ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 20 ᠳ᠋ᠤᠭᠠᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2021/11/16
     ᠤᠯᠤᠰ ᠤᠨ ᠳᠣᠲᠣᠭᠠᠳᠤ ᠳᠤ ᠭᠠᠨᠰᠦ ᠮᠤᠵᠢ᠂ ᠱᠠᠨᠰᠢ ᠮᠤᠵᠢ ᠵᠢᠴᠢ ᠥᠪᠡᠷᠲᠡᠭᠡᠨ ᠵᠠᠰᠠᠬᠤ ᠣᠷᠣᠨ ᠤ ᠡᠷᠢᠶᠡᠨ ᠬᠤᠲᠠ᠂ ᠡᠵᠡᠨ᠎ᠡ ᠬᠤᠰᠢᠭᠤᠨ ᠤ ᠬᠢᠵᠢᠭ ᠤᠨ ᠪᠠᠶᠢᠳᠠᠯ ᠤᠨ ᠳᠠᠷᠠᠭ᠎ᠠ ᠪᠠᠷ᠂ ᠬᠠᠷᠠᠮᠥ᠋ᠷᠡᠨ ᠮᠤᠵᠢ᠂ ᠭᠢᠷᠢᠨ ᠮᠤᠵᠢ᠂ ᠪᠡᠭᠡᠵᠢᠩ ᠬᠤᠲᠠ᠂ ᠯᠢᠶᠣᠤᠨᠢᠩ ᠮᠤᠵᠢ ᠶᠢᠨ ᠳ᠋ᠠᠯᠢᠶᠠᠨ ᠬᠤᠲᠠ ᠶᠢᠨ ᠬᠢᠵᠢᠭ ᠤᠨ ᠪᠠᠶᠢᠳᠠᠯ ᠬᠡᠰᠡᠭ ᠲᠠᠯ᠎ᠠ ᠪᠠᠷ ᠬᠥᠭᠵᠢᠬᠦ ᠬᠠᠨᠳᠤᠰᠢ ᠲᠠᠢ ᠪᠣᠯᠵᠣ᠂ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠤ ᠪᠥᠭᠡᠳ ᠪᠤᠳᠤᠯᠢᠶᠠᠨᠲᠠᠶ ᠪᠣᠯᠵᠣ᠂ ︽ᠭᠠᠳᠠᠨ᠎ᠠ ᠠᠴᠠ ᠣᠷᠣᠬᠤ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠬᠤ ᠶᠢ ᠰᠡᠷᠭᠡᠶᠢᠯᠡᠬᠦ︾᠂ ︽ᠬᠥᠮᠦᠨ᠂ ᠪᠣᠳᠠᠰ᠂ ᠣᠷᠴᠢᠨ ᠲᠣᠭᠤᠷᠢᠨ ᠢ ᠬᠠᠮᠲᠤ ᠳᠤᠨᠢ ᠰᠡᠷᠭᠡᠶᠢᠯᠡᠬᠦ︾ ᠠᠵᠢᠯ ᠢ ᠤᠯᠠᠮ ᠴᠢᠨᠠᠭᠰᠢᠳᠠ ᠰᠠᠶᠢᠲᠤᠷ ᠬᠢᠬᠦ ᠶᠢᠨ ᠲᠥᠯᠥᠭᠡ᠂ ᠵᠢᠯᠣᠭᠤᠳᠬᠤ ᠭᠠᠵᠠᠷ ᠤᠨ ᠰᠤᠳᠤᠯᠤᠯᠲᠠ ᠪᠠᠷ ᠳᠡᠮᠵᠢᠨ᠂ ᠡᠳᠦᠭᠡ ᠬᠤᠯᠪᠣᠭᠳᠠᠯ ᠪᠥᠬᠦᠶ ᠵᠦᠢᠯ ᠢ ᠳᠤᠤᠷ᠎ᠠ ᠵᠠᠷᠯᠠᠶ᠎ᠠ᠄     ᠨᠢᠭᠡ᠂ 11 ᠰᠠᠷ᠎ᠠ ᠶᠢᠨ 7 ᠤ ᠡᠳᠦᠷ ᠠᠴᠠ ᠨᠠᠰᠢ ᠭᠢᠷᠢᠨ ᠬᠤᠲᠠ ᠶᠢᠨ ᠴᠠᠩ ᠢ ᠲᠣᠭᠤᠷᠢᠭ᠂ 11 ᠰᠠᠷ᠎ᠠ ᠶᠢᠨ 10 ᠤ ᠡᠳᠦᠷ ᠯᠢᠶᠣᠤᠨᠢᠩ ᠮᠤᠵᠢ ᠶᠢᠨ ᠳ᠋ᠠᠯᠢᠶᠠᠨ ᠬᠤᠲᠠ ᠵᠢᠴᠢ ᠣᠶᠢᠷ᠎ᠠ ᠶᠢᠨ ᠬᠤᠭᠤᠴᠠᠭᠠᠨ ᠳᠤ ᠪᠡᠭᠡᠵᠢᠩ ᠬᠤᠲᠠ ᠶᠢᠨ ᠴᠤᠤᠶᠠᠩ ᠲᠣᠭᠤᠷᠢᠭ᠂ ᠬᠠᠶ ᠳ᠋ᠢᠶᠠᠨ ᠲᠣᠭᠤᠷᠢᠭ᠂ ᠳ᠋ᠦᠩ ᠴᠧᠩ ᠲᠣᠭᠤᠷᠢᠭ ᠵᠡᠷᠭᠡ ᠳᠤᠮᠳᠠ ᠦᠨᠳᠦᠷ ᠵᠡᠷᠭᠡ ᠶᠢᠨ ᠲᠦᠭᠰᠢᠭᠦᠷᠢ ᠲᠠᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠦᠰ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ︶᠂ ᠨᠢᠭᠡᠴᠡ ᠳᠡᠭᠡᠨ ᠴᠠᠭ ᠲᠤᠬᠠᠶ ᠳᠤᠨᠢ ᠮᠡᠳᠡᠭᠦᠯᠵᠦ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ᠂ ᠲᠤᠰᠠᠭᠠᠷᠯᠠᠵᠤ ᠬᠠᠮᠢᠶᠠᠷᠤᠨ ᠡᠵᠡᠮᠳᠡᠬᠦ᠂ ᠡᠷᠡᠭᠦᠯ ᠮᠡᠨᠳᠦ ᠶᠢ ᠬᠢᠨᠠᠨ ᠬᠡᠮᠵᠢᠬᠦ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠬᠡᠷᠡᠭᠲᠡᠶ᠃ ᠠᠶᠠᠨ ᠵᠠᠮ ᠢᠶᠠᠨ ᠵᠣᠷᠢᠭᠤᠳᠠ ᠨᠢᠭᠤᠨ ᠳᠠᠯᠳᠠᠯᠠᠭᠠᠳ ᠬᠢᠵᠢᠭ ᠳᠡᠯᠭᠡᠷᠡᠭᠦᠯᠦᠭᠰᠡᠨ ᠪᠠᠶᠢᠪᠠᠯ ᠲᠤᠬᠠᠶ ᠶᠢᠨ ᠬᠥᠮᠦᠨ ᠤ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠶ᠃     ᠬᠤᠶᠠᠷ᠂ ᠥᠷᠭᠡᠨ ᠣᠯᠠᠨ ᠲᠦᠮᠡᠨ ᠳᠤ ᠰᠠᠨᠠᠭᠤᠯᠬᠤ ᠨᠢ᠂ ᠣᠶᠢᠷ᠎ᠠ ᠶᠢᠨ ᠬᠤᠭᠤᠴᠠᠭᠠᠨ ᠳᠤ ᠭᠢᠷᠢᠨ ᠬᠤᠲᠠ᠂ ᠪᠡᠭᠡᠵᠢᠩ ᠬᠤᠲᠠ᠂ ᠯᠢᠶᠣᠤᠨᠢᠩ ᠮᠤᠵᠢ ᠶᠢᠨ ᠳ᠋ᠠᠯᠢᠶᠠᠨ ᠬᠤᠲᠠ ᠵᠡᠷᠭᠡ ᠳᠤᠮᠳᠠ ᠦᠨᠳᠦᠷ ᠵᠡᠷᠭᠡ ᠶᠢᠨ ᠠᠶᠤᠯ ᠲᠦᠭᠰᠢᠭᠦᠷᠢ ᠲᠠᠢ ᠭᠠᠵᠠᠷ ᠣᠷᠣᠨ ᠳᠤ ᠣᠴᠢᠬᠤ ᠴᠢᠬᠤᠯᠠ ᠥᠬᠡᠶ ᠪᠤᠯ ᠤᠴᠢᠬᠤ ᠦᠬᠡᠢ ᠪᠠᠶᠢᠵᠦ᠂ ᠬᠡᠷᠪᠡ ᠦᠨᠡᠨ ᠬᠦ ᠣᠴᠢᠬᠤ ᠴᠢᠬᠤᠯᠠ ᠲᠠᠢ ᠪᠣᠯ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠮᠣᠷᠳᠠᠬᠤ ᠠᠴᠠ ᠡᠮᠦᠨ᠎ᠡ ᠪᠠ ᠪᠤᠴᠠᠵᠤ ᠢᠷᠡᠬᠦ ᠠᠴᠠ ᠪᠠᠨ ᠡᠮᠦᠨ᠎ᠡ ᠪᠠᠶᠢᠭ᠎ᠠ ᠨᠢᠭᠡᠴᠡ᠂ ᠨᠡᠶᠢᠭᠡᠮ ᠲᠣᠭᠤᠷᠢᠭ ︵ᠭᠠᠴᠠᠭ᠎ᠠ︶ ᠲᠠᠭᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃     ᠭᠤᠷᠪᠠ᠂ ᠥᠷᠭᠡᠨ ᠣᠯᠠᠨ ᠲᠦᠮᠡᠨ ᠳᠤ ᠰᠠᠨᠠᠭᠤᠯᠬᠤ ᠨᠢ᠂ ᠡᠪᠦᠯ ᠤᠨ ᠤᠯᠠᠷᠢᠯ ᠪᠣᠯᠬᠤ ᠶᠢ ᠳᠠᠭᠠᠯᠳᠤᠨ ᠠᠮᠢᠰᠬᠤᠯ ᠤᠨ ᠵᠠᠮ ᠤᠨ ᠡᠪᠡᠳᠴᠢᠨ ᠣᠯᠠᠨ ᠡᠭᠦᠰᠳᠡᠭ ᠪᠣᠯᠬᠤᠷ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠦᠷᠭᠦᠯᠵᠢ ᠰᠠᠯᠬᠢ ᠨᠡᠪᠲᠡᠷᠡᠬᠦᠯᠬᠦ᠂ ᠴᠤᠭᠯᠠᠷᠠᠵᠦ ᠪᠦᠭᠡᠮᠨᠡᠷᠡᠬᠦ ᠥᠬᠡᠶ᠂ 1 ᠮᠧᠲᠷ ᠠᠴᠠ ᠳᠡᠭᠡᠭᠰᠢ ᠨᠡᠶᠢᠭᠡᠮ ᠤᠨ ᠬᠠᠷᠢᠯᠴᠠᠭᠠᠨ ᠤ ᠵᠠᠶ ᠲᠠᠢ ᠪᠠᠶᠢᠬᠤ ᠵᠡᠷᠭᠡ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢ ᠪᠠᠷᠢᠮᠲᠠᠯᠠᠵᠤ᠂ ᠬᠥᠮᠦᠨ ᠣᠯᠠᠨ ᠨᠢᠭᠲᠠᠷᠠᠵᠤ᠂ ᠠᠭᠠᠷ ᠨᠡᠪᠲᠡᠷᠡᠬᠦ ᠥᠬᠡᠶ ᠲᠠᠯᠠᠪᠤᠷ ᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠶ᠃     ᠳᠥᠷᠪᠡ᠂ ᠲᠣᠰ ᠡᠳᠦᠷ ᠠᠴᠠ ᠡᠬᠢᠯᠡᠨ᠂ ᠬᠤᠰᠢᠭᠤᠨ ᠤ ᠬᠡᠪᠴᠢᠶᠡᠨ ᠳᠠᠬᠢ ᠵᠣᠴᠢᠳ ᠤᠨ ᠪᠠᠭᠤᠳᠠᠯ 50 ᠬᠥᠮᠦᠨ ᠠᠴᠠ ᠳᠡᠭᠡᠭᠰᠢ ᠳᠠᠶᠢᠯᠠᠯᠭ᠎ᠠ ᠶᠢ ᠭᠥᠯᠢᠶᠡᠨ ᠠᠪᠬᠤ ᠳᠤ ᠪᠠᠨ ᠳᠤᠭᠳᠠᠭᠠᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠦᠯ ᠢ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠵᠤ ᠬᠢᠨᠠᠨ ᠬᠠᠷᠭᠤᠭᠤᠯᠬᠤ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠥᠬᠡᠶ ᠪᠠᠷ ᠡᠷᠭᠢᠯᠡᠵᠦ ᠪᠣᠯᠬᠤ ᠥᠬᠡᠶ᠃     ᠲᠠᠪᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠠᠴᠠ ᠨᠠᠰᠢ᠂ ᠮᠠᠨ ᠤ ᠬᠤᠰᠢᠭᠤ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠥᠬᠦ ᠬᠤᠰᠢᠭᠤ ᠪᠠᠷ ᠢᠶᠠᠨ ᠬᠢᠵᠢᠭ ᠣᠷᠣᠵᠦ ᠢᠷᠡᠬᠦ ᠪᠣᠭᠤᠮᠲᠠ ᠶᠢ ᠪᠠᠬᠢᠯᠡᠵᠦ᠂ ︽ᠥᠯᠥ ᠣᠷᠣᠭᠤᠯᠬᠤ᠂ ᠥᠯᠥ ᠬᠠᠯᠳᠠᠪᠤᠷᠢᠯᠠᠬᠤ︾ ᠰᠡᠷᠭᠡᠶᠢᠯᠡᠨ ᠡᠵᠡᠮᠳᠡᠬᠦ ᠬᠠᠷᠠᠯᠲᠠ ᠶᠢ ᠪᠡᠶᠡᠯᠡᠭᠦᠯᠪᠡ᠃ ᠣᠲᠣ ᠪᠣᠯᠲᠠᠯ᠎ᠠ᠂ ᠪᠥᠬᠦ ᠬᠤᠰᠢᠭᠤᠨ ᠤ ᠬᠡᠪᠴᠢᠶᠡᠨ ᠳᠤ ᠣᠷᠣᠭᠤᠯᠤᠯᠲᠠ ᠶᠢᠨ ᠴᠢᠨᠠᠷᠲᠠᠶ ᠡᠪᠡᠳᠴᠢᠨ ᠤ ᠵᠢᠱᠢᠶ᠎ᠡ ᠪᠠᠶᠢᠬᠤ ᠥᠬᠡᠶ᠂ ᠤᠨᠤᠰᠢᠯᠠᠭᠰᠠᠨ ᠡᠪᠡᠳᠴᠢᠨ ᠤ ᠵᠢᠱᠢᠶ᠎ᠡ ᠪᠠᠶᠢᠬᠤ ᠥᠬᠡᠶ᠂ ᠥᠷᠭᠡᠨ ᠣᠯᠠᠨ ᠲᠦᠮᠡᠨ ᠭᠡᠷᠡᠴᠢᠯᠡᠭᠰᠡᠨ ᠥᠬᠡᠶ ᠮᠡᠳᠡᠭᠡ ᠶᠢ ᠨᠡᠶᠢᠲᠡᠯᠡᠬᠦ ᠥᠬᠡᠶ᠂ ᠤᠯᠠᠮᠵᠢᠯᠠᠬᠤ ᠥᠬᠡᠶ᠂ ᠰᠢᠭᠦᠮᠵᠢᠯᠡᠬᠦ ᠥᠬᠡᠶ ᠪᠠᠶᠢᠵᠤ᠂ ᠴᠤᠤᠷᠬᠠᠯ ᠢ ᠢᠲᠡᠭᠡᠬᠦ ᠥᠬᠡᠶ᠂ ᠴᠤᠤᠷᠬᠠᠯ ᠲᠠᠯᠪᠢᠬᠤ ᠥᠬᠡᠶ᠂ ᠴᠤᠤᠷᠬᠠᠯ ᠢ ᠲᠠᠷᠬᠠᠭᠠᠬᠤ ᠥᠬᠡᠶ ᠪᠠᠶᠢᠬᠤ ᠶᠢ ᠬᠦᠰᠡᠵᠦ ᠪᠠᠶᠢᠨ᠎ᠠ᠃     ᠵᠢᠷᠭᠤᠭ᠎ᠠ᠂ ᠮᠠᠨ ᠤ ᠬᠤᠰᠢᠭᠤ 10 ᠰᠠᠷ᠎ᠠ ᠶᠢᠨ 26 ᠤ ᠡᠳᠦᠷ᠂ 11 ᠰᠠᠷ᠎ᠠ ᠶᠢᠨ 13 ᠤ ᠡᠳᠦᠷ ᠠᠴᠠ ᠡᠬᠢᠯᠡᠨ ᠴᠢᠩᠭᠠᠳᠬᠠᠬᠤ ᠲᠠᠷᠢᠯᠭ᠎ᠠ ᠪᠠ 3 — 11 ᠨᠠᠰᠤᠨ ᠤ ᠬᠡᠤᠬᠡᠳ ᠤᠨ ᠰᠢᠨ᠎ᠡ ᠲᠢᠳᠢᠮᠯᠢᠭ ᠠᠭᠤᠰᠬᠢᠨ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠴᠢᠩᠭᠠᠳᠬᠠᠵᠤ᠂ ᠲᠠᠷᠢᠯᠭ᠎ᠠ ᠶᠢᠨ ᠨᠥᠬᠦᠴᠡᠯ ᠳᠤ ᠨᠡᠶᠢᠴᠡᠬᠦ ᠣᠯᠠᠨ ᠲᠦᠮᠡᠨ ᠸᠠᠺᠼᠢᠨ ᠤ ᠲᠠᠷᠢᠯᠭ᠎ᠠ ᠶᠢᠨ ᠴᠡᠭ ᠲᠤ ᠲᠦᠷᠭᠡᠨ ᠬᠦᠷᠴᠦ ᠸᠠᠺᠼᠢᠨ ᠤ ᠲᠠᠷᠢᠯᠭ᠎ᠠ ᠶᠢᠨ ᠠᠵᠢᠯ ᠢ ᠪᠡᠶᠡᠯᠡᠭᠦᠯᠵᠦ᠂ ᠡᠭᠡᠯᠢᠯᠡᠭᠡ ᠶᠢᠨ ᠬᠠᠯᠬᠠᠪᠴᠢ ᠶᠢ ᠬᠠᠮᠲᠤ ᠪᠠᠷ ᠪᠠᠶᠢᠭᠤᠯᠬᠤ ᠶᠢ ᠬᠦᠰᠡᠵᠦ ᠪᠠᠶᠢᠨ᠎ᠠ᠃            ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                         2021 ᠣᠨ ᠤ 11 ᠰᠠᠷ᠎ᠠ ᠶᠢᠨ 15
 
ᠢᠷᠡᠯᠲᠡ᠄ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号