ᠰᠢᠨ᠎ᠡ ᠪᠠᠷᠭᠤ ᠪᠠᠷᠠᠭᠤᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2021/11/18
     ᠰᠢᠨ᠎ᠡ ᠪᠠᠷᠭᠤ ᠪᠠᠷᠠᠭᠤᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ ᠰᠠᠯᠠᠭᠠᠨ ᠲᠠᠰ ᠪᠣᠯᠤᠨ᠎ᠠ᠃     ᠨᠢᠭᠡ  ᠭᠤᠤᠯ ᠡᠭᠦᠷᠭᠡ ᠬᠠᠷᠢᠭᠤᠴᠠᠯᠭ᠎ᠠ      ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠠᠮ ᠤᠨ ᠲᠥᠪ ᠬᠤᠷᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠴᠢᠭᠯᠡᠯᠲᠡ, ᠲᠥᠷᠥ ᠶᠢᠨ ᠪᠣᠳᠣᠯᠭ᠎ᠠ ᠶᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ ᠪᠣᠯ᠄      ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠠᠷᠠᠳ ᠨᠡᠶᠢᠲᠡ ᠶᠢᠨ ᠥᠮᠴᠢᠯᠡᠯ ᠤᠨ ᠭᠠᠵᠠᠷ ᠰᠢᠷᠣᠶ᠂ ᠠᠭᠤᠷᠬᠠᠶ ᠶᠢᠨ ᠭᠠᠷᠤᠯᠲᠠ᠂ ᠤᠢ ᠰᠢᠭᠤᠶ᠂ ᠨᠤᠲᠤᠭ ᠪᠡᠯᠴᠢᠭᠡᠷ᠂ ᠴᠢᠭᠢᠭᠯᠢᠭ ᠭᠠᠵᠠᠷ᠂ ᠤᠰᠤ ᠵᠡᠷᠭᠡ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠥᠮᠴᠢᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠ ᠤᠯᠤᠰ ᠤᠨ ᠨᠤᠲᠤᠭ ᠳᠡᠪᠢᠰᠬᠡᠷ ᠤᠨ ᠪᠤᠢ ᠪᠦᠬᠦᠢ ᠣᠷᠣᠨ ᠵᠠᠶ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠵᠦ᠂ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠲᠤᠤᠱᠯᠠᠭᠤᠯᠤᠨ ᠬᠡᠷᠡᠭᠵᠢᠭᠦᠯᠦᠨ᠎ᠡ᠃      ︵ᠬᠤᠶᠠᠷ︶ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠠᠵᠢᠯ ᠢ ᠬᠠᠷᠢᠭᠤᠴᠠᠨ᠎ᠠ᠃ ᠤᠯᠤᠰ ᠠᠴᠠ ᠲᠣᠭᠲᠠᠭᠠᠭᠰᠠᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠭᠦᠢᠴᠡᠳᠬᠡᠯ ᠲᠣᠭᠠᠨ ᠤ ᠰᠢᠰᠲ᠋ᠧᠮ ᠪᠠ ᠲᠤᠭ᠎ᠠ ᠪᠦᠷᠢᠳᠬᠡᠯ ᠤᠨ ᠪᠠᠷᠢᠮᠵᠢᠶ᠎ᠠ ᠶᠣᠰᠣᠭᠠᠷ᠂ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠨᠢᠭᠡᠳᠦᠯᠲᠡᠶ ᠳᠦᠷᠢᠮᠵᠢᠭᠰᠡᠨ ᠲᠦᠷᠢᠮ ᠢ ᠪᠠᠶᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠰᠠᠭᠤᠷᠢ ᠪᠠᠶᠢᠴᠠᠭᠠᠯᠲᠠ᠂ ᠲᠤᠰᠬᠠᠶ ᠵᠦᠢᠯ ᠤᠨ ᠪᠠᠶᠢᠴᠠᠭᠠᠯᠲᠠ ᠪᠠ ᠬᠢᠨᠠᠨ ᠬᠡᠮᠵᠢᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠭᠰᠡᠨ ᠦᠷ᠎ᠡ ᠳ᠋ᠦᠩ ᠳᠤ ᠬᠢᠨᠠᠯᠲᠠ ᠲᠠᠯᠪᠢᠵᠤ ᠬᠠᠮᠢᠶᠠᠷᠬᠤ ᠪᠠ ᠮᠡᠳᠡᠭᠡ ᠵᠠᠩᠭᠢ ᠨᠡᠶᠢᠲᠡᠯᠡᠬᠦ ᠶᠢ ᠬᠠᠷᠢᠭᠤᠴᠠᠨ᠎ᠠ      ︵ᠭᠤᠷᠪᠠ︶ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠵᠤ ᠳᠠᠩᠰᠠᠯᠠᠬᠤ ᠠᠵᠢᠯ ᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠡᠯ᠎ᠡ ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠡᠷᠬᠡ ᠶᠢ ᠨᠢᠭᠡᠳᠦᠯᠲᠡᠶ ᠨᠤᠲᠠᠯᠠᠨ ᠳᠡᠩᠰᠡᠯᠡᠵᠦ ᠲᠡᠮᠳᠡᠭᠯᠡᠬᠦ᠂ ᠡᠷᠬᠡ ᠶᠢᠨ ᠬᠠᠷᠢᠶ᠎ᠠ ᠶᠢ ᠪᠠᠶᠢᠴᠠᠭᠠᠬᠤ᠂ ᠥᠯᠥ ᠬᠥᠳᠡᠯᠬᠦ ᠬᠥᠷᠥᠩᠭᠡ ᠶᠢ ᠬᠡᠮᠵᠢᠨ ᠵᠢᠷᠤᠬᠤ᠂ ᠮᠠᠷᠭᠤᠯᠳᠤᠭᠠᠨ ᠢ ᠡᠶᠡᠳᠡᠭᠦᠯᠦᠨ ᠰᠢᠢᠳᠪᠦᠷᠢᠯᠡᠬᠦ᠂ ᠦᠷ᠎ᠡ ᠪᠦᠲᠦᠭᠡᠯ ᠢ ᠬᠡᠷᠡᠭᠯᠡᠬᠦ ᠲᠦᠷᠢᠮ᠂ ᠪᠠᠷᠢᠮᠵᠢᠶ᠎ᠠ᠂ ᠳᠦᠷᠢᠮᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠠᠭᠤᠷᠢ ᠲᠠᠪᠴᠠᠩ ᠢ ᠪᠠᠶᠢᠭᠤᠯᠤᠨ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠮᠠᠲ᠋ᠧᠷᠢᠶᠠᠯ ᠢ ᠴᠤᠭᠯᠠᠭᠤᠯᠬᠤ᠂ ᠡᠮᠬᠢᠳᠬᠡᠬᠦ᠂ ᠬᠠᠮᠲᠤ ᠪᠠᠷ ᠡᠳ᠋ᠯᠡᠬᠦ᠂ ᠬᠤᠷᠢᠶᠠᠩᠭᠤᠶᠢᠯᠠᠨ ᠲᠤᠰᠢᠶᠠᠵᠤ ᠬᠠᠮᠢᠶᠠᠷᠬᠤ ᠵᠡᠷᠭᠡ ᠶᠢ ᠬᠠᠷᠢᠭᠤᠴᠠᠨ᠎ᠠ᠃      ︵ᠳᠥᠷᠪᠡ︶ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠲᠥᠯᠥᠪᠦᠷᠢ ᠲᠠᠢ ᠬᠡᠷᠡᠭᠯᠡᠬᠦ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠪᠥᠬᠦ ᠠᠷᠠᠳ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢ ᠬᠤᠪᠢᠶᠠᠷᠢᠯᠠᠨ ᠰᠠᠯᠭᠠᠬᠤ᠂ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ ᠦᠨ᠎ᠡ ᠬᠠᠩᠰᠢᠯᠠᠨ ᠪᠡᠯᠡ ᠭᠠᠷᠭᠠᠬᠤ ᠪᠠ ᠭᠠᠵᠠᠷ ᠰᠢᠷᠣᠶ ᠶᠢ ᠨᠥᠭᠡᠴᠡᠯᠡᠬᠦ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢ ᠵᠦᠢ ᠵᠣᠬᠢᠰᠲᠠᠶ ᠲᠣᠬᠢᠷᠠᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠷᠲᠡᠭ ᠢ ᠦᠨᠡᠯᠡᠨ ᠵᠢᠱᠢᠬᠦ ᠬᠠᠮᠢᠶᠠᠷᠤᠯᠲᠠ ᠶᠢ ᠬᠠᠷᠢᠭᠤᠴᠠᠵᠤ᠂ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠠᠮᠢᠶ᠎ᠠ ᠪᠥᠬᠦᠶ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠬᠠᠤᠯᠢ ᠶᠣᠰᠣᠭᠠᠷ ᠬᠤᠷᠢᠶᠠᠨ ᠲᠤᠰᠢᠶᠠᠨ᠎ᠠ᠃      ︵ᠲᠠᠪᠤ︶ ᠪᠠᠶᠢᠭᠠᠯᠢ ᠶᠢᠨ ᠡᠬᠢ ᠪᠠᠶᠠᠯᠢᠭ ᠢ ᠵᠦᠢ ᠵᠣᠬᠢᠰᠲᠠᠶ ᠪᠠᠷ ᠨᠡᠭᠡᠭᠡᠨ ᠠᠰᠢᠭᠯᠠᠬᠤ ᠠᠵᠢᠯ ᠢ ᠬᠠᠷᠢᠭᠤᠴᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠠᠴᠠ ᠵᠠᠷᠯᠠᠨ ᠨᠡᠶᠢᠲᠡᠯᠡᠭᠰᠡᠨ ᠪᠠᠶᠢᠭᠠᠯᠢ ᠶᠢᠨ ᠡᠬᠢ ᠪᠠᠶᠠᠯᠢᠭ ᠤᠨ ᠦᠨ᠎ᠡ ᠬᠠᠩᠰᠢ ᠶᠢᠨ ᠲᠣᠭᠲᠠᠴᠠ ᠶᠢ ᠪᠠᠶᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠢ ᠲᠠᠰ ᠬᠤᠪᠢᠶᠠᠨ ᠲᠠᠰ ᠲᠣᠭᠲᠠᠭᠠᠭᠰᠠᠨ ᠦᠨ᠎ᠡ ᠬᠠᠩᠰᠢ ᠶᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠠᠰᠢᠭᠯᠠᠯᠲᠠ ᠶᠢ ᠦᠨᠡᠯᠡᠵᠦ ᠰᠢᠯᠭᠠᠨ ᠬᠢᠨᠠᠬᠤ ᠶᠢ ᠥᠷᠨᠢᠭᠦᠯᠦᠨ᠂ ᠠᠷᠪᠢᠲᠠᠶ ᠡᠷᠴᠢᠮᠯᠢᠭ ᠠᠰᠢᠭᠯᠠᠬᠤ ᠶᠢ ᠪᠠᠶᠢᠭᠠᠯᠢ ᠶᠢᠨ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠢᠨᠠᠯᠲᠠ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠬᠤᠷᠸ᠎ᠠ ᠲᠤᠬᠢᠷᠠᠭᠤᠯᠤᠯ ᠡᠵᠡᠮᠳᠡᠯ᠂ ᠣᠷᠣᠨ ᠪᠦᠰᠡ ᠶᠢᠨ ᠵᠣᠬᠢᠴᠠᠭᠤᠯᠭ᠎ᠠ ᠪᠠ ᠬᠤᠳᠠ ᠬᠥᠳᠡᠭᠡ ᠶᠢ ᠨᠢᠭᠡᠳᠦᠯᠲᠡᠶ ᠲᠥᠯᠥᠪᠯᠡᠬᠦ ᠳᠤ ᠬᠤᠯᠪᠣᠭᠳᠠᠬᠤ ᠲᠦᠷᠦ ᠶᠢᠨ ᠪᠤᠳᠤᠯᠭ᠎ᠠ ᠠᠷᠭ᠎ᠠ ᠲᠦᠰᠦᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠵᠢᠷᠭᠤᠭ᠎ᠠ︶ ᠣᠷᠣᠨ ᠵᠠᠶ ᠶᠢᠨ ᠲᠥᠯᠥᠪᠵᠢᠭᠦᠯᠭᠡ ᠶᠢᠨ ᠲᠣᠭᠲᠠᠴᠠ ᠶᠢ ᠪᠠᠶᠢᠭᠤᠯᠬᠤ ᠶᠢ ᠬᠠᠷᠢᠭᠤᠴᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ ᠃ ᠪᠡᠶᠡᠴᠢ ᠴᠣᠭᠴᠠ ᠶᠢᠨ ᠴᠢᠳᠠᠮᠵᠢᠳᠤ ᠣᠷᠣᠨ ᠤ ᠪᠠᠶᠢᠯᠳᠤᠬᠤ ᠪᠤᠳᠤᠯᠭ᠎ᠠ ᠪᠠ ᠲᠦᠷᠢᠮ ᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠃ ᠪᠥᠬᠦ ᠬᠤᠰᠢᠭᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ᠂ ᠬᠠᠮᠢᠶ᠎ᠠ ᠪᠥᠬᠦᠶ ᠲᠤᠰᠬᠠᠶ ᠵᠦᠢᠯ ᠤᠨ ᠲᠥᠯᠥᠪᠵᠢᠭᠦᠯᠭᠡ᠂ ᠡᠵᠡᠮᠳᠡᠯ ᠤᠨ ᠴᠢᠨᠠᠷᠲᠠᠶ ᠨᠠᠷᠢᠨ ᠲᠥᠯᠥᠪᠵᠢᠭᠦᠯᠭᠡ᠂ ᠬᠤᠲᠠ ᠶᠢᠨ ᠵᠢᠷᠤᠭ ᠲᠥᠯᠥᠪᠯᠡᠭᠡ᠂ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ᠂ ᠬᠤᠳᠠ ᠪᠠᠯᠭᠠᠰᠤ ᠶᠢᠨ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ ᠵᠡᠷᠭᠡ ᠬᠢᠵᠠᠭᠠᠷᠯᠠᠬᠤ ᠱᠤᠭᠤᠮ ᠢ ᠵᠠᠭᠠᠭᠯᠠᠨ  ᠲᠣᠭᠲᠠᠭᠠᠬᠤ ᠶᠢ ᠵᠣᠬᠢᠶᠠᠨ ᠪᠠᠶᠢᠭᠤᠯᠵᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠶ ᠶᠢᠨ ᠣᠷᠣᠨ ᠵᠠᠶ ᠶᠢᠨ ᠪᠠᠶᠢᠷᠢᠰᠢᠯ ᠢ ᠪᠠᠶᠢᠭᠤᠯᠤᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠨᠡᠭᠡᠭᠡᠨ ᠠᠰᠢᠭᠯᠠᠯᠲᠠ ᠶᠢᠨ ᠵᠣᠬᠢᠴᠠᠬᠤ ᠴᠢᠨᠠᠷ ᠤᠨ ᠦᠨᠡᠯᠡᠯᠲᠡ ᠶᠢ ᠥᠷᠨᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠬᠢᠨᠠᠨ ᠬᠡᠮᠵᠢᠬᠦ᠂ ᠦᠨᠡᠯᠡᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠤᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠲᠦᠷᠢᠮ ᠢ ᠬᠡᠷᠡᠭᠵᠢᠭᠦᠯᠵᠦ᠂ ᠬᠤᠳᠠ ᠬᠥᠳᠡᠭᠡ ᠶᠢᠨ ᠲᠥᠯᠥᠪᠵᠢᠭᠦᠯᠭᠡ ᠶᠢᠨ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠬᠤ ᠶᠢᠨ ᠬᠠᠮᠲᠤ᠂ ᠭᠠᠵᠠᠷ ᠰᠢᠷᠣᠶ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠣᠨ ᠤ ᠠᠰᠢᠭᠯᠠᠯᠲᠠ ᠶᠢᠨ ᠲᠥᠯᠥᠪᠯᠡᠭᠡ ᠶᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠵᠤ  ᠬᠡᠷᠡᠭᠵᠢᠭᠦᠯᠦᠨ᠎ᠡ᠃ ᠭᠠᠵᠠᠷ ᠰᠢᠷᠣᠶ ᠵᠡᠷᠭᠡ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠬᠡᠷᠡᠭᠯᠡᠯᠲᠡ ᠶᠢ ᠰᠢᠯᠵᠢᠭᠦᠯᠦᠨ ᠬᠡᠷᠡᠭᠯᠡᠬᠦ ᠠᠵᠢᠯ ᠢ ᠬᠠᠷᠢᠭᠤᠴᠠᠨ᠎ᠠ᠃    ︵ᠳᠣᠯᠤᠭ᠎ᠠ︶ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠠᠮᠢ ᠠᠬᠤᠶ ᠶᠢᠨ ᠰᠡᠷᠭᠦᠭᠡᠯᠲᠡ ᠶᠢ ᠨᠢᠭᠡᠳᠦᠯᠲᠡᠶ ᠲᠦᠯᠦᠪᠵᠢᠭᠦᠯᠦᠨ᠎ᠡ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠠᠮᠢ ᠠᠬᠤᠶ ᠶᠢ ᠰᠡᠷᠭᠦᠭᠡᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ᠂ ᠭᠠᠵᠠᠷ ᠰᠢᠷᠣᠶ ᠶᠢ ᠡᠮᠬᠢᠯᠡᠨ ᠲᠢᠭᠯᠡᠵᠦ ᠲᠠᠬᠢᠨ ᠬᠠᠭᠠᠯᠪᠤᠷᠢᠯᠠᠬᠤ ᠠᠵᠢᠯ ᠢ ᠵᠣᠬᠢᠶᠠᠨ ᠪᠠᠶᠢᠭᠤᠯᠤᠨ᠎ᠠ᠃ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠲᠦᠷᠢᠮ ᠢ ᠪᠠᠶᠢᠭᠤᠯᠤᠨ ᠬᠡᠷᠡᠭᠵᠢᠭᠦᠯᠵᠦ᠂ ᠨᠡᠶᠢᠭᠡᠮ ᠤᠨ ᠪᠡᠯᠡ ᠮᠥᠩᠭᠦ ᠶᠢ ᠵᠦᠢ ᠵᠣᠬᠢᠰᠲᠠᠶ ᠪᠠᠷ ᠠᠰᠢᠭᠯᠠᠨ ᠠᠮᠢ ᠠᠬᠤᠶ ᠶᠢ ᠰᠡᠷᠭᠦᠭᠡᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠤ᠂ ᠰᠣᠩᠭᠤᠭᠤᠯᠢ ᠳᠤ ᠪᠡᠯᠡᠳᠬᠡᠬᠦ ᠵᠦᠢᠯᠡᠰ ᠢ ᠳᠤᠷᠠᠳᠤᠨ ᠭᠠᠷᠭᠠᠨ᠎ᠠ᠃    ︵ᠨᠠᠢᠮᠠ︶ ᠲᠠᠷᠢᠶᠠᠨ ᠭᠠᠵᠠᠷ ᠢ ᠬᠠᠮᠠᠭᠠᠯᠠᠬᠤ ᠲᠦᠷᠢᠮ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠡᠭᠦᠷᠭᠡᠯᠡᠵᠦ᠂ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠳᠤ ᠲᠣᠭᠲᠠᠭᠠᠭᠰᠠᠨ ᠲᠠᠷᠢᠶᠠᠨ ᠭᠠᠵᠠᠷ ᠤᠨ ᠬᠠᠳᠠᠭᠠᠯᠠᠯᠲᠠ ᠶᠢᠨ ᠬᠡᠮᠵᠢᠶ᠎ᠡ ᠪᠠ ᠦᠨᠳᠦᠰᠦᠨ ᠲᠠᠷᠢᠶᠠᠨ ᠭᠠᠵᠠᠷ ᠤᠨ ᠲᠠᠯᠠᠪᠠᠶ ᠶᠢ ᠪᠠᠭᠠᠰᠬᠠᠬᠤ ᠥᠬᠡᠶ ᠪᠠᠶᠢᠬᠤ ᠶᠢ ᠪᠠᠲᠤᠯᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠳᠤ ᠨᠥᠬᠦᠪᠥᠷᠢ ᠥᠭᠬᠦ ᠲᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ ︔ ᠪᠥᠬᠦ ᠬᠤᠰᠢᠭᠤᠨ ᠤ ᠠᠰᠢᠭᠯᠠᠭᠠᠳᠤᠶ ᠭᠠᠵᠠᠷ ᠰᠢᠷᠣᠶ ᠶᠢ ᠨᠡᠭᠡᠭᠡᠨ ᠠᠰᠢᠭᠯᠠᠬᠤ᠂ ᠭᠠᠵᠠᠷ ᠰᠢᠷᠣᠶ ᠶᠢ ᠡᠮᠬᠢᠯᠡᠨ ᠵᠠᠰᠠᠬᠤ᠂ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠪᠠ ᠲᠠᠷᠢᠶᠠᠨ ᠭᠠᠵᠠᠷ ᠢ ᠨᠡᠭᠡᠭᠡᠨ ᠠᠰᠢᠭᠯᠠᠬᠤ ᠳᠤ ᠬᠢᠨᠠᠯᠲᠠ ᠲᠠᠯᠪᠢᠬᠤ ᠠᠵᠢᠯ ᠢ ᠬᠡᠷᠡᠭᠵᠢᠭᠦᠯᠦᠨ᠎ᠡ︔ ᠭᠠᠵᠠᠷ ᠰᠢᠷᠣᠶ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠬᠤᠪᠢᠷᠠᠭᠠᠨ ᠬᠡᠷᠡᠭᠯᠡᠬᠦ ᠪᠠ ᠭᠠᠵᠠᠷ ᠰᠢᠷᠣᠶ ᠶᠢ ᠲᠠᠲᠠᠪᠤᠷᠢᠯᠠᠨ ᠬᠡᠷᠡᠭᠯᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠭᠰᠡᠨ ᠡᠯ᠎ᠡ ᠲᠥᠷᠥᠯ ᠤᠨ ᠬᠡᠷᠡᠭᠯᠡᠬᠦ ᠭᠠᠵᠠᠷ ᠢ ᠬᠢᠨᠠᠨ ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠬᠠᠷᠢᠭᠤᠴᠠᠨ᠎ᠠ᠃      ︵ᠶᠢᠰᠦ︶ ᠪᠥᠬᠦ ᠬᠤᠰᠢᠭᠤᠨ ᠤ ᠭᠠᠵᠠᠷ ᠰᠢᠨᠵᠢᠯᠡᠭᠡᠨ ᠤ ᠭᠠᠢ ᠭᠠᠮᠰᠢᠭ ᠢ ᠰᠡᠷᠭᠡᠶᠢᠯᠡᠬᠦ ᠪᠠ ᠵᠠᠰᠠᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠥᠬᠦ ᠬᠤᠰᠢᠭᠤᠨ ᠤ ᠭᠠᠵᠠᠷ ᠰᠢᠨᠵᠢᠯᠡᠭᠡᠨ ᠤ ᠭᠠᠶ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠵᠤ᠂ ᠵᠣᠬᠢᠴᠠᠭᠤᠯᠬᠤ ᠪᠠ ᠬᠢᠨᠠᠯᠲᠠ ᠲᠠᠯᠪᠢᠵᠤ᠂ ᠬᠦᠨᠳᠦ ᠶᠡᠭᠡ ᠭᠠᠵᠠᠷ ᠰᠢᠨᠵᠢᠯᠡᠭᠡᠨ ᠤ ᠭᠠᠶ ᠭᠠᠮᠰᠢᠭ ᠵᠡᠷᠭᠡ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠭᠡᠨᠡᠳᠲᠡ ᠶᠢᠨ ᠬᠡᠷᠡᠭ ᠤᠨ ᠬᠤᠰᠢᠭᠤᠨ ᠤ ᠲᠠᠰ ᠤᠨ ᠪᠡᠯᠡᠳᠬᠡᠯ ᠲᠥᠰᠦᠯ ᠢ ᠲᠤᠭᠤᠷᠪᠢᠨ ᠲᠣᠭᠲᠠᠭᠠᠵᠤ᠂ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠨᠡᠭᠡᠭᠡᠨ ᠮᠠᠯᠲᠠᠬᠤ ᠵᠢᠴᠢ ᠭᠠᠵᠠᠷ ᠤᠨ ᠭᠠᠳᠠᠷᠭᠤ ᠶᠢᠨ ᠰᠠᠭᠤᠭᠳᠠᠯ ᠠᠴᠠ ᠪᠣᠯᠤᠭᠰᠠᠨ ᠵᠡᠷᠭᠡ ᠭᠠᠵᠠᠷ ᠰᠢᠨᠵᠢᠯᠡᠭᠡᠨ ᠤ ᠠᠰᠠᠭᠤᠳᠠᠯ ᠢ ᠬᠢᠨᠠᠨ ᠬᠠᠮᠢᠶᠠᠷᠤᠨ᠎ᠠ᠃      ︵ᠠᠷᠪᠠ︶ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠮᠢᠶᠠᠷᠬᠤ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠠᠵᠢᠯ ᠲᠥᠷᠥᠯ ᠪᠠ ᠭᠠᠵᠠᠷ ᠰᠢᠨᠵᠢᠯᠡᠭᠡᠨ ᠤ ᠠᠵᠢᠯ ᠢ ᠬᠠᠷᠢᠭᠤᠴᠠᠨ ᠬᠠᠮᠢᠶᠠᠷᠤᠨ᠎ᠠ᠃ ᠪᠥᠬᠦ ᠬᠤᠰᠢᠭᠤᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠷᠥᠯ ᠵᠦᠢᠯ ᠢ ᠬᠠᠮᠢᠶᠠᠷᠴᠤ᠂ ᠴᠢᠬᠤᠯᠠ ᠶᠡᠭᠡ ᠭᠠᠵᠠᠷ ᠰᠢᠨᠵᠢᠯᠡᠭᠡ ᠠᠭᠤᠷᠬᠠᠶ ᠶᠢᠨ ᠭᠠᠷᠤᠯᠲᠠ ᠶᠢ ᠬᠠᠶᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠭᠤᠤᠯᠳᠠᠯᠭ᠎ᠠ ᠲᠠᠢ ᠠᠭᠤᠷᠬᠠᠶ ᠶᠢᠨ ᠣᠷᠣᠨ ᠤ ᠠᠭᠤᠷᠬᠠᠶ ᠶᠢᠨ ᠦᠢᠯᠡᠰ ᠤᠨ ᠡᠷᠬᠡ ᠶᠢ ᠪᠠᠶᠢᠷᠢᠯᠠᠭᠤᠯᠬᠤ ᠲᠥᠰᠦᠯ ᠢ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠠᠭᠤᠷᠬᠠᠶ ᠶᠢᠨ ᠦᠢᠯᠡᠰ ᠤᠨ ᠡᠷᠬᠡ ᠵᠢᠴᠢ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢ ᠬᠠᠮᠢᠶᠠᠷᠴᠤ᠂ ᠠᠭᠤᠷᠬᠠᠶ ᠶᠢᠨ ᠦᠢᠯᠡᠰ ᠤᠨ ᠡᠮᠬᠢ ᠳᠢᠭᠯᠢᠮ ᠢ ᠴᠡᠭᠴᠡᠯᠡᠨ ᠵᠢᠷᠤᠮᠵᠢᠭᠤᠯᠵᠤ᠂ ᠠᠭᠤᠷᠬᠠᠶ ᠶᠢᠨ ᠦᠢᠯᠡᠰ ᠤᠨ ᠡᠷᠬᠡ ᠶᠢᠨ ᠬᠠᠷᠢᠶᠠᠯᠠᠯ ᠤᠨ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠨ᠎ᠡ᠃      ︵ᠠᠷᠪᠠᠨ ᠨᠢᠭᠡ︶ ᠬᠠᠤᠯᠢ ᠬᠡᠷᠡᠭᠵᠢᠭᠦᠯᠦᠯᠲᠡ ᠶᠢᠨ ᠬᠢᠨᠠᠨ ᠪᠠᠶᠢᠴᠠᠭᠠᠬᠤ ᠠᠵᠢᠯ ᠢ ᠰᠢᠮᠳᠠᠭᠤᠯᠤᠨ ᠪᠠᠶᠢᠴᠠᠭᠠᠬᠤ ᠪᠠ ᠵᠢᠯᠣᠭᠤᠳᠬᠤ ᠶᠢ ᠬᠠᠷᠢᠭᠤᠴᠠᠨ᠎ᠠ᠃ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠪᠠ ᠤᠯᠤᠰ ‍ᠤᠨ‌ᠨᠤᠲᠤᠭ ᠳᠡᠪᠢᠰᠬᠡᠷ ᠣᠷᠣᠨ ᠵᠠᠶ ᠶᠢᠨ ᠲᠥᠯᠥᠪᠵᠢᠭᠦᠯᠭᠡ ᠶᠢᠨ ᠴᠢᠬᠤᠯᠠ ᠶᠡᠭᠡ ᠴᠢᠭᠯᠡᠯᠲᠡ᠂ ᠲᠥᠷᠥ ᠶᠢᠨ ᠪᠣᠳᠣᠯᠭ᠎ᠠ᠂ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠰᠠᠨᠠᠯ ᠢ ᠨᠠᠶᠢᠳᠠᠪᠤᠷᠢᠵᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠵᠢᠴᠢ ᠬᠡᠮᠵᠢᠨ ᠵᠢᠷᠤᠭᠯᠠᠯᠲᠠ ᠶᠢᠨ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃      ︵ᠠᠷᠪᠠᠨ ᠬᠤᠶᠠᠷ︶ ᠡᠬᠢ ᠪᠠᠶᠠᠯᠢᠭ ᠤᠨ ᠠᠰᠢᠭ ᠣᠷᠣᠯᠭ᠎ᠠ ᠶᠢ ᠬᠠᠤᠯᠢ ᠶᠣᠰᠣᠭᠠᠷ ᠲᠠᠲᠠᠪᠤᠷᠢᠯᠠᠵᠤ᠂ ᠪᠠᠯᠠ ᠮᠥᠩᠭᠦ ᠶᠢᠨ ᠬᠡᠷᠡᠭᠯᠡᠯᠲᠡ ᠶᠢ ᠳᠦᠷᠢᠮᠵᠢᠭᠦᠯᠦᠨ ᠬᠢᠨᠠᠯᠲᠠ ᠲᠠᠯᠪᠢᠨ᠎ᠠ᠃ ᠭᠠᠵᠠᠷ ᠰᠢᠷᠣᠶ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠲᠤᠰᠬᠠᠶ ᠣᠷᠣᠯᠭ᠎ᠠ ᠶᠢ ᠲᠠᠲᠠᠪᠤᠷᠢᠯᠠᠨ ᠬᠠᠮᠢᠶᠠᠷᠬᠤ ᠠᠵᠢᠯ ᠢ ᠬᠠᠤᠯᠢ ᠶᠣᠰᠣᠭᠠᠷ ᠵᠣᠬᠢᠶᠠᠨ ᠪᠠᠶᠢᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠲᠦᠷᠢᠮ ᠢ ᠲᠣᠭᠲᠠᠭᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠪᠥᠬᠦ ᠬᠤᠰᠢᠭᠤᠨ ᠤ ᠭᠠᠵᠠᠷ ᠰᠢᠷᠣᠶ ᠶᠢ ᠡᠮᠬᠢᠯᠡᠨ ᠴᠡᠭᠴᠡᠯᠡᠬᠦ᠂ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ᠂ ᠭᠠᠵᠠᠷ ᠰᠢᠷᠣᠶ ᠶᠢ ᠨᠡᠭᠡᠭᠡᠨ ᠠᠰᠢᠭᠯᠠᠬᠤ ᠵᠡᠷᠭᠡ ᠲᠤᠰᠬᠠᠶ ᠪᠠᠯᠠ ᠮᠥᠩᠭᠦ ᠶᠢ ᠬᠤᠷᠢᠶᠠᠨ ᠠᠪᠬᠤ ᠪᠠ ᠬᠡᠷᠡᠭᠯᠡᠬᠦ ᠶᠢ ᠵᠢᠯᠣᠭᠤᠳᠬᠤ ᠪᠠ ᠬᠢᠨᠠᠯᠲᠠ ᠲᠠᠯᠪᠢᠨ᠎ᠠ︔ ᠭᠠᠵᠠᠷ ᠰᠢᠷᠣᠶ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠴᠢᠨᠠᠷᠲᠠᠶ ᠡᠳ᠋ ᠬᠥᠷᠥᠩᠭᠡ ᠶᠢ ᠬᠠᠮᠢᠶᠠᠷᠬᠤ ᠳᠤ ᠣᠷᠣᠯᠴᠠᠵᠤ᠂ ᠬᠤᠯᠪᠣᠭᠳᠠᠯ ᠪᠥᠬᠦᠶ ᠡᠬᠢ ᠪᠠᠶᠠᠯᠢᠭ᠂ ᠰᠠᠭᠤᠷᠢ ᠮᠥᠩᠭᠦ ᠶᠢᠨ ᠲᠥᠰᠦᠪ ᠪᠠ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ ᠬᠢᠭᠡᠳ ᠬᠢᠨᠠᠯᠲᠠ ᠲᠠᠯᠪᠢᠬᠤ ᠶᠢ ᠬᠠᠷᠢᠭᠤᠴᠠᠨ᠎ᠠ᠃      ︵ᠠᠷᠪᠠᠨ ᠭᠤᠷᠪᠠ︶ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠨᠡᠭᠡᠭᠡᠨ ᠠᠰᠢᠭᠯᠠᠯᠲᠠ ᠶᠢᠨ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠥᠷᠨᠢᠭᠦᠯᠵᠦ᠂ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢ ᠲᠦᠯᠬᠢᠨ ᠠᠬᠢᠭᠤᠯᠤᠨ᠎ᠠ᠃      ︵ᠠᠷᠪᠠᠨ ᠳᠥᠷᠪᠡ︶ ᠰᠢᠨ᠎ᠡ ᠪᠠᠷᠭᠤ ᠪᠠᠷᠠᠭᠤᠨ ᠬᠤᠰᠢᠭᠤᠨ ᠤ ᠰᠠᠭᠤᠷᠢ ᠬᠡᠮᠵᠢᠨ ᠵᠢᠷᠤᠭᠯᠠᠯᠲᠠ ᠪᠠ ᠴᠢᠬᠤᠯᠠ ᠶᠡᠭᠡ ᠬᠡᠮᠵᠢᠨ ᠵᠢᠷᠤᠭᠯᠠᠯᠲᠠ ᠶᠢᠨ ᠲᠥᠷᠥᠯ ᠵᠦᠢᠯ ᠤᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠬᠡᠮᠵᠢᠨ ᠵᠢᠷᠤᠭᠯᠠᠯᠲᠠ ᠶᠢᠨ ᠠᠵᠢᠯ ᠲᠥᠷᠥᠯ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃      ︵ᠠᠷᠪᠠᠨ ᠲᠠᠪᠤ︶ ᠪᠥᠬᠦ ᠬᠤᠰᠢᠭᠤᠨ ᠤ ᠬᠤᠲᠠ ᠶᠢᠨ ᠲᠥᠯᠥᠪᠵᠢᠭᠦᠯᠭᠡ ᠶᠢᠨ ᠲᠣᠭᠤᠷᠢᠭ ᠤᠨ ᠬᠡᠪᠴᠢᠶᠡᠨ ᠳᠠᠬᠢ ᠡᠯ᠎ᠡ ᠲᠥᠷᠥᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠯᠥᠪᠵᠢᠭᠦᠯᠭᠡ ᠶᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠠᠷᠪᠠᠨ ᠵᠢᠷᠭᠤᠭ᠎ᠠ︶ ᠠᠵᠢᠯ ᠤᠨ ᠬᠤᠪᠢᠶᠠᠷᠢᠯᠠᠯ ᠶᠣᠰᠣᠭᠠᠷ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠥᠬᠦᠢ ᠠᠵᠢᠯ ᠢ ᠬᠠᠷᠢᠭᠤᠴᠠᠨ᠎ᠠ᠃ ᠠᠶᠤᠯᠭᠦᠶ ᠦᠢᠯᠡᠳᠪᠦᠷᠢᠯᠡᠯ ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ ᠢ ᠬᠠᠮᠵᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠳᠤ ᠠᠶᠤᠯᠭᠦᠶ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠨ᠎ᠠ᠃      ︵ᠠᠷᠪᠠᠨ ᠳᠣᠯᠤᠭ᠎ᠠ︶ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢ ᠨᠢᠭᠡᠳᠦᠯᠲᠡᠶ ᠬᠠᠮᠢᠶᠠᠷᠬᠤ ᠪᠠ ᠵᠣᠬᠢᠴᠠᠭᠤᠯᠤᠨ᠎ᠠ᠃      ︵ᠠᠷᠪᠠᠨ ᠨᠠᠢᠮᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ︵ᠠᠷᠪᠠ ᠶᠢᠰᠦ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠲᠥᠪ ᠤᠨ ᠪᠥᠬᠦ ᠠᠷᠠᠳ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠮᠴᠢᠯᠡᠭᠴᠢ ᠶᠢᠨ ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠶ ᠬᠡᠷᠡᠭᠵᠢᠭᠦᠯᠬᠦ᠂ ᠪᠣᠶ ᠪᠥᠬᠦᠶ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠪᠠ ᠠᠮᠢ ᠠᠬᠤᠶ ᠶᠢ ᠬᠠᠮᠠᠭᠠᠯᠠᠨ ᠰᠡᠷᠭᠦᠭᠡᠬᠦ ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠶ ᠬᠡᠷᠡᠭᠵᠢᠭᠦᠯᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠬᠠᠮᠢᠶᠠᠷᠤᠨ ᠡᠵᠡᠮᠳᠡᠬᠦ ᠦᠢᠯᠡᠳᠦᠯ ᠢ ᠪᠠᠳᠠᠷᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠶ ᠵᠣᠬᠢᠰᠲᠠᠶ ᠨᠡᠭᠡᠭᠡᠨ ᠠᠰᠢᠭᠯᠠᠬᠤ ᠳᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠬᠠᠩᠭᠠᠨ᠎ᠠ᠃ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠶ ᠪᠠᠷ ᠨᠡᠭᠡᠭᠡᠨ ᠠᠰᠢᠭᠯᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠬᠢ ᠰᠤᠷᠪᠤᠯᠵᠢ ᠠᠴᠠ ᠨᠢ ᠬᠠᠮᠠᠭᠠᠯᠠᠬᠤ ᠪᠠ ᠪᠦᠬᠦ ᠶᠠᠪᠤᠴᠠ ᠶᠢ ᠰᠡᠷᠭᠦᠭᠡᠨ ᠵᠠᠰᠠᠬᠤ ᠶᠢ ᠤᠶᠠᠯᠳᠤᠭᠤᠯᠤᠭᠰᠠᠨ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠦᠬᠦᠯᠢ ᠴᠣᠭᠴᠠ ᠪᠠᠷ ᠨᠢ ᠬᠠᠮᠠᠭᠠᠯᠠᠬᠤ᠂ ᠰᠢᠰᠲ᠋ᠧᠮ ᠲᠠᠢ ᠪᠠᠷ ᠰᠡᠷᠭᠦᠭᠡᠨ ᠵᠠᠰᠠᠬᠤ᠂ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠦᠨ᠎ᠡ᠃ ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠬᠤ ᠲᠦᠷᠢᠮ ᠠᠷᠭ᠎ᠠ ᠬᠡᠮᠵᠢᠶ᠎ᠡ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠪᠠᠶᠢᠭᠠᠯᠢ ᠶᠢᠨ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠳᠡᠭᠡᠳᠦ ᠱᠠᠲᠤᠨ ᠠᠴᠠ ᠳᠣᠷᠣᠭᠰᠢ ᠪᠠᠭᠤᠯᠭᠠᠭᠰᠠᠨ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠤᠯᠠᠮ ᠨᠢᠭᠡ ᠠᠯᠬᠤᠮ ᠵᠠᠯᠭᠠᠨ ᠨᠠᠶᠢᠳᠠᠪᠤᠷᠢᠵᠢᠭᠤᠯᠵᠤ᠂ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠷᠢᠮ᠂ ᠪᠠᠷᠢᠮᠵᠢᠶ᠎ᠠ᠂ ᠲᠦᠷᠢᠮ ᠤᠨ ᠬᠢᠵᠠᠭᠠᠷᠯᠠᠬᠤ ᠴᠢᠨᠠᠷᠲᠠᠶ ᠦᠢᠯᠡᠳᠦᠯ ᠢ ᠴᠢᠩᠭᠠᠷᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠨ ᠳᠡᠩᠰᠡᠯᠡᠨ ᠲᠡᠮᠳᠡᠭᠯᠡᠬᠦ ᠪᠠ ᠦᠨᠡᠯᠡᠨ ᠵᠢᠱᠢᠬᠦ ᠠᠷᠠᠳ ᠲᠤ ᠲᠥᠬᠦᠮ ᠦᠵᠡᠭᠦᠯᠵᠦ ᠥᠨᠳᠥᠷ ᠪᠦᠲᠦᠮᠵᠢᠲᠡᠶ ᠪᠠᠶᠢᠯᠭᠠᠬᠤ ᠶᠢ ᠠᠬᠢᠭᠤᠯᠤᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ