︽ᠵᠢᠷᠭᠤᠭ᠎ᠠ ᠶᠢ ᠪᠠᠳᠤᠯᠠᠬᠤ︾ ᠠᠵᠢᠯ ᠤᠨ ᠨᠠᠶᠢᠳᠠᠪᠦᠷᠢᠵᠢᠭᠤᠯᠤᠯᠳᠠ ᠶᠢ ᠰᠠᠶᠢᠳᠦᠷ ᠬᠢᠵᠦ ︽ᠵᠢᠷᠭᠤᠭ᠎ᠠ ᠶᠢ | ᠪᠠᠳᠤᠯᠠᠬᠤ︾ ᠡᠭᠦᠷᠭᠡ ᠶᠢ ᠨᠠᠶᠢᠳᠠᠪᠦᠷᠢᠵᠢᠭᠤᠯᠬᠤ ᠲᠦᠰᠦᠯ ᠤᠨ ᠳᠤᠬᠠᠢ ᠠᠵᠢᠯ ᠤᠯᠭᠤᠬᠤ ᠦᠢᠯᠡᠴᠢᠯᠡᠭᠡᠨ ᠤ ᠲᠦᠪ | ᠤᠨ ᠠᠵᠢᠯ ᠤᠨ ᠮᠡᠳᠡᠬᠦᠯᠦᠯᠳᠡ ᠶᠢᠨ ᠳᠠᠶᠢᠯᠤᠮᠵᠢ | | | ᠭᠠᠷᠴᠠᠭ | ᠨᠢᠭᠡ᠂ ᠬᠤᠳᠠ ᠪᠠᠯᠭᠠᠰᠦ ᠶᠢᠨ ᠰᠢᠨ᠎ᠡ ᠪᠠᠷ ᠨᠡᠮᠡᠭᠳᠡᠭᠰᠡᠨ ᠠᠵᠢᠯ ᠤᠯᠭᠤᠯᠳᠠ ᠶᠢᠨ ᠪᠠᠶᠢᠳᠠᠯ | ᠬᠤᠶᠠᠷ᠂ ᠭᠡᠷᠡᠭᠯᠡᠭᠡᠨ ᠤ ᠤᠷ᠎ᠠ ᠮᠡᠷᠭᠡᠵᠢᠯ ᠤᠨ ᠪᠤᠯᠪᠠᠰᠤᠷᠠᠯ ᠡᠷᠬᠢᠯᠡᠬᠦ | ᠭᠤᠷᠪᠠ᠂ ᠠᠵᠢᠯ ᠤᠯᠭᠤᠯᠳᠠ ᠶᠢᠨ ᠵᠢᠭᠡᠯᠡᠯᠭᠡ᠂ ᠠᠵᠢᠯ ᠠᠯᠳᠠᠯᠳᠠ ᠶᠢᠨ ᠳᠠᠭᠠᠳᠬᠠᠯ | | | ᠨᠢᠭᠡ᠂ ᠬᠤᠳᠠ ᠪᠠᠯᠭᠠᠰᠦ ᠶᠢᠨ ᠰᠢᠨ᠎ᠡ ᠪᠠᠷ ᠨᠡᠮᠡᠭᠳᠡᠭᠰᠡᠨ ᠠᠵᠢᠯ ᠤᠯᠭᠤᠯᠳᠠ ᠶᠢᠨ ᠪᠠᠶᠢᠳᠠᠯ | 2021 ᠤᠨ ᠳᠤ᠂ ᠮᠠᠨ ᠤ ᠲᠦᠪ ᠠᠵᠢᠯ ᠤᠯᠭᠤᠵᠦ ᠦᠢᠯᠡᠰ ᠴᠤᠭᠴᠠᠯᠠᠬᠤ ᠪᠠᠶᠢᠯᠳᠤᠬᠤ ᠪᠤᠳᠤᠯᠭ᠎ᠠ ᠶᠢ | ᠦᠷᠬᠦᠯᠵᠢᠯᠡᠨ ᠬᠦᠨᠵᠡᠭᠡᠶᠢᠷᠡᠬᠦᠯᠦᠨ ᠭᠡᠷᠡᠭᠵᠢᠬᠦᠯᠵᠦ᠂ ︽ᠬᠦᠳᠡᠯᠮᠦᠷᠢᠴᠢᠳ ᠪᠡᠶ᠎ᠡ ᠪᠠᠨ ᠳᠠᠭᠠᠭᠠᠵᠦ ᠦᠢᠯᠡᠰ | ᠴᠤᠭᠴᠠᠯᠠᠵᠦ᠂ ᠵᠠᠬ᠎ᠠ ᠳᠡᠯᠭᠡᠭᠦᠷ ᠢᠶᠠᠷ ᠠᠵᠢᠯ ᠤᠯᠭᠤᠯᠳᠠ ᠶᠢ ᠳᠤᠬᠢᠷᠠᠭᠤᠯᠬᠤ᠂ ᠵᠠᠰᠠᠭ ᠤᠨ ᠤᠷᠳᠤᠨ ᠠᠵᠢᠯ | ᠤᠯᠭᠤᠯᠳᠠ ᠶᠢ ᠲᠦᠯᠬᠢᠨ ᠠᠬᠢᠭᠤᠯᠬᠤ ᠪᠠ ᠦᠢᠯᠡᠰ ᠪᠤᠰᠬᠠᠬᠤ ᠶᠢ ᠵᠤᠷᠢᠭᠵᠢᠭᠤᠯᠬᠤ︾ ᠠᠵᠢᠯ ᠤᠯᠭᠤᠯᠳᠠ ᠶᠢᠨ | ᠴᠢᠭᠯᠡᠯᠳᠡ ᠶᠢ ᠳᠤᠤᠱᠯᠠᠭᠤᠯᠤᠨ ᠭᠡᠷᠡᠭᠵᠢᠬᠦᠯᠵᠦ᠂ ᠨᠡᠩ ᠪᠦᠷᠢᠨ ᠬᠦᠢᠴᠡᠳ ᠪᠦᠭᠡᠳ ᠦᠨᠳᠦᠷ ᠪᠦᠳᠦᠮᠵᠢᠳᠡᠢ ᠠᠵᠢᠯ | ᠤᠯᠭᠤᠯᠳᠠ ᠶᠢ ᠠᠬᠢᠭᠤᠯᠤᠨ ᠭᠡᠷᠡᠭᠵᠢᠬᠦᠯᠬᠦ ᠪᠠᠷ ᠴᠢᠷᠮᠠᠶᠢᠨ᠂ ᠠᠵᠢᠯ ᠤᠯᠭᠤᠯᠳᠠ ᠶᠢᠨ ᠦᠢᠯᠡᠴᠢᠯᠡᠭᠡᠨ ᠤ ᠴᠢᠳᠠᠪᠦᠷᠢ | ᠶᠢ ᠳᠠᠰᠤᠷᠠᠯᠳᠠ ᠦᠬᠡᠢ ᠳᠡᠭᠡᠭᠰᠢᠯᠡᠬᠦᠯᠵᠦ᠂ ᠠᠵᠢᠯ ᠤᠯᠭᠤᠯᠳᠠ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ | ᠰᠢᠯᠢᠳᠡᠭᠵᠢᠬᠦᠯᠦᠨ᠂ ᠬᠤᠳᠠ ᠪᠠᠯᠭᠠᠰᠦ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠤᠷᠮ᠎ᠠ ᠶᠢ ᠴᠢᠷᠮᠠᠶᠢᠨ | ᠳᠤᠷᠤᠭᠰᠢᠯᠠᠭᠤᠯᠵᠦ᠂ ᠠᠵᠢᠯ ᠤᠯᠭᠤᠬᠤ ᠪᠠ ᠳᠠᠬᠢᠨ ᠠᠵᠢᠯ ᠤᠯᠭᠤᠬᠤ ᠠᠵᠢᠯ ᠤᠨ ᠰᠢᠨ᠎ᠡ ᠦᠰᠦᠷᠦᠯᠳᠡ ᠶᠢ | ᠪᠡᠶᠡᠯᠡᠬᠦᠯᠪᠡ᠃ | 7 ᠰᠠᠷ᠎ᠠ ᠪᠤᠯᠳᠠᠯ᠎ᠠ᠂ ᠪᠦᠬᠦ ᠬᠤᠰᠢᠭᠤᠨ ᠤ ᠰᠢᠨ᠎ᠡ ᠪᠠᠷ ᠨᠡᠮᠡᠭᠳᠡᠭᠰᠡᠨ ᠠᠵᠢᠯ ᠤᠯᠤᠭᠰᠠᠳ 238 ᠬᠦᠮᠦᠨ ︵ | ᠡᠭᠦᠨ ᠳᠤ ᠠᠵᠢᠯ ᠤᠯᠭᠤᠬᠤ ᠳᠤ ᠬᠦᠴᠢᠷ ᠲᠠᠢ 40 ᠬᠦᠮᠦᠨ︶ ᠪᠠᠶᠢᠵᠦ᠂ ᠳᠠᠩᠰᠠᠯᠠᠭᠤᠯᠤᠭᠰᠠᠨ ᠠᠵᠢᠯ | ᠠᠯᠳᠠᠭᠰᠠᠨ ᠨᠤᠷᠮ᠎ᠠ 3.04% ᠳᠤ ᠬᠦᠷᠪᠡ᠃ ᠮᠠᠯᠴᠢᠨ ᠳᠠᠷᠢᠶᠠᠴᠢᠳ ᠢ ᠰᠢᠯᠵᠢᠬᠦᠯᠵᠦ ᠠᠵᠢᠯ ᠤᠯᠤᠭᠰᠠᠳ | 109 ᠬᠦᠮᠦᠨ ᠪᠠᠶᠢᠵᠦ᠂ ᠬᠠᠷᠠᠯᠳᠠᠳᠦ ᠡᠭᠦᠷᠭᠡ ᠶᠢᠨ 100 ᠬᠦᠮᠦᠨ ᠤ 109% ᠶᠢ ᠪᠡᠶᠡᠯᠡᠬᠦᠯᠦᠨ᠂ ᠡᠭᠦᠨ ᠳᠤ | ᠰᠢᠯᠵᠢᠬᠦᠯᠵᠦ ᠠᠵᠢᠯ ᠤᠯᠤᠭᠠᠳ 6 ᠰᠠᠷ᠎ᠠ ᠠᠴᠠ ᠳᠡᠭᠡᠭᠰᠢ ᠪᠤᠯᠤᠭᠰᠠᠨ ᠨᠢ 45 ᠬᠦᠮᠦᠨ ᠪᠠᠶᠢᠵᠦ᠂ ᠬᠠᠷᠠᠯᠳᠠᠳᠦ | ᠡᠭᠦᠷᠭᠡ ᠶᠢᠨ 50 ᠬᠦᠮᠦᠨ ᠤ 90% ᠶᠢ ᠪᠡᠶᠡᠯᠡᠬᠦᠯᠪᠡ᠃ | | | ᠬᠤᠶᠠᠷ᠂ ᠭᠡᠷᠡᠭᠯᠡᠭᠡᠨ ᠤ ᠤᠷ᠎ᠠ ᠮᠡᠷᠭᠡᠵᠢᠯ ᠤᠨ ᠪᠤᠯᠪᠠᠰᠤᠷᠠᠯ ᠡᠷᠬᠢᠯᠡᠬᠦ | ᠠᠵᠢᠯ ᠤᠯᠭᠤᠯᠳᠠ ᠶᠢᠨ ᠪᠤᠯᠪᠠᠰᠤᠷᠠᠯ ᠤᠨ ᠰᠢᠰᠲ᠋ᠧᠮ ᠢ ᠳᠡᠬᠦᠯᠳᠡᠷᠵᠢᠬᠦᠯᠦᠨ᠂ ᠠᠵᠢᠯ ᠤᠯᠭᠤᠬᠤ ᠳᠤ | ᠬᠠᠷᠠᠭᠠᠯᠵᠠᠯ ᠦᠵᠡᠬᠦᠯᠬᠦ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠴᠢᠬᠤᠯᠠᠴᠢᠯᠠᠵᠦ᠂ ᠬᠦᠳᠡᠯᠮᠦᠷᠢᠴᠢᠳ ᠤᠨ | ᠠᠳᠠᠯ ᠦᠢᠯᠡᠰ ᠪᠤᠰᠬᠠᠬᠤ ᠦᠵᠡᠯᠳᠡ ᠶᠢ ᠬᠤᠪᠢᠷᠠᠭᠤᠯᠤᠨ᠂ ᠦᠢᠯᠡᠰ ᠴᠤᠭᠴᠠᠯᠠᠭᠴᠢᠳ ᠤᠨ ᠠᠳᠠᠯ ᠦᠢᠯᠡᠰ | ᠴᠤᠭᠴᠠᠯᠠᠬᠤ ᠴᠢᠳᠠᠪᠦᠷᠢ ᠶᠢ ᠪᠦᠬᠦ ᠳᠠᠯ᠎ᠠ ᠪᠠᠷ ᠳᠡᠭᠡᠭᠰᠢᠯᠡᠬᠦᠯᠪᠡ᠃ | ᠤᠳᠤ ᠪᠤᠯᠳᠠᠯ᠎ᠠ᠂ ᠮᠠᠨ ᠤ ᠲᠦᠪ ᠦᠢᠯᠡᠰ ᠪᠤᠰᠬᠠᠬᠤ ᠪᠤᠯᠪᠠᠰᠤᠷᠠᠯ ᠢ 1 ᠬᠤᠭᠤᠴᠠᠭ᠎ᠠ ᠡᠷᠬᠢᠯᠡᠨ ᠬᠢᠵᠦ᠂ | 28 ᠬᠦᠮᠦᠨ ︵ᠡᠭᠦᠨ ᠳᠤ ᠳᠠᠩᠰᠠᠯᠠᠨ ᠺᠠᠷᠲᠯᠠᠭᠰᠠᠨ ᠬᠦᠮᠦᠨ ᠠᠮᠠ 6 ᠪᠠᠶᠢᠨ᠎ᠠ︶ ᠪᠤᠯᠪᠠᠰᠤᠷᠠᠯ ᠳᠤ ᠤᠷᠤᠯᠴᠠᠵᠦ᠂ | IYB ᠪᠤᠯᠪᠠᠰᠤᠷᠠᠯ ᠢ 1 ᠬᠤᠭᠤᠴᠠᠭ᠎ᠠ ᠡᠷᠬᠢᠯᠡᠨ ᠬᠢᠵᠦ᠂ ᠨᠡᠶᠢᠳᠡ 24 ᠬᠦᠮᠦᠨ ᠪᠤᠯᠪᠠᠰᠤᠷᠠᠯ ᠳᠤ ᠤᠷᠤᠯᠴᠠᠪᠠ᠃ | ᠨᠢᠭᠡ ᠬᠤᠭᠤᠴᠠᠭᠠᠨ ᠤ ᠺᠤᠮᠫᠢᠤᠲ᠋ᠧᠷ ᠵᠢᠯᠤᠭᠤᠳᠤᠭᠴᠢ ᠶᠢᠨ ᠪᠤᠯᠪᠠᠰᠤᠷᠠᠯ ᠤᠨ ᠠᠩᠬᠢ ᠡᠷᠬᠢᠯᠡᠵᠦ᠂ ᠨᠡᠶᠢᠳᠡ | 45 ᠬᠦᠮᠦᠨ ︵ᠳᠠᠩᠰᠠᠯᠠᠨ ᠺᠠᠷᠲᠯᠠᠭᠰᠠᠨ ᠬᠦᠮᠦᠨ ᠠᠮᠠ 10᠂ ᠨᠠᠭᠠᠳᠦ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ | ᠶᠢᠨ ᠡᠷᠦᠬᠡ 2︶ ᠤᠷᠤᠯᠴᠠᠵᠦ᠂ ᠳᠤᠮᠳᠠᠳᠦ ᠮᠠᠶ᠋ᠢᠭ ᠤᠨ ᠬᠠᠭᠤᠷᠤᠯᠭ᠎ᠠ ᠶᠢᠨ ᠪᠤᠯᠪᠠᠰᠤᠷᠠᠯ ᠤᠨ ᠠᠩᠬᠢ ᠶᠢ 1 | ᠬᠤᠭᠤᠴᠠᠭ᠎ᠠ ᠡᠷᠬᠢᠯᠡᠵᠦ᠂ ᠨᠡᠶᠢᠳᠡ 38 ᠬᠦᠮᠦᠨ ︵ᠳᠠᠩᠰᠠᠯᠠᠨ ᠺᠠᠷᠲᠯᠠᠭᠰᠠᠨ ᠡᠷᠦᠬᠡ 5 ᠬᠦᠮᠦᠨ︶ ᠤᠷᠤᠯᠴᠠᠪᠠ᠃ | | ᠭᠤᠷᠪᠠ᠂ ᠠᠵᠢᠯ ᠤᠯᠭᠤᠯᠳᠠ ᠶᠢᠨ ᠵᠢᠭᠡᠯᠡᠯᠭᠡ᠂ ᠠᠵᠢᠯ ᠠᠯᠳᠠᠯᠳᠠ ᠶᠢᠨ ᠳᠠᠭᠠᠳᠬᠠᠯ | ︵1︶ ᠳᠡᠭᠡᠷ᠎ᠡ ᠱᠠᠳᠤᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠦᠨᠳᠦᠰᠦᠯᠡᠨ᠂ | ᠮᠠᠨ ᠤ ᠲᠦᠪ ᠦᠢᠯᠡᠰ ᠪᠤᠰᠬᠠᠬᠤ ᠪᠠᠳᠤᠯᠠᠭᠠᠳᠦ ᠵᠢᠭᠡᠯᠡᠯᠭᠡ ᠶᠢᠨ ᠬᠠᠮᠤᠷᠬᠤ ᠬᠡᠪᠴᠢᠶ᠎ᠡ ᠶᠢ ᠵᠤᠬᠢᠬᠤ ᠬᠡᠮᠵᠢᠶ᠎ᠡ ᠪᠠᠷ | ᠦᠷᠭᠡᠳᠭᠡᠨ᠂ ᠭᠤᠶᠤᠴᠢᠯᠠᠬᠤ ᠱᠠᠭᠠᠷᠳᠠᠯᠭ᠎ᠠ ᠶᠢ ᠳᠤᠷᠤᠭᠰᠢᠯᠠᠭᠤᠯᠵᠦ᠂ ᠵᠢᠭᠡᠯᠡᠯᠭᠡ ᠶᠢᠨ ᠳᠤᠭ᠎ᠠ ᠬᠡᠮᠵᠢᠶ᠎ᠡ ᠶᠢ | ᠵᠤᠬᠢᠬᠤ ᠬᠡᠮᠵᠢᠶ᠎ᠡ ᠪᠠᠷ ᠳᠡᠭᠡᠭᠰᠢᠯᠡᠬᠦᠯᠦᠨ᠂ ᠪᠡᠯᠡ ᠮᠦᠩᠬᠦᠨ ᠤ ᠳᠠᠯ᠎ᠠ ᠪᠠᠷ ᠦᠢᠯᠡᠰ ᠴᠤᠭᠴᠠᠯᠠᠭᠴᠢᠳ ᠤᠨ ᠦᠢᠯᠡᠰ | ᠴᠤᠭᠴᠠᠯᠠᠬᠤ ᠠᠵᠢᠯ ᠤᠨ ᠤᠷᠤᠭᠰᠢᠳᠠᠢ ᠶᠠᠪᠤᠭᠳᠠᠬᠤ ᠶᠢ ᠪᠠᠳᠤᠯᠠᠪᠠ᠃ 7 ᠰᠠᠷ᠎ᠠ ᠪᠤᠯᠳᠠᠯ᠎ᠠ᠂ ᠦᠢᠯᠡᠰ ᠪᠤᠰᠬᠠᠬᠤ | ᠪᠠᠳᠤᠯᠠᠭᠠᠳᠦ ᠵᠢᠭᠡᠯᠡᠯᠭᠡ ᠶᠢ 13 ᠬᠤᠪᠢ ᠳᠠᠯᠪᠢᠵᠦ᠂ 215 ᠲᠦᠮᠡᠨ ᠲᠦᠬᠦᠷᠢᠭ ᠲᠤ ᠬᠦᠷᠪᠡ᠃ | ︵2︶ 2021 ᠤᠨ ᠤ 1 — 7 ᠰᠠᠷ᠎ᠠ ᠪᠤᠯᠳᠠᠯ᠎ᠠ ᠳᠠᠭᠠᠳᠬᠠᠯ ᠳᠤ ᠤᠷᠤᠯᠴᠠᠭᠰᠠᠨ ᠨᠢᠭᠡᠴᠢ 295 ᠡᠷᠦᠭᠡ | ᠪᠠᠶᠢᠵᠦ᠂ ᠡᠭᠦᠨ ᠳᠤ᠄ ᠠᠵᠦ ᠠᠬᠤᠶᠢᠯᠠᠯ 108 ᠡᠷᠦᠬᠡ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ 196 | ᠡᠷᠦᠬᠡ ᠳᠤ ᠬᠦᠷᠪᠡ᠃ ᠠᠵᠢᠯ ᠠᠯᠳᠠᠯᠳᠠ ᠶᠢᠨ ᠳᠠᠭᠠᠳᠬᠠᠯ ᠳᠤ ᠤᠷᠤᠯᠴᠠᠭᠰᠠᠨ ᠬᠦᠮᠦᠨ ᠤ ᠳᠤᠭ᠎ᠠ 5200 | ᠪᠠᠶᠢᠵᠦ᠂ ᠡᠭᠦᠨ ᠳᠤ᠄ ᠠᠵᠦ ᠠᠬᠤᠶᠢᠯᠠᠯ ᠤᠨ ᠬᠢᠨ 2938 ᠬᠦᠮᠦᠨ᠂ ᠵᠠᠰᠠᠭ ᠵᠠᠬᠢᠷᠭᠠᠨ ᠠᠵᠢᠯ ᠦᠢᠯᠡᠰ ᠤᠨ | ᠨᠢᠭᠡᠴᠡ ᠶᠢᠨ ᠬᠢᠨ 2262 ᠬᠦᠮᠦᠨ ᠳᠤ ᠬᠦᠷᠪᠡ᠃ ᠳᠠᠭᠠᠳᠬᠠᠯ ᠳᠤ ᠤᠷᠤᠯᠴᠠᠭᠰᠠᠨ ᠬᠦᠮᠦᠨ ᠤ ᠳᠤᠭ᠎ᠠ | ᠬᠠᠷᠠᠯᠳᠠᠳᠦ ᠡᠭᠦᠷᠭᠡ ᠶᠢᠨ 5200 ᠬᠦᠮᠦᠨ ᠤ 100% ᠶᠢ ᠪᠡᠶᠡᠯᠡᠬᠦᠯᠪᠡ᠃ | ︵3︶ ᠠᠵᠢᠯ ᠠᠯᠳᠠᠯᠳᠠ ᠶᠢᠨ ᠳᠠᠭᠠᠳᠬᠠᠯ ᠤᠨ ᠤᠷᠤᠯᠭ᠎ᠠ 238.92 ᠲᠦᠮᠡᠨ ᠲᠦᠬᠦᠷᠢᠭ ︵ᠡᠭᠦᠨ ᠳᠤ᠂ | ᠠᠵᠢᠯ ᠠᠯᠳᠠᠯᠳᠠ ᠶᠢᠨ ᠳᠠᠭᠠᠳᠬᠠᠯ ᠤᠨ ᠰᠦᠢᠳᠭᠡᠯ ᠢ 209.15 ᠲᠦᠮᠡᠨ ᠲᠦᠬᠦᠷᠢᠭ ᠳᠠᠳᠠᠪᠦᠷᠢᠯᠠᠨ ᠬᠤᠷᠢᠶᠠᠵᠦ᠂ | ᠪᠦᠬᠦ ᠵᠢᠯ ᠤᠨ ᠳᠠᠳᠠᠪᠦᠷᠢᠯᠠᠨ ᠬᠤᠷᠢᠶᠠᠬᠤ ᠡᠭᠦᠷᠭᠡ ᠶᠢᠨ 260 ᠲᠦᠮᠡᠨ ᠲᠦᠬᠦᠷᠢᠭ ᠤᠨ 80.4% ᠶᠢ | ᠪᠡᠶᠡᠯᠡᠬᠦᠯᠪᠡ︔ ᠬᠦᠦ ᠮᠦᠩᠬᠦ ᠶᠢᠨ ᠤᠷᠤᠯᠭ᠎ᠠ 29.72 ᠲᠦᠮᠡᠨ ᠲᠦᠬᠦᠷᠢᠭ᠂ ᠬᠤᠭᠤᠴᠠᠭ᠎ᠠ ᠰᠠᠭᠠᠳᠠᠭᠠᠭᠰᠠᠨ | ᠮᠦᠩᠬᠦ ᠶᠢᠨ ᠤᠷᠤᠯᠭ᠎ᠠ 482.15 ᠲᠦᠬᠦᠷᠢᠭ︶ ᠲᠤ ᠬᠦᠷᠪᠡ᠃ ᠠᠵᠢᠯ ᠠᠯᠳᠠᠯᠳᠠ ᠶᠢᠨ ᠳᠠᠭᠠᠳᠬᠠᠯ ᠤᠨ | ᠰᠦᠢᠳᠭᠡᠯ ᠤᠨ ᠶᠡᠷᠦᠩᠭᠡᠢ ᠵᠠᠷᠤᠯᠭ᠎ᠠ 25.68 ᠲᠦᠮᠡᠨ ᠲᠦᠬᠦᠷᠢᠭ ︵ᠡᠭᠦᠨ ᠳᠤ ᠠᠵᠢᠯ ᠠᠯᠳᠠᠯᠳᠠ ᠶᠢᠨ | ᠳᠠᠭᠠᠳᠬᠠᠯ ᠤᠨ ᠬᠦᠯᠦᠰᠦ ᠤᠯᠭᠤᠮᠵᠢ ᠶᠢᠨ ᠵᠠᠷᠤᠯᠭ᠎ᠠ 8.82 ᠲᠦᠮᠡᠨ ᠲᠦᠬᠦᠷᠢᠭ᠂ ᠠᠵᠢᠯ ᠠᠯᠳᠠᠯᠳᠠ ᠶᠢᠨ | ᠨᠦᠬᠦᠪᠦᠷᠢ ᠮᠦᠩᠬᠦ ᠶᠢᠨ ᠵᠠᠷᠤᠯᠭ᠎ᠠ 16.86 ᠲᠦᠮᠡᠨ ᠲᠦᠬᠦᠷᠢᠭ︶ ᠲᠤ ᠬᠦᠷᠪᠡ᠃ ᠠᠵᠢᠯ ᠠᠯᠳᠠᠯᠳᠠ ᠶᠢᠨ | ᠳᠠᠭᠠᠳᠬᠠᠯ ᠤᠨ ᠬᠦᠯᠦᠰᠦ ᠤᠯᠭᠤᠮᠵᠢ ᠶᠢ 16 ᠬᠦᠮᠦᠨ ᠳᠤ ᠬᠦᠷᠲᠡᠭᠡᠵᠦ᠂ ᠠᠵᠢᠯ ᠠᠯᠳᠠᠯᠳᠠ ᠶᠢᠨ ᠨᠦᠬᠦᠪᠦᠷᠢ | ᠮᠦᠩᠬᠦ ᠶᠢ 30 ᠬᠦᠮᠦᠨ ᠳᠤ ᠬᠦᠷᠳᠡᠭᠡᠪᠡ᠃ | | |