ᠮᠠᠨ ᠤ ᠬᠤᠰᠢᠭᠤ ᠰᠢᠨ᠎ᠡ ᠨᠢᠭᠡ ᠬᠤᠭᠤᠴᠠᠭᠠᠨ ᠤ ᠬᠤᠰᠢᠭᠤ᠂ ᠰᠤᠮᠤ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠰᠣᠩᠭᠤᠨ ᠭᠠᠷᠭᠠᠪᠠ
ᠨᠡᠶᠢᠲᠡᠯᠡᠭᠰᠡᠨ ᠴᠠᠭ᠄
2021/11/17
     11 ᠰᠠᠷ᠎ᠠ ᠶᠢᠨ 16 ᠤ ᠡᠳᠦᠷ᠂ ᠪᠥᠬᠦ ᠬᠤᠰᠢᠭᠤᠨ ᠤ 7 ᠰᠤᠮᠤ ᠪᠠᠯᠭᠠᠰᠤ ᠬᠤᠰᠢᠭᠤ᠂ ᠰᠤᠮᠤ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠰᠣᠩᠭᠤᠬᠤ ᠶᠡᠭᠡ ᠬᠤᠷᠠᠯ ᠢ ᠵᠡᠷᠭᠡᠪᠡᠷ ᠬᠤᠷᠠᠯᠳᠤᠭᠤᠯᠪᠠ᠃ ᠰᠣᠩᠭᠤᠭᠤᠯᠢ ᠳᠤ ᠣᠷᠣᠯᠴᠠᠭᠰᠠᠨ ᠰᠣᠩᠭᠤᠭᠤᠯᠢ ᠶᠢᠨ ᠠᠷᠠᠳ ᠰᠣᠩᠭᠤᠭᠤᠯᠢ ᠶᠢᠨ ᠬᠠᠤᠯᠢ ᠴᠠᠭᠠᠵᠠ ᠶᠢᠨ ᠳᠦᠷᠢᠮ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠡᠷᠬᠡ ᠮᠡᠳᠡᠵᠦ ᠡᠵᠡᠨ ᠰᠠᠭᠤᠬᠤ ᠡᠷᠬᠡ ᠪᠠᠨ ᠭᠦᠢᠴᠡᠳ ᠬᠡᠷᠡᠭᠵᠢᠭᠦᠯᠵᠦ᠂ ᠡᠯ᠎ᠡ ᠰᠣᠩᠭᠤᠭᠤᠯᠢ ᠶᠢᠨ ᠲᠣᠭᠤᠷᠢᠭ ᠲᠤ ᠲᠥᠪ ᠴᠢᠩᠭ᠎ᠠ ᠪᠥᠭᠡᠳ ᠠᠷᠢᠭᠤᠨ ᠲᠠᠷᠬᠠᠨ ᠪᠢᠯᠧᠲ ᠥᠭᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠴᠧᠨ ᠯᠦᠩ ᠵᠡᠷᠭᠡ ᠤᠳᠤᠷᠢᠳᠤᠯᠭ᠎ᠠ ᠰᠣᠩᠭᠤᠭᠤᠯᠢ ᠶᠢᠨ ᠠᠷᠠᠳ ᠤᠨ ᠬᠤᠪᠢ ᠪᠠᠷ ᠰᠣᠩᠭᠤᠭᠤᠯᠢ ᠳᠤ ᠣᠷᠣᠯᠴᠠᠪᠠ︔ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠢᠨ ᠨᠡᠷ᠎ᠡ ᠳᠤᠷᠠᠳᠤᠭᠳᠠᠭᠴᠢ ᠳᠠᠰᠢᠵᠠᠮᠰᠤ ᠵᠡᠷᠭᠡ ᠤᠳᠤᠷᠢᠳᠤᠯᠭ᠎ᠠ ᠬᠥᠯᠥᠨ ᠪᠤᠶᠢᠷ ᠬᠤᠲᠠ ᠶᠢᠨ ᠬᠤᠭᠤᠴᠠᠭ᠎ᠠ ᠰᠣᠯᠢᠬᠤ ᠠᠵᠢᠯ ᠢ ᠵᠢᠯᠣᠭᠤᠳᠬᠤ ᠳᠤᠭᠤᠶᠢᠯᠠᠩ ᠤᠨ ᠳᠠᠷᠤᠭ᠎ᠠ ᠪᠠᠶᠠᠨᠪᠠᠷᠰ ᠨᠠᠷ ᠲᠠᠢ ᠬᠠᠮᠲᠤ ᠬᠤᠰᠢᠭᠤ᠂ ᠰᠤᠮᠤ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠥᠭᠬᠦ ᠰᠣᠩᠭᠤᠭᠤᠯᠢ ᠶᠢᠨ ᠲᠤᠬᠠᠶ ᠶᠢᠨ ᠲᠠᠯᠠᠪᠤᠷ ᠲᠤ ᠭᠦᠨᠵᠡᠭᠡᠶᠢᠷᠡᠨ ᠬᠢᠨᠠᠨ ᠵᠢᠯᠣᠭᠤᠳᠴᠤ᠂ ᠰᠣᠩᠭᠤᠭᠤᠯᠢ ᠶᠢᠨ ᠪᠢᠯᠧᠲ ᠥᠭᠬᠦ ᠠᠵᠢᠯ ᠢ ᠬᠠᠤᠯᠢ ᠲᠣᠭᠲᠠᠭᠠᠯ ᠶᠣᠰᠣᠭᠠᠷ᠂ ᠠᠮᠤᠷ ᠲᠦᠪᠰᠢᠨ ᠡᠮᠬᠢ ᠵᠢᠷᠤᠮ ᠲᠠᠢ᠂ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠪᠠ᠃      ᠡᠯ᠎ᠡ ᠰᠣᠩᠭᠤᠭᠤᠯᠢ ᠶᠢᠨ ᠲᠣᠭᠤᠷᠢᠭ ᠤᠨ ᠭᠤᠣᠯ ᠬᠤᠷᠠᠯ ᠤᠨ ᠲᠠᠯᠠᠪᠠᠢ ᠳᠤ᠂ ᠠᠵᠢᠯᠲᠠᠳ ᠰᠣᠩᠭᠤᠭᠤᠯᠢ ᠶᠢᠨ ᠠᠷᠭ᠎ᠠ ᠪᠠ ᠰᠣᠩᠭᠤᠭᠤᠯᠢ ᠶᠢᠨ ᠲᠡᠰ ᠳᠠᠷᠠᠭᠠᠯᠠᠯ ᠢ ᠤᠩᠰᠢᠨ ᠨᠡᠶᠢᠲᠡᠯᠡᠵᠦ᠂ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ᠂ ᠶᠡᠷᠦᠩᠬᠡᠢ ᠪᠢᠯᠧᠲ ᠪᠦᠷᠢᠳᠬᠡᠭᠴᠢ᠂ ᠪᠢᠯᠧᠲ ᠪᠦᠷᠢᠳᠬᠡᠭᠴᠢ ᠶᠢ ᠪᠠᠲᠤᠯᠠᠵᠤ᠂ ᠰᠣᠩᠭᠤᠭᠤᠯᠢ ᠶᠢᠨ ᠲᠣᠭᠤᠷᠢᠭ ᠤᠨ ᠵᠢᠩᠬᠢᠨᠢ ᠲᠥᠯᠥᠭᠡᠯᠡᠭᠴᠢ ᠪᠠᠷ ᠵᠢᠱᠢᠭᠳᠡᠭᠰᠡᠳ ᠤᠨ ᠦᠨᠳᠦᠰᠦᠨ ᠪᠠᠶᠢᠳᠠᠯ ᠢ ᠲᠠᠨᠢᠯᠴᠠᠭᠤᠯᠪᠠ᠃ ᠡᠭᠦᠨ ᠤ ᠬᠠᠮᠲᠤ᠂ ᠰᠤᠩᠭᠤᠭᠤᠯᠢ ᠶᠢᠨ ᠪᠢᠯᠧᠲ ᠥᠭᠬᠦ ᠳᠤ ᠲᠥᠬᠦᠮ ᠦᠵᠡᠭᠦᠯᠬᠦ ᠶᠢᠨ ᠲᠥᠯᠥᠭᠡ᠂ ᠮᠠᠯᠵᠢᠬᠤ ᠣᠷᠣᠨ ᠤ ᠬᠥᠮᠦᠨ ᠠᠮᠠ ᠶᠢᠨ ᠰᠠᠭᠤᠷᠢᠰᠢᠯ ᠤᠨ ᠪᠠᠶᠢᠳᠠᠯ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠮᠠᠨ ᠤ ᠬᠤᠰᠢᠭᠤ ︽ᠪᠢᠯᠧᠲ ᠥᠭᠬᠦ ᠥᠷᠲᠡᠭᠡ + ᠨᠡᠭᠦᠳᠡᠯ ᠪᠢᠯᠧᠲ ᠥᠭᠬᠦ ᠬᠠᠶᠢᠷᠴᠠᠭ ᠢᠶᠠᠷ ᠪᠢᠯᠧᠲ ᠥᠭᠬᠦ︾ ᠬᠡᠯᠪᠡᠷᠢ ᠶᠢ ᠠᠪᠴᠤ᠂ ᠪᠢᠯᠧᠲ ᠥᠭᠬᠦ ᠠᠷᠭ᠎ᠠ ᠶᠢ ᠵᠣᠬᠢᠰᠲᠠᠶ ᠳᠣᠭᠢᠷᠠᠭᠤᠯᠤᠨ᠂ ᠵᠢᠱᠢᠭᠳᠡᠭᠰᠡᠳ ᠲᠤ ᠪᠢᠯᠧᠲ ᠥᠭᠬᠦ ᠳᠤ ᠳᠥᠭᠦᠮ ᠳᠥᠲᠡ᠂ ᠲᠦᠷᠭᠡᠨ ᠨᠡᠪᠲᠡᠷᠡᠬᠦ ᠵᠠᠮ ᠢ ᠬᠠᠩᠭᠠᠪᠠ᠃      ᠬᠤᠰᠢᠭᠤ᠂ ᠰᠤᠮᠤ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠰᠣᠩᠭᠤᠬᠤ ᠠᠵᠢᠯ ᠪᠣᠯ ᠪᠥᠬᠦ ᠬᠤᠰᠢᠭᠤᠨ ᠤ ᠠᠷᠠᠳ ᠲᠦᠮᠡᠨ ᠤ ᠤᠯᠤᠰ ᠲᠥᠷᠥ ᠶᠢᠨ ᠠᠮᠢᠳᠤᠷᠠᠯ ᠳᠠᠬᠢ ᠨᠢᠭᠡᠨ ᠲᠣᠮᠣ ᠶᠠᠪᠤᠳᠠᠯ ᠮᠥᠨ᠂ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠥᠷᠥ ᠶᠢᠨ ᠪᠠᠶᠢᠭᠤᠯᠤᠯᠲᠠ ᠶᠢᠨ ᠴᠢᠬᠤᠯᠠ ᠦᠢᠯᠡᠳᠦᠯᠭᠡ ᠮᠥᠨ᠃ ᠪᠦᠷᠢᠳᠬᠡᠯ ᠢ ᠦᠨᠳᠦᠰᠦᠯᠡᠪᠡᠯ᠂ ᠬᠤᠰᠢᠭᠤ᠂ ᠰᠤᠮᠤ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠣᠩᠭᠤᠭᠤᠯᠢ ᠳᠤ  ᠬᠤᠰᠢᠭᠤᠨ ᠤ ᠲᠠᠰ ᠤᠨ 81 ᠰᠣᠩᠭᠤᠭᠤᠯᠢ ᠶᠢᠨ ᠲᠣᠭᠤᠷᠢᠭ᠂ ᠰᠤᠮᠤ ᠪᠠᠯᠭᠠᠰᠤᠨ ᠤ ᠲᠠᠰ ᠤᠨ 124 ᠰᠣᠩᠭᠤᠭᠤᠯᠢ ᠶᠢᠨ ᠲᠣᠭᠤᠷᠢᠭ ᠬᠤᠪᠢᠶᠠᠵᠤ᠂ ᠬᠤᠰᠢᠭᠤᠨ ᠤ ᠲᠠᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 154 ᠲᠥᠯᠥᠭᠡᠯᠡᠭᠴᠢ᠂ ᠰᠤᠮᠤ ᠪᠠᠯᠭᠠᠰᠤᠨ ᠤ ᠲᠠᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 346 ᠲᠥᠯᠥᠭᠡᠯᠡᠭᠴᠢ ᠶᠢ ᠬᠠᠤᠯᠢ ᠶᠣᠰᠣᠭᠠᠷ ᠰᠣᠩᠭᠤᠨ ᠭᠠᠷᠭᠠᠪᠠ᠃ ᠰᠣᠩᠭᠤᠭᠤᠯᠢ ᠶᠢᠨ ᠦᠷ᠎ᠡ ᠳ᠋ᠦᠩ ᠢ ᠬᠤᠰᠢᠭᠤᠨ ᠤ ᠰᠣᠩᠭᠤᠭᠤᠯᠢ ᠶᠢᠨ ᠵᠥᠪᠯᠡᠯ ᠠᠴᠠ ᠬᠦᠴᠦᠨ ᠲᠠᠢ ᠭᠡᠵᠦ ᠬᠠᠤᠯᠢ ᠶᠣᠰᠣᠭᠠᠷ ᠨᠤᠲᠠᠯᠠᠭᠰᠠᠨ ᠤ ᠳᠠᠷᠠᠭ᠎ᠠ ᠨᠡᠶᠢᠲᠡᠯᠡᠨ᠎ᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号