12 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠮᠠᠨ ᠤ ᠣᠷᠣᠨ ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠪᠠᠷ ᠪᠤᠢ
ᠨᠡᠶᠢᠲᠡᠯᠡᠭᠰᠡᠨ ᠴᠠᠭ᠄
2021/11/17
     ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠣᠷᠣᠨ 2021 ᠣᠨ ᠤ 12 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠵᠢᠴᠢ ᠪᠦᠬᠦᠯᠢ ᠡᠳᠦᠷ ᠤᠨ ᠪᠤᠰᠤ ᠳᠦᠷᠢᠮᠲᠦ ᠠᠵᠢᠯᠯᠠᠬᠤ ᠴᠠᠭ ᠤᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠪᠠᠷ ᠪᠤᠢ᠃      ᠲᠣᠬᠢᠷᠠᠭᠤᠯᠤᠯᠲᠠ ᠬᠢᠭᠰᠡᠨ ᠤ ᠳᠠᠷᠠᠭᠠᠬᠢ ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ ᠨᠢ ᠲᠣᠰ ᠲᠣᠰ᠄ ᠨᠢᠭᠡᠳᠦᠭᠡᠷ ᠲᠥᠷᠥᠯ ᠤᠨ ᠭᠠᠵᠠᠷ ᠣᠷᠣᠨ᠄ ᠬᠤᠷᠢᠨᠭᠡᠷ ᠰᠢᠶᠠᠨ ᠵᠡᠷᠭᠡ 18 ᠬᠤᠲᠠ ᠰᠢᠶᠠᠨ ᠲᠣᠭᠤᠷᠢᠭ᠂ ᠮᠠᠨᠵᠤᠤᠷ ᠬᠤᠲᠠ᠂ ᠡᠷᠢᠶᠡᠨ ᠬᠤᠲᠠ ᠵᠡᠷᠭᠡ ᠲᠤᠰᠬᠠᠢ ᠲᠥᠯᠥᠪᠯᠡᠭᠡᠲᠦ ᠬᠤᠲᠠ ᠪᠣᠯᠤᠨ ᠠᠯᠠᠱᠠ ᠵᠡᠭᠦᠨ ᠬᠤᠰᠢᠭᠤ ᠵᠡᠷᠭᠡ 12 ᠬᠤᠰᠢᠭᠤᠨ ᠤ ᠪᠦᠬᠦᠯᠢ ᠡᠳᠦᠷ ᠤᠨ ᠳᠦᠷᠢᠮᠲᠦ ᠠᠵᠢᠯᠴᠢᠨ ᠬᠡᠷᠡᠭᠯᠡᠬᠦ ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ ᠨᠢ 1980 ᠲᠥᠭᠦᠷᠢᠭ / ᠰᠠᠷ᠎ᠠ᠂ ᠪᠦᠬᠦᠯᠢ ᠡᠳᠦᠷ ᠤᠨ ᠪᠤᠰᠤ ᠳᠦᠷᠢᠮᠲᠦ ᠠᠵᠢᠯᠴᠢᠨ ᠬᠡᠷᠡᠭᠯᠡᠬᠦ ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ ᠨᠢ 20.8 ᠲᠥᠭᠦᠷᠢᠭ / ᠴᠠᠭ ᠪᠣᠯᠤᠨ᠎ᠠ᠃ ᠬᠤᠶᠠᠳᠤᠭᠠᠷ ᠲᠥᠷᠥᠯ ᠤᠨ ᠭᠠᠵᠠᠷ ᠣᠷᠣᠨ᠄ ᠲᠣᠭᠲᠠᠬᠤ ᠰᠢᠶᠠᠨ ᠵᠡᠷᠭᠡ 16 ᠬᠤᠲᠠ ᠰᠢᠶᠠᠨ ᠲᠣᠭᠤᠷᠢᠭ᠂ ᠲᠦᠮᠡᠳ ᠵᠡᠭᠦᠨ ᠬᠤᠰᠢᠭᠤ ᠵᠡᠷᠭᠡ 14 ᠬᠤᠰᠢᠭᠤᠨ ᠤ ᠪᠦᠬᠦᠯᠢ ᠡᠳᠦᠷ ᠤᠨ ᠳᠦᠷᠢᠮᠲᠦ ᠠᠵᠢᠯᠴᠢᠨ ᠬᠡᠷᠡᠭᠯᠡᠬᠦ ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ ᠨᠢ 1910 ᠲᠥᠭᠦᠷᠢᠭ / ᠰᠠᠷ᠎ᠠ᠂ ᠪᠦᠬᠦᠯᠢ ᠡᠳᠦᠷ ᠤᠨ ᠪᠤᠰᠤ ᠳᠦᠷᠢᠮᠲᠦ ᠠᠵᠢᠯᠴᠢᠨ ᠬᠡᠷᠡᠭᠯᠡᠬᠦ ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ ᠨᠢ 20.1 ᠲᠥᠭᠦᠷᠢᠭ / ᠴᠠᠭ ᠪᠣᠯᠣᠨ᠎ᠠ᠃ ᠭᠤᠷᠪᠠᠳᠤᠭᠠᠷ ᠲᠥᠷᠥᠯ ᠤᠨ ᠭᠠᠵᠠᠷ ᠣᠷᠣᠨ᠄ ᠶᠠᠭᠰᠢ ᠬᠤᠲᠠ ᠵᠡᠷᠭᠡ 15 ᠬᠤᠲᠠ ᠰᠢᠶᠠᠨ ᠲᠣᠭᠤᠷᠢᠭ᠂ ᠣᠷᠴᠣᠨ ᠤ ᠥᠪᠡᠷᠲᠡᠭᠡᠨ ᠵᠠᠰᠠᠬᠤ ᠬᠤᠰᠢᠭᠤ ᠵᠡᠷᠭᠡ 26 ᠬᠤᠰᠢᠭᠤᠨ ᠤ ᠪᠦᠬᠦᠯᠢ ᠡᠳᠦᠷ ᠤᠨ ᠳᠦᠷᠢᠮᠲᠦ ᠠᠵᠢᠯᠴᠢᠨ ᠬᠡᠷᠡᠭᠯᠡᠬᠦ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠨᠢ 1850 ᠲᠥᠭᠦᠷᠢᠭ / ᠰᠠᠷ᠎ᠠ᠂ ᠪᠦᠬᠦᠯᠢ ᠡᠳᠦᠷ ᠤᠨ ᠪᠤᠰᠤ ᠳᠦᠷᠢᠮᠲᠦ ᠠᠵᠢᠯᠴᠢᠨ ᠬᠡᠷᠡᠭᠯᠡᠬᠦ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠨᠢ 19.5 ᠲᠥᠭᠦᠷᠢᠭ / ᠴᠠᠭ ᠪᠣᠯᠤᠨ᠎ᠠ᠃ ᠣᠶᠢᠯᠠᠭᠠᠭᠰᠠᠨ ᠢᠶᠠᠷ᠂ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠳᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠮᠥᠩᠭᠦ᠂ ᠡᠮ ᠡᠮᠨᠡᠯᠭᠡ ᠶᠢᠨ ᠳᠠᠭᠠᠳᠬᠠᠯ ᠤᠨ ᠮᠥᠩᠭᠦ᠂ ᠠᠵᠢᠯ ᠠᠯᠳᠠᠭᠰᠠᠨ ᠳᠠᠭᠠᠳᠬᠠᠯ ᠤᠨ ᠮᠥᠩᠭᠦ ᠪᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠲᠤᠰᠢᠶᠠᠭᠰᠠᠨ ᠬᠡᠰᠡᠭ ᠪᠠᠭᠲᠠᠨ᠎ᠠ᠃ ᠠᠵᠢᠯᠯᠠᠬᠤ ᠴᠠᠭ ᠢ ᠤᠷᠲᠤᠳᠬᠠᠭᠰᠠᠨ ᠴᠠᠯᠢᠩ᠂ ᠦᠳᠡ ᠶᠢᠨ ᠡᠭᠡᠯᠵᠢ᠂ ᠰᠥᠨᠢ ᠶᠢᠨ ᠡᠭᠡᠯᠵᠢ᠂ ᠥᠨᠳᠥᠷ ᠳᠤᠯᠠᠭᠠᠨ᠂ ᠳᠣᠣᠷ᠎ᠠ ᠳᠤᠯᠠᠭᠠᠨ᠂ ᠬᠤᠳᠳᠤᠭ ᠳᠣᠲᠣᠷ᠎ᠠ᠂ ᠬᠤᠣᠷ ᠬᠥᠨᠥᠭᠡᠯ ᠲᠠᠢ ᠣᠷᠴᠢᠨ ᠵᠡᠷᠭᠡ ᠣᠨᠴᠠᠭᠠᠶ ᠨᠥᠬᠦᠴᠡᠯ ᠳᠣᠣᠷᠠᠬᠢ ᠨᠥᠬᠦᠪᠥᠷᠢ ᠮᠥᠩᠭᠦ᠂ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠤᠨ ᠲᠣᠭᠲᠠᠭᠠᠭᠰᠠᠨ ᠬᠥᠳᠡᠯᠮᠦᠷᠢᠴᠢᠨ ᠤ ᠠᠰᠠᠷᠠᠮᠵᠢ ᠬᠠᠷᠠᠭᠠᠯᠵᠠᠯ ᠵᠡᠷᠭᠡ ᠪᠠᠭᠲᠠᠬᠤ ᠦᠭᠡᠢ᠃ ᠬᠥᠮᠦᠨ ᠬᠡᠷᠡᠭᠯᠡᠬᠦ ᠨᠢᠭᠡᠴᠢ ᠬᠠᠮᠤᠭ ᠤᠨ ᠳᠣᠣᠷ᠎ᠠ ᠴᠠᠯᠢᠩ ᠣᠯᠭᠤᠬᠤ ᠪᠠᠷᠢᠮᠵᠢᠶ᠎ᠠ ᠶᠢᠨ ᠲᠣᠭᠲᠠᠭᠠᠯ ᠢ ᠵᠥᠷᠢᠴᠡᠭᠰᠡᠨ ᠪᠠᠶᠢᠪᠠᠯ᠂ ᠬᠥᠳᠡᠯᠮᠦᠷᠢᠴᠢᠳ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠢᠯᠡᠴᠢᠯᠡᠨ ᠵᠠᠭᠠᠯᠳᠤᠬᠤ ᠪᠤᠶᠤ ᠬᠠᠤᠯᠢ ᠶᠣᠰᠣᠭᠠᠷ ᠬᠥᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠬᠤ ᠪᠠ ᠵᠠᠭᠠᠯᠳᠤᠵᠤ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号