠯᠡᠨ ᠵᠢᠱᠢᠯᠲᠡ ᠬᠢᠬᠦ ᠶᠢᠨ ᠬᠠᠮᠲᠤ ᠬᠢᠨᠠᠨ ᠬᠠᠮᠠᠭᠠᠯᠠᠭᠴᠢ ᠪᠠᠶᠢᠳᠠᠯ ᠢ ᠮᠡᠳᠡᠬᠦ ᠵᠥᠪᠰᠢᠶᠡᠷᠡᠯ ᠤᠨ ᠪᠢᠴᠢᠭ ᠲᠤ ᠭᠠᠷ ᠤᠨ ᠦᠰᠦᠭ ᠵᠢᠷᠤᠭᠰᠠᠨ ᠤ ᠳᠠᠷᠠᠭ᠎ᠠ ᠰᠠᠶ᠋ᠢ ᠲᠠᠷᠢᠯᠭ᠎ᠠ ᠬᠢᠵᠦ ᠪᠣᠯᠤᠨ᠎ᠠ᠃ ᠲᠠᠷᠢᠯᠭ᠎ᠠ ᠬᠢᠭᠰᠡᠨ ᠤ ᠳᠠᠷᠠᠭ᠎ᠠ ᠲᠤᠬᠠᠶ ᠶᠢᠨ ᠲᠠᠯᠠᠪᠤᠷ ᠲᠤ 30 ᠮᠢᠨᠦ᠋ᠲ ᠦᠯᠡᠳᠡᠭᠡᠵᠦ᠂ ᠬᠡᠪ ᠤᠨ ᠪᠤᠰᠤ ᠪᠠᠶᠢᠳᠠᠯ ᠭᠠᠷᠤᠭᠰᠠᠨ ᠦᠭᠡᠢ ᠶᠢ ᠲᠣᠳᠣᠯᠠᠭᠰᠠᠨ ᠤ ᠳᠠᠷᠠᠭ᠎ᠠ ᠰᠠᠶ᠋ᠢ ᠶᠠᠪᠤᠵᠦ ᠪᠣᠯᠤᠨ᠎ᠠ᠃ ᠬᠡᠷᠪᠡ ᠡᠪ ᠦᠭᠡᠢ ᠪᠠᠶᠢᠪᠠᠯ ᠴᠠᠭ ᠲᠤᠬᠠᠶ ᠳᠤᠨᠢ ᠡᠮᠴᠢ ᠳᠤ ᠮᠡᠳᠡᠭᠳᠡᠬᠦ ᠬᠡᠷᠡᠭᠲᠡᠶ᠃    ᠲᠠᠷᠢᠯᠭ᠎ᠠ ᠬᠢᠭᠰᠡᠨ ᠤ ᠳᠠᠷᠠᠭ᠎ᠠ᠄ ᠬᠢᠨᠠᠨ ᠬᠠᠮᠠᠭᠠᠯᠠᠭᠴᠢ ᠬᠡᠦᠬᠡᠳ ᠤᠨ ᠢᠶᠠᠨ ᠪᠠᠶᠢᠳᠠᠯ ᠢ ᠠᠩᠬᠠᠷᠤᠨ ᠠᠵᠢᠭᠯᠠᠬᠤ ᠬᠡᠷᠡᠭᠲᠡᠶ᠂ ᠬᠡᠦᠬᠡᠳ ᠲᠤ ᠡᠷᠡᠭᠦᠯ ᠪᠤᠰᠤ ᠪᠠᠶᠢᠳᠠᠯ ᠭᠠᠷᠪᠠᠯ ᠲᠠᠷᠢᠯᠭ᠎ᠠ ᠶᠢᠨ ᠨᠢᠭᠡᠴᠢ ᠳᠤ ᠮᠡᠳᠡᠭᠦᠯᠬᠦ ᠶᠢᠨ ᠬᠠᠮᠲᠤ ᠴᠠᠭ ᠲᠤᠬᠠᠶ ᠳᠤᠨᠢ ᠡᠮᠨᠡᠭᠦᠯᠬᠦ ᠬᠡᠷᠡᠭᠲᠡᠶ᠃ ᠨᠢᠭᠡ ᠭᠠᠷᠠᠭ ᠤᠨ ᠳᠣᠲᠣᠷ᠎ᠠ ᠬᠡᠦᠬᠡᠳ ᠲᠤ ᠬᠠᠷᠠᠰᠦ ᠢᠳᠡᠭᠡᠨ ᠤᠮᠳᠠᠭᠠᠨ ᠢᠳᠡᠬᠦᠯᠵᠦ᠂ ᠠᠮᠠᠷᠠᠬᠤ ᠶᠢ ᠠᠩᠬᠠᠷᠴᠤ᠂ ᠬᠡᠲᠦᠷᠬᠡᠶ ᠬᠥᠳᠡᠯᠭᠡᠭᠡᠨ ᠬᠢᠬᠦ ᠪᠠ ᠶᠠᠳᠠᠷᠠᠵᠤ ᠵᠦᠳᠡᠷᠡᠬᠦ ᠠᠴᠠ ᠵᠠᠶᠢᠯᠠᠰᠬᠢᠬᠦ ᠬᠡᠷᠡᠭᠲᠡᠶ᠃ ᠭᠤᠷᠪᠠ᠂ 3 — 11 ᠨᠠᠰᠤᠨ ᠤ ᠬᠥᠮᠦᠰ ᠲᠤ ᠰᠢᠨ᠎ᠡ ᠲᠢᠳᠢᠮᠯᠢᠭ ᠸᠠᠺᠼᠢᠨ ᠤ ᠲᠠᠷᠢᠯᠭ᠎ᠠ ᠬᠢᠬᠦ ᠴᠡᠭᠡᠷᠯᠡᠯ    1. ᠸᠠᠺᠼᠢᠨ ᠤ ᠢᠳᠡᠪᠬᠢ ᠪᠦᠷᠢᠯᠳᠦᠬᠦᠨ᠂ ᠶᠠᠮᠠᠷᠪᠠ ᠨᠢᠭᠡ ᠵᠦᠢᠯ ᠤᠨ ᠢᠳᠡᠪᠬᠢ ᠪᠤᠰᠤ ᠪᠦᠷᠢᠯᠳᠦᠬᠦᠨ ᠪᠤᠶᠤ ᠦᠢᠯᠡᠳᠪᠦᠷᠢᠯᠡᠯ ᠤᠨ ᠤᠷ᠎ᠠ ᠮᠡᠷᠭᠡᠰᠢᠯ ᠳᠤ ᠭᠡᠷᠡᠭᠯᠡᠬᠦ ᠪᠣᠳᠠᠰ ᠤᠨ ᠬᠠᠷᠰᠢᠯ ᠡᠭᠦᠰᠦᠭᠰᠡᠳ᠂ ᠡᠰᠡᠬᠦᠯ᠎ᠡ ᠥᠩᠭᠡᠷᠡᠭᠰᠡᠨ ᠳᠤ ᠠᠳᠠᠯᠢ ᠲᠥᠷᠥᠯ ᠤᠨ ᠸᠠᠺᠼᠢᠨ ᠤ ᠲᠠᠷᠢᠯᠭ᠎ᠠ ᠬᠢᠬᠦ ᠦᠶ᠎ᠡ ᠳᠤ ᠬᠠᠷᠰᠢᠯ ᠡᠭᠦᠰᠦᠭᠰᠡᠳ︔    2. ᠦᠩᠭᠡᠷᠡᠭᠰᠡᠨ ᠳᠤ ᠸᠠᠺᠼᠢᠨ ᠤ ᠬᠦᠨᠳᠦ ᠨᠣᠴᠢᠲᠠᠶ ᠬᠠᠷᠰᠢᠯ ᠡᠭᠦᠰᠦᠭᠰᠡᠳ ︵ᠵᠢᠱᠢᠶᠡᠯᠡᠪᠡᠯ ᠲᠦᠷᠭᠡᠨ ᠴᠢᠨᠠᠷᠲᠠᠶ ᠬᠠᠷᠰᠢᠮᠠᠲᠠᠭᠠᠶ ᠤᠷᠪᠠᠯ᠂ ᠴᠢᠰᠤᠨ ᠰᠤᠳᠠᠯ ᠤᠨ ᠮᠡᠳᠡᠷᠡᠯ ᠤᠨ ᠴᠢᠨᠠᠷᠲᠠᠶ ᠤᠰᠤᠨ ᠬᠠᠪᠤᠩ᠂ ᠠᠮᠢᠰᠬᠤᠯ ᠴᠢᠬᠤᠯᠳᠠᠬᠤ ᠵᠡᠷᠭᠡ︶︔    3. ᠬᠢᠵᠠᠭᠠᠷᠯᠠᠵᠤ ᠳᠡᠶᠢᠯᠦᠭᠡ ᠦᠭᠡᠢ ᠤᠨᠠᠳᠠᠭ ᠡᠪᠡᠳᠴᠢᠨ ᠪᠠ ᠮᠡᠳᠡᠷᠡᠯ ᠤᠨ ᠰᠢᠰᠲ᠋ᠧᠮ ᠤᠨ ᠪᠤᠰᠤᠳ ᠬᠦᠨᠳᠦ ᠡᠪᠡᠳᠴᠢᠨ ᠳᠤ ᠨᠡᠷᠪᠡᠭᠳᠡᠭᠰᠡᠳ ︵ᠵᠢᠱᠢᠶᠡᠯᠡᠪᠡᠯ ᠬᠥᠨᠳᠡᠯᠡᠨ ᠤ ᠴᠢᠨᠠᠷᠲᠠᠶ ᠨᠤᠭᠤᠰᠤᠨ ᠤ ᠦᠷᠪᠢᠰᠦᠯ᠂ ᠭᠷᠢᠮᠪᠠᠯᠢ ᠶᠢᠨ ᠨᠡᠶᠢᠯᠡᠭ ᠭᠡᠮ᠂ ᠨᠤᠭᠤᠰᠤᠨ ᠤ ᠳᠤᠭᠲᠤᠢ ᠠᠴᠠ ᠮᠤᠯᠲᠤᠷᠠᠭᠰᠠᠨ ᠡᠪᠡᠳᠴᠢᠨ ᠵᠡᠷᠭᠡ︶︔    4. ᠬᠠᠯᠠᠭᠤᠷᠠᠵᠤ ᠪᠠᠶᠢᠭ᠎ᠠ ᠡᠪᠡᠳᠴᠢᠲᠡᠨ᠂ ᠡᠰᠡᠬᠦᠯ᠎ᠡ ᠲᠦᠷᠭᠡᠨ ᠴᠢᠨᠠᠷᠲᠠᠶ ᠡᠪᠡᠳᠴᠢᠨ ᠳᠤ ᠨᠡᠷᠪᠡᠭᠳᠡᠭᠰᠡᠨ᠂ ᠡᠰᠡᠬᠦᠯ᠎ᠡ ᠤᠳᠠᠭᠠᠨ ᠴᠢᠨᠠᠷᠲᠠᠶ ᠡᠪᠡᠳᠴᠢᠨ ᠤ ᠲᠦᠷᠭᠡᠨ ᠴᠢᠨᠠᠷᠲᠠᠶ ᠬᠥᠳᠡᠯᠬᠦ ᠬᠤᠭᠤᠴᠠᠭᠠᠨ ᠳᠤ᠂ ᠡᠰᠡᠬᠦᠯ᠎ᠡ ᠬᠢᠵᠠᠭᠠᠷᠯᠠᠵᠤ ᠳᠡᠶᠢᠯᠦᠭᠡᠳᠦᠶ ᠬᠦᠨᠳᠦ ᠨᠣᠴᠢᠲᠠᠶ ᠤᠳᠠᠭᠠᠨ ᠴᠢᠨᠠᠷᠲᠠᠶ ᠡᠪᠡᠳᠴᠢᠳᠡᠨ︔    5. ᠲᠠᠷᠢᠯᠭ᠎ᠠ ᠶᠢᠨ ᠠᠵᠢᠯᠲᠠᠨ ᠤ ᠦᠨᠡᠯᠡᠨ ᠵᠢᠱᠢᠭᠰᠡᠨ ᠢᠶᠠᠷ᠂ ᠲᠠᠷᠢᠯᠭ᠎ᠠ ᠳᠤ ᠳᠣᠭᠢᠷᠠᠬᠤ ᠥᠬᠡᠶ ᠭᠡᠵᠦ ᠦᠵᠡᠭᠰᠡᠨ ᠪᠤᠰᠤᠳ ᠪᠠᠶᠢᠳᠠᠯ᠃ ᠳᠥᠷᠪᠡ᠂ ᠪᠤᠰᠤᠳ ᠠᠩᠬᠠᠷᠬᠤ ᠵᠦᠢᠯ    1. ᠪᠡᠭᠡᠵᠢᠩ ᠤᠨ ᠺᠧ ᠰᠢᠩ ᠵᠥᠩ ᠸᠧᠶ᠂ ᠪᠡᠭᠡᠵᠢᠩ ᠤᠨ ᠠᠮᠢᠳᠤ ᠪᠣᠳᠠᠰ᠂ ᠦᠬᠠᠨ ᠤ ᠠᠮᠢᠳᠤ ᠪᠣᠳᠠᠰ ᠤᠨ ᠰᠢᠨ᠎ᠡ  ᠲᠢᠳᠢᠮᠢᠭ ᠸᠢᠷᠦ᠋ᠰ ᠤᠨ ᠸᠠᠺᠼᠢᠨ ᠪᠣᠯ ᠴᠥᠮ ᠢᠳᠡᠪᠬᠢ ᠥᠬᠡᠶᠢᠳᠡᠭᠦᠯᠬᠦ ᠸᠠᠺᠼᠢᠨ ︵Vero ᠡᠰ︶ ᠮᠥᠨ᠂ ᠪᠥᠬᠦ ᠶᠠᠪᠤᠴᠠ ᠳᠤ 2 ᠵᠡᠬᠦᠦ ᠳᠠᠷᠢᠬᠤ ᠴᠢᠬᠤᠯᠠᠲᠠᠶ᠂ 2 ᠲᠠᠷᠢᠯᠭ᠎ᠠ ᠶᠢᠨ ᠬᠤᠭᠤᠷᠣᠨᠳᠣᠬᠢ ᠬᠤᠭᠤᠴᠠᠭ᠎ᠠ ᠶᠢ 3 ᠭᠠᠷᠠᠭ ᠠᠴᠠ ᠳᠡᠭᠡᠭᠰᠢ ᠪᠠᠶᠢᠯᠭᠠᠵᠤ᠂ 2 ᠳ᠋ᠤᠭᠠᠷ ᠲᠠᠷᠢᠯᠭ᠎ᠠ ᠶᠢ 8 ᠭᠠᠷᠠᠭ ᠤᠨ ᠳᠣᠲᠣᠷ᠎ᠠ ᠡᠷᠲᠡᠬᠡᠨ ᠬᠢᠵᠦ ᠳᠠᠭᠤᠰᠬᠠᠬᠤ ᠶᠢ ᠰᠠᠨᠠᠭᠤᠯᠵᠤ ᠪᠠᠶᠢᠨ᠎ᠠ᠃    2. ᠬᠡᠷᠪᠡ ᠸᠠᠺᠼᠢᠨ ᠤ ᠳᠠᠷᠢᠯᠭ᠎ᠠ ᠬᠦᠯᠢᠶᠡᠭᠴᠢ ᠣᠶᠢᠷ᠎ᠠ ᠶᠢᠨ ᠬᠤᠭᠤᠴᠠᠭᠠᠨ ᠳᠤ ᠪᠤᠰᠤᠳ ᠸᠠᠺᠼᠢᠨ ᠤ ᠲᠠᠷᠢᠯᠭ᠎ᠠ ᠬᠢᠬᠦ ᠴᠢᠬᠤᠯᠠᠲᠠᠶ ᠪᠠᠶᠢᠪᠠᠯ᠂ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠭᠰᠡᠨ ᠴᠠᠭ ᠠᠴᠠ 14 ᠡᠳᠦᠷ ᠠᠴᠠ  ᠢᠯᠡᠬᠦᠦ ᠪᠠᠶᠢᠯᠭᠠᠬᠤ ᠶᠢ ᠦᠨᠡᠨ ᠬᠦ ᠪᠠᠲᠤᠯᠠᠬᠤ ᠶᠢᠨ ᠬᠠᠮᠲᠤ ᠤᠯᠤᠰ ᠤᠨ ᠡᠭᠡᠯᠢᠯᠡᠭᠡ ᠶᠢᠨ ᠲᠥᠯᠥᠪᠵᠢᠭᠦᠯᠭᠡ ᠶᠢᠨ ᠸᠠᠺᠼᠢᠨ ᠤ ᠲᠠᠷᠢᠯᠭ᠎ᠠ ᠬᠢᠬᠦ ᠶᠢ ᠤᠷᠢᠳ ᠢᠶᠠᠷ ᠪᠠᠲᠤᠯᠠᠬᠤ ᠬᠡᠷᠡᠭᠲᠡᠶ᠃    3. ᠠᠮᠠᠪᠴᠢ ᠵᠡᠭᠦᠬᠦ᠂ ᠨᠢᠭᠡ ᠮᠧᠲᠷ ᠤᠨ ᠵᠠᠢ ᠲᠠᠢ ᠪᠠᠶᠢᠬᠤ ᠶᠢ ᠪᠠᠳᠤᠯᠠᠬᠤ ᠵᠡᠷᠭᠡ ᠬᠤᠪᠢ ᠬᠥᠮᠦᠨ ᠤ ᠬᠠᠮᠠᠭᠠᠯᠠᠯᠲᠠ ᠶᠢ ᠪᠥᠬᠦ ᠶᠠᠪᠤᠴᠠ ᠳᠤ ᠰᠠᠶᠢᠲᠤᠷ ᠬᠢᠵᠦ᠂ ᠤᠯᠠᠨ ᠬᠦᠮᠦᠨ ᠪᠦᠭᠡᠮᠨᠡᠷᠡᠬᠦ ᠠᠴᠠ ᠵᠠᠶᠢᠯᠠᠰᠬᠢᠵᠦ᠂ ᠴᠠᠭ ᠵᠥᠷᠢᠭᠦᠯᠦᠨ ᠲᠠᠷᠢᠯᠭ᠎ᠠ ᠬᠢᠬᠦ ᠬᠡᠷᠡᠭᠲᠡᠶ᠃        ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ                         2021 ᠣᠨ ᠤ 11 ᠰᠠᠷ᠎ᠠ ᠶᠢᠨ 10
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号