ᠮᠠᠨ ᠤ ᠣᠷᠣᠨ ᠶᠡᠭᠡ ᠴᠠᠰᠤᠨ ᠳᠤ ᠭᠠᠮᠰᠢᠭᠳᠠᠭᠰᠠᠨ 874 ᠠᠷᠠᠳ ᠢ ᠲᠦᠷ ᠴᠠᠭ ᠠᠪᠤᠷᠠᠨ ᠲᠤᠰᠠᠯᠠᠪᠠ
ᠨᠡᠶᠢᠲᠡᠯᠡᠭᠰᠡᠨ ᠴᠠᠭ᠄
2021/11/16
     ᠣᠶᠢᠷ᠎ᠠ ᠳᠤ᠂ ᠮᠠᠨ ᠤ ᠣᠷᠣᠨ ᠤ ᠬᠡᠰᠡᠭ ᠭᠠᠵᠠᠷ ᠣᠷᠣᠨ ᠳᠤ ᠦᠷᠭᠦᠯᠵᠢᠯᠡᠭᠰᠡᠨ ᠴᠢᠨᠠᠷᠲᠠᠶ ᠶᠡᠭᠡ ᠴᠠᠰᠤ ᠣᠷᠣᠵᠤ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠬᠢᠩᠭᠠᠨ ᠠᠶᠢᠮᠠᠭ ᠵᠡᠷᠭᠡ ᠭᠠᠵᠠᠷ ᠲᠤ ᠴᠠᠰᠤᠨ ᠭᠠᠮᠰᠢᠭ ᠪᠤᠯᠤᠭᠰᠠᠨ ᠪᠠᠶᠢᠨ᠎ᠠ᠃ ᠭᠠᠮᠰᠢᠭ ᠭᠠᠷᠤᠭᠰᠠᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠭᠠᠮᠰᠢᠭᠳᠠᠭᠰᠠᠨ ᠭᠠᠵᠠᠷ ᠣᠷᠣᠨ ᠢ ᠳᠠᠮᠵᠢᠨ ᠪᠠᠲᠤᠯᠠᠬᠤ ᠡᠷᠴᠢᠮ ᠢᠶᠠᠨ ᠦᠨᠡᠨ ᠬᠦ ᠴᠢᠩᠭᠠᠷᠠᠭᠤᠯᠵᠤ᠂ ︽ᠭᠠᠮᠰᠢᠭᠳᠠᠭᠰᠠᠨ ᠬᠦᠴᠢᠷᠳᠡᠯᠲᠡᠶ ᠣᠯᠠᠨ ᠲᠦᠮᠡᠨ ᠤ ᠠᠮᠢᠳᠤᠷᠠᠯ ᠢ ᠠᠪᠤᠷᠠᠨ ᠲᠤᠰᠠᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ᠢ ᠪᠠᠭᠤᠯᠭᠠᠨ᠂ ᠡᠯ᠎ᠡ ᠭᠠᠮᠰᠢᠭᠳᠠᠭᠰᠠᠨ ᠠᠶᠢᠮᠠᠭ ᠬᠤᠲᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠢ ᠵᠢᠯᠣᠭᠤᠳᠤᠨ ᠭᠠᠮᠰᠢᠭᠳᠠᠭᠰᠠᠨ ᠬᠦᠴᠢᠷᠳᠡᠯᠲᠡᠶ ᠣᠯᠠᠨ ᠲᠦᠮᠡᠨ ᠤ ᠠᠮᠢᠳᠤᠷᠠᠯ ᠢ ᠠᠪᠤᠷᠠᠨ ᠲᠤᠰᠠᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠡᠶ᠃      ᠴᠠᠰᠤ ᠵᠤᠳ ᠠᠴᠠ ᠪᠣᠯᠵᠣ ᠠᠮᠢᠳᠤᠷᠠᠯ ᠳᠤ ᠨᠢ ᠬᠦᠴᠢᠷᠳᠡᠯ ᠲᠤᠯᠭᠠᠷᠠᠭᠰᠠᠨ ᠣᠯᠠᠨ ᠲᠦᠮᠡᠨ ᠢ ᠲᠡᠷᠡ ᠳᠠᠷᠤᠶ ᠳᠤ ᠠᠪᠤᠷᠠᠨ ᠲᠤᠰᠠᠯᠠᠬᠤ ᠶᠢᠨ ᠲᠤᠯᠠᠳᠠ᠂ ᠮᠠᠨ ᠤ ᠣᠷᠣᠨ ᠭᠠᠮᠰᠢᠭᠳᠠᠭᠰᠠᠨ ᠬᠦᠴᠢᠷᠳᠡᠯᠲᠡᠶ ᠣᠯᠠᠨ ᠲᠦᠮᠡᠨ ᠤ ᠪᠠᠶᠢᠳᠠᠯ ᠢ ᠣᠶᠢᠯᠠᠭᠠᠬᠤ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠵᠦ᠂ ᠬᠠᠮᠢᠶ᠎ᠠ ᠪᠥᠬᠦᠶ ᠠᠶᠢᠮᠠᠭ ᠬᠤᠲᠠ ᠭᠠᠮᠰᠢᠭᠳᠠᠭᠰᠠᠨ ᠣᠷᠣᠨ ᠤ ᠨᠡᠶᠢᠭᠡᠮ ᠤᠨ ᠠᠪᠤᠷᠠᠨ ᠲᠤᠰᠠᠯᠠᠭᠤᠯᠬᠤ ᠬᠦᠮᠦᠰ ᠤᠨ ᠳᠣᠲᠤᠷᠠᠬᠢ ᠦᠷ᠎ᠡ ᠬᠡᠦᠬᠡᠳ ᠲᠠᠢ ᠪᠠᠨ ᠬᠠᠮᠲᠤ ᠠᠮᠢᠳᠤᠷᠠᠵᠤ ᠦᠭᠡᠢ᠂ ᠭᠠᠨᠢ ᠭᠠᠭᠴᠠᠭᠠᠷ ᠠᠮᠢᠳᠤᠷᠠᠵᠤ ᠪᠠᠶᠢᠭ᠎ᠠ᠂ ᠴᠢᠳᠠᠯ ᠲᠡᠩᠬᠡᠭᠡ ᠪᠠᠨ ᠠᠯᠳᠠᠭᠰᠠᠨ᠂ ᠬᠡᠷ ᠢᠶᠠᠨ ᠰᠠᠬᠢᠵᠤ ᠬᠤᠴᠣᠷᠤᠭᠰᠠᠨ ᠨᠠᠰᠤᠲᠠᠶᠢᠴᠤᠳ ᠪᠠ ᠬᠡᠷ ᠢᠶᠠᠨ ᠰᠠᠬᠢᠵᠤ ᠬᠤᠴᠣᠷᠤᠭᠰᠠᠨ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠳ ᠵᠡᠷᠭᠡ ᠣᠨᠴᠠᠭᠠᠶ ᠬᠦᠴᠢᠷᠳᠡᠯᠲᠡᠶ ᠬᠦᠮᠦᠰ ᠤᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠪᠠ᠃ 11 ᠳ᠋ᠦ᠋ᠭᠡᠷ ᠰᠠᠷ᠎ᠠ ᠶᠢᠨ 10 ᠤ ᠡᠳᠦᠷ ᠪᠣᠯᠲᠠᠯ᠎ᠠ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠬᠢᠩᠭᠠᠨ ᠠᠶᠢᠮᠠᠭ ᠡᠷᠦᠬᠡ ᠳᠤ ᠬᠦᠷᠴᠦ ᠪᠠᠶᠢᠴᠠᠭᠠᠬᠤ ᠠᠵᠢᠯ ᠢ ᠨᠡᠶᠢᠲᠡ 19699 ᠬᠥᠮᠦᠨ ᠤᠳᠠᠭ᠎ᠠ ᠥᠷᠨᠢᠭᠦᠯᠦᠭᠡᠳ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ 140 ᠡᠷᠦᠬᠡ 289 ᠬᠥᠮᠦᠨ ᠢ᠂ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠳᠤ ᠣᠨᠴᠠ ᠬᠦᠴᠢᠷᠳᠡᠯᠲᠡᠶ 14 ᠡᠷᠦᠬᠡ 14 ᠬᠥᠮᠦᠨ ᠢ ᠣᠷᠣᠭᠤᠯᠬᠤ ᠪᠠᠷ ᠪᠤᠢ᠃      ᠮᠠᠨ ᠤ ᠣᠷᠣᠨ ᠴᠠᠰᠤᠨ ᠭᠠᠮᠰᠢᠭ ᠠᠴᠠ ᠪᠣᠯᠵᠤ ᠦᠨᠳᠦᠰᠦᠨ ᠠᠮᠢᠳᠤᠷᠠᠯ ᠨᠢ ᠲᠦᠷ ᠴᠠᠭ ᠤᠨ ᠬᠦᠴᠢᠷᠳᠡᠯ ᠳᠤ ᠲᠤᠯᠭᠠᠷᠠᠭᠰᠠᠨ ᠭᠠᠮᠰᠢᠭᠳᠠᠭᠰᠠᠳ ᠢ ᠤᠷᠢᠳᠠᠪᠠᠷ ᠲᠡᠩᠬᠡᠷᠡᠭᠦᠯᠦᠨ ᠲᠤᠰᠠᠯᠠᠬᠤ ᠠᠵᠢᠯ ᠢᠳᠡᠪᠬᠢᠲᠡᠶ ᠬᠢᠵᠦ᠂ ᠦᠨᠳᠦᠰᠦᠨ ᠠᠮᠢᠳᠤᠷᠠᠯ ᠤᠨ ᠬᠦᠴᠢᠷᠳᠡᠯ ᠢ ᠨᠢ ᠴᠠᠭ ᠲᠤᠬᠠᠶ ᠳᠤ ᠨᠢ ᠰᠢᠢᠳᠪᠦᠷᠢᠯᠡᠪᠡ᠃ ᠣᠳᠣᠬᠠᠨ ᠪᠣᠯᠲᠠᠯ᠎ᠠ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠬᠢᠩᠭᠠᠨ ᠠᠶᠢᠮᠠᠭ ᠤᠨ ᠬᠠᠷᠢᠶᠠᠨ ᠳᠠᠬᠢ ᠭᠠᠮᠰᠢᠭᠳᠠᠭᠰᠠᠨ ᠬᠤᠰᠢᠭᠤ ᠰᠢᠶᠠᠨ ᠨᠤᠭᠤᠳ 874 ᠭᠠᠮᠰᠢᠭᠳᠠᠭᠰᠠᠨ ᠠᠷᠠᠳ ᠢ ᠲᠦᠷ ᠴᠠᠭ ᠠᠪᠤᠷᠠᠨ ᠲᠤᠰᠠᠯᠠᠵᠤ᠂ ᠨᠡᠶᠢᠲᠡ 155.45 ᠲᠦᠮᠡᠨ ᠲᠥᠭᠦᠷᠢᠭ ᠤᠨ ᠲᠦᠷ ᠴᠠᠭ ᠠᠪᠤᠷᠠᠨ ᠲᠤᠰᠠᠯᠠᠬᠤ ᠪᠠᠯᠠ ᠮᠥᠩᠭᠦ ᠵᠠᠷᠤᠴᠠᠭᠤᠯᠤᠭᠰᠠᠨ ᠪᠠᠶᠢᠨ᠎ᠠ᠃ ᠡᠭᠦᠨ ᠳᠤ᠂ ᠲᠦᠩᠯᠢᠶᠣᠤ ᠬᠤᠲᠠ 682 ᠭᠠᠮᠰᠢᠭᠳᠠᠭᠰᠠᠨ ᠠᠷᠠᠳ ᠢ ᠲᠦᠷ ᠴᠠᠭ ᠠᠪᠤᠷᠠᠨ ᠲᠤᠰᠠᠯᠠᠵᠤ᠂ 119.9 ᠲᠦᠮᠡᠨ ᠲᠥᠭᠦᠷᠢᠭ ᠤᠨ ᠲᠦᠷ ᠴᠠᠭ ᠠᠪᠤᠷᠠᠨ ᠲᠤᠰᠠᠯᠠᠬᠤ ᠪᠠᠯᠠ ᠮᠥᠩᠭᠦ ᠵᠠᠷᠤᠴᠠᠭᠤᠯᠪᠠ᠃      ᠬᠠᠮᠢᠶ᠎ᠠ ᠪᠥᠬᠦᠶ ᠠᠶᠢᠮᠠᠭ ᠬᠤᠲᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠠᠰᠠ ᠨᠡᠶᠢᠭᠡᠮ ᠤᠨ ᠠᠪᠤᠷᠠᠨ ᠲᠤᠰᠠᠯᠠᠬᠤ ᠬᠠᠯᠠᠮᠰᠢᠯ ᠤᠲᠠᠰᠤ ᠶᠢ ᠴᠠᠭ ᠲᠤᠬᠠᠶ ᠳᠤ ᠨᠢ ᠨᠡᠶᠢᠲᠡᠯᠡᠬᠦ᠂ 24 ᠴᠠᠭ ᠢᠶᠠᠷ ᠵᠢᠵᠢᠭᠦᠷᠯᠡᠬᠦ ᠲᠦᠷᠢᠮ ᠢ ᠬᠡᠷᠡᠭᠵᠢᠭᠦᠯᠬᠦ᠂ ᠠᠵᠢᠯ ᠤᠨ ᠴᠤᠪᠤᠷᠠᠯ ᠢ ᠳᠥᠭᠦᠮᠴᠢᠯᠡᠬᠦ ᠵᠡᠷᠭᠡ ᠠᠷᠭ᠎ᠠ ᠮᠠᠶ᠋ᠢᠭ ᠢᠶᠠᠷ ᠨᠡᠶᠢᠭᠡᠮ ᠤᠨ ᠠᠪᠤᠷᠠᠨ ᠲᠤᠰᠠᠯᠠᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠡᠢ᠃      ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ 1.5 ᠳ᠋ᠦᠩᠰᠢᠭᠤᠷ ᠲᠥᠭᠦᠷᠢᠭ ᠤᠨ ᠲᠦᠷ ᠴᠠᠭ ᠠᠪᠤᠷᠠᠨ ᠲᠤᠰᠠᠯᠠᠬᠤ ᠪᠠᠯᠠ ᠮᠥᠩᠭᠦ ᠶᠢ ᠤᠷᠢᠳᠴᠢᠯᠠᠨ ᠪᠠᠭᠤᠯᠭᠠᠵᠤ᠂ ᠭᠤᠣᠯᠳᠠᠭᠤ ᠭᠠᠮᠰᠢᠭᠳᠠᠭᠰᠠᠨ ᠣᠷᠣᠨ ᠤ ᠲᠦᠷ ᠴᠠᠭ ᠤᠨ ᠠᠪᠤᠷᠠᠨ ᠲᠤᠰᠠᠯᠠᠬᠤ ᠠᠵᠢᠯ ᠳᠤ ᠬᠡᠷᠡᠭᠯᠡᠨ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠲᠦᠷ ᠴᠠᠭ ᠠᠪᠤᠷᠠᠨ ᠲᠤᠰᠠᠯᠠᠬᠤ ᠪᠡᠯᠡᠳᠬᠡᠯ ᠮᠥᠩᠭᠦ ᠶᠢ ᠨᠠᠶᠢᠳᠠᠪᠤᠷᠢᠵᠢᠭᠤᠯᠤᠨ᠂ ᠲᠦᠷ ᠴᠠᠭ ᠠᠪᠤᠷᠠᠨ ᠲᠤᠰᠠᠯᠠᠬᠤ ᠮᠥᠩᠭᠦ ᠶᠢᠨ ︽ᠪᠠᠴᠢᠮ ᠪᠠᠶᠢᠳᠠᠯ ᠠᠴᠠ ᠠᠪᠤᠷᠬᠠᠤ᠂ ᠠᠶᠤᠯ ᠠᠴᠠ ᠠᠪᠤᠷᠬᠠᠤ︾ ᠦᠢᠯᠡᠳᠦᠯ ᠢ ᠦᠨᠡᠨ ᠬᠦ ᠪᠠᠳᠠᠷᠠᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号