ᠰᠢᠨ᠎ᠡ ᠪᠠᠷᠭᠤ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠠᠩ ᠴᠢᠩ — ᠮᠠᠯᠵᠢᠬᠤ ᠣᠷᠣᠨ ᠤ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ ᠮᠠᠯ ᠠᠵᠤ ᠠᠬᠤᠶ ᠶᠢᠨ ᠨᠡᠮᠡᠭᠳᠡᠯ ᠤᠨ ᠬᠥᠳᠡᠯᠭᠡᠬᠦ ᠬᠦᠴᠦᠨ ᠢ ᠬᠤᠪᠢᠷᠠᠭᠤᠯᠤᠨ᠎ᠠ
ᠨᠡᠶᠢᠲᠡᠯᠡᠭᠰᠡᠨ ᠴᠠᠭ᠄
2021/11/18
    ᠰᠤᠷᠪᠤᠯᠵᠢᠯᠠᠭᠰᠠᠨ ᠴᠠᠭ᠄ 2021 ᠣᠨ ᠤ 11 ᠰᠠᠷ᠎ᠠ ᠶᠢᠨ 17 ᠤ ᠡᠳᠦᠷ     ᠰᠤᠷᠪᠤᠯᠵᠢᠯᠠᠭᠰᠠᠨ ᠵᠣᠴᠢᠨ᠄ ᠰᠢᠨ᠎ᠡ ᠪᠠᠷᠭᠤ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠠᠩ ᠴᠢᠩ    ᠬᠥᠲᠥᠯᠥᠭᠴᠢ᠄ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠵᠧᠤ ᠸᠧᠨ ᠰᠢᠶᠠᠩ     ᠭᠤᠤᠯᠯᠠᠨ ᠡᠷᠭᠢᠯᠡᠭᠰᠡᠨ ᠨᠢᠭᠡᠴᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ     ᠵᠧᠤ ᠸᠧᠨ ᠰᠢᠶᠠᠩ᠄ ᠰᠦᠯᠵᠢᠶᠡᠨ ᠤ ᠨᠠᠶᠢᠵᠠ ᠨᠠᠷ ᠰᠠᠶᠢᠨ ᠪᠠᠶᠢᠵᠠᠭᠠᠨ᠎ᠠ ᠤᠤ︕ ᠪᠢ ᠪᠣᠯ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠵᠧᠤ ᠸᠧᠨ ᠰᠢᠶᠠᠩ ᠂ ᠰᠦᠯᠵᠢᠶᠡᠨ ᠤ ᠨᠠᠶᠢᠵᠠ ᠨᠠᠷ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠭᠦᠳᠡᠨ ᠰᠦᠯᠵᠢᠶ᠎ᠡ ᠶᠢᠨ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠪᠤᠯᠤᠩ ᠳᠤ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ᠂ ᠠᠵᠠ ᠵᠠᠪᠰᠢᠶᠠᠨ ᠢᠶᠠᠷ ᠰᠢᠨ᠎ᠡ ᠪᠠᠷᠭᠤ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠠᠩ ᠴᠢᠩ ᠪᠣᠯᠤᠨ ᠮᠠᠯᠵᠢᠬᠤ ᠣᠷᠣᠨ ᠤ ᠣᠳᠣᠬᠢᠴᠢᠯᠠᠯᠲᠠ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠶᠦᠩ ᠬᠤᠩ ᠢ ᠤᠷᠢᠵᠤ᠂ ᠥᠷᠭᠡᠨ ᠣᠯᠠᠨ ᠰᠦᠯᠵᠢᠶᠡᠨ ᠤ ᠨᠠᠶᠢᠵᠠ ᠨᠠᠷ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠤᠯᠢᠯᠴᠠᠶ᠎ᠠ᠃ ᠳᠣᠣᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ ᠠᠵᠢᠯᠲᠠᠳ ᠰᠦᠯᠵᠢᠶᠡᠨ ᠤ ᠢᠷᠭᠡᠳ ᠤᠨ ᠳᠤᠷᠠᠳᠤᠭᠰᠠᠨ ᠠᠰᠠᠭᠤᠳᠠᠯ ᠢ ᠳᠠᠮᠵᠢᠭᠤᠯᠤᠨ᠎ᠠ᠃
    ᠠᠰᠠᠭᠤᠯᠲᠠ 1᠄ ᠴᠠᠩ ᠴᠢᠩ ᠬᠤᠰᠢᠭᠤᠨ ᠳᠠᠷᠤᠭ᠎ᠠ ᠲᠠ ᠰᠠᠶᠢᠨ ᠤᠤ︕ ᠮᠠᠨ ᠤ ᠬᠤᠰᠢᠭᠤ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠬᠤᠰᠢᠭᠤ ᠰᠢᠶᠠᠨ ᠤ ᠨᠢᠭᠡ ᠪᠣᠯᠤᠨ᠎ᠠ᠂ ᠮᠠᠨ ᠤ ᠬᠤᠰᠢᠭᠤ ᠡᠨᠡ ᠬᠦ ᠠᠵᠢᠯ ᠢ ᠬᠡᠷᠬᠢᠨ ᠥᠷᠨᠢᠭᠦᠯᠵᠦ ᠪᠠᠶᠢᠬᠤ ᠪᠣᠶ︖    ᠴᠠᠩ ᠴᠢᠩ᠄ ᠰᠠᠶᠢᠨ ᠪᠠᠶᠢᠵᠠᠭᠠᠨ᠎ᠠ ᠤᠤ︕ ᠥᠨᠥᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠳᠤ ᠢᠷᠡᠵᠦ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠣᠭᠤᠷᠢᠨ ᠳᠤ ᠣᠯᠠᠨ ᠲᠠᠢ ᠰᠠᠨᠠᠯ ᠢᠶᠠᠨ ᠰᠣᠯᠢᠯᠴᠠᠵᠤ᠂ ᠮᠠᠳᠠᠭ ᠲᠠᠢ ᠠᠰᠠᠭᠤᠯᠲᠠ ᠳᠤ ᠬᠠᠷᠢᠭᠤᠯᠲᠠ ᠥᠭᠴᠦ᠂ ᠡᠷᠬᠢᠮ ᠨᠠᠨᠳᠢᠨ ᠰᠠᠨᠠᠯ ᠢ ᠰᠣᠨᠣᠰᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠡᠨᠡ ᠲᠣᠬᠢᠶᠠᠯ ᠢᠶᠠᠷ ᠪᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠰᠦᠯᠵᠢᠶᠡᠨ ᠤ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ᠃     2018 ᠣᠨ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠰᠢᠨ᠎ᠡ ᠪᠠᠷᠭᠤ ᠪᠠᠷᠠᠭᠤᠨ ᠬᠤᠰᠢᠭᠤ ᠶᠢ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠤᠷᠢᠳᠠᠪᠠᠷ ᠬᠢᠵᠦ ᠤᠷᠢᠳᠠᠪᠠᠷ ᠲᠤᠷᠰᠢᠬᠤ ᠬᠤᠰᠢᠭᠤ ᠪᠠᠷ ᠲᠣᠭᠲᠠᠭᠠᠪᠠ᠃ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠪᠠ ᠰᠢᠭᠤᠳ ᠬᠠᠯᠠᠮᠵᠢᠯᠠᠯ ᠳᠣᠣᠷ᠎ᠠ᠂ ᠰᠢᠨ᠎ᠡ ᠪᠠᠷᠭᠤ ᠪᠠᠷᠠᠭᠤᠨ ᠬᠤᠰᠢᠭᠤ ᠮᠠᠯᠵᠢᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠴᠢᠬᠤᠯᠠ ᠭᠠᠷᠳᠠᠨ ᠬᠢᠬᠦ ᠴᠡᠭ ᠪᠣᠯᠭᠠᠵᠤ᠂ ᠮᠠᠯᠵᠢᠬᠤ ᠣᠷᠣᠨ ᠤ ᠣᠨᠴᠠᠯᠢᠭ ᠪᠣᠯᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠶ ᠭᠤᠷᠪᠠ ᠶᠢ ᠵᠣᠬᠢᠴᠠᠯᠳᠤᠭᠤᠯᠤᠨ ᠬᠥᠭᠵᠢᠭᠦᠯᠬᠦ ᠶᠢ ᠬᠠᠶᠢᠨ ᠰᠦᠪᠡᠭᠴᠢᠯᠡᠵᠦ᠂ ᠮᠠᠯᠵᠢᠬᠤ ᠣᠷᠣᠨ ᠤ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ᠂ ᠮᠠᠯᠵᠢᠬᠤ ᠣᠷᠣᠨ ᠤ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠮᠠᠯ ᠠᠵᠤ ᠠᠬᠤᠶ ᠶᠢᠨ ᠨᠡᠮᠡᠭᠳᠡᠯ ᠤᠨ ᠬᠥᠳᠡᠯᠭᠡᠭᠴᠢ ᠬᠦᠴᠦᠨ ᠢ ᠬᠤᠪᠢᠷᠠᠭᠤᠯᠬᠤ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠠᠵᠤ ᠦᠢᠯᠡᠰ ᠤᠨ ᠬᠥᠭᠵᠢᠯ ᠮᠠᠨᠳᠤᠯ ᠢ ᠲᠡᠷᠢᠭᠦᠨ ᠪᠠᠶᠢᠷᠢᠨ ᠳᠤ ᠲᠠᠯᠪᠢᠵᠤ᠂ ᠮᠠᠯ ᠠᠵᠤ ᠠᠬᠤᠶ ᠶᠢᠨ ᠬᠥᠭᠵᠢᠯᠲᠡ ᠶᠢᠨ ᠬᠤᠶᠠᠳᠤᠭᠠᠷ ᠭᠤᠷᠪᠠᠳᠤᠭᠠᠷ ᠠᠵᠤ ᠦᠢᠯᠡᠰ ᠲᠤ ᠲᠦᠰᠢᠭᠯᠡᠨ ᠠᠵᠤ ᠦᠢᠯᠡᠰ ᠤᠨ ᠠᠭᠤᠰᠤᠯᠴᠠᠯ ᠢ ᠰᠠᠶᠢᠲᠤᠷ ᠬᠢᠵᠦ᠂ ᠥᠭᠡᠷᠡᠴᠢᠯᠡᠯᠲᠡ ᠶᠢ ᠲᠦᠯᠬᠢᠨ ᠠᠬᠢᠭᠤᠯᠵᠤ ᠳᠤᠲᠠᠭᠤᠳᠠᠯ ᠢ ᠨᠥᠬᠦᠪᠥᠷᠢᠯᠡᠬᠦ᠂ ᠪᠠᠭᠤᠷᠠᠢ ᠳᠠᠯ᠎ᠠ ᠶᠢ ᠬᠦᠴᠦᠷᠭᠡᠭᠵᠢᠬᠦᠯᠬᠦ᠂ ᠠᠮᠢᠳᠤᠯᠢᠭ ᠬᠦᠴᠦᠨ ᠢ ᠬᠥᠭᠵᠢᠭᠡᠬᠦ ᠲᠠᠯ᠎ᠠ ᠪᠠᠷ ᠢᠳᠡᠪᠬᠢᠲᠡᠶ ᠬᠠᠶᠢᠨ ᠰᠦᠪᠡᠭᠴᠢᠯᠡᠯᠳᠡ ᠪᠠ ᠦᠢᠯᠡᠳᠦᠯᠭᠡ ᠬᠢᠪᠡ᠃ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠢ ᠤᠷᠢᠳᠠᠪᠠᠷ ᠬᠢᠬᠦ᠂ ᠯᠠᠪᠳᠠᠭᠤᠨ ᠢᠶᠠᠷ ᠲᠥᠯᠬᠢᠨ ᠠᠬᠢᠭᠤᠯᠬᠤ ᠵᠠᠷᠴᠢᠮ ᠤᠨ ᠶᠣᠰᠣᠭᠠᠷ᠂ ᠡᠬᠢ ᠪᠠᠶᠠᠯᠢᠭ ᠤᠨ ᠲᠤᠬᠢᠷᠠᠭᠤᠯᠤᠯᠳᠠ ᠶᠢᠨ ᠵᠥᠷᠢᠶ᠎ᠡ ᠶᠣᠰᠣᠭᠠᠷ᠂ ᠨᠤᠲᠤᠭ ᠪᠡᠯᠴᠢᠭᠡᠷ ᠢ ᠡᠷᠥᠭᠡ ᠳᠤ ᠳᠠᠭᠠᠭᠠᠴᠢᠯᠠᠭᠤᠯᠤᠭᠰᠠᠨ ᠭᠠᠴᠠᠭ᠎ᠠ  ᠳᠤ ︽ᠰᠢᠨ᠎ᠡ ᠬᠡᠯᠪᠡᠷᠢ ᠶᠢᠨ ᠬᠤᠪᠢ ᠣᠷᠣᠭᠤᠯᠬᠤ ᠲᠥᠷᠢᠮ ᠤᠨ ᠬᠤᠷᠰᠢᠨ ᠡᠵᠡᠩᠨᠡᠬᠦ ᠪᠠᠶᠢᠭᠤᠯᠤᠯ ᠤᠨ ᠥᠭᠡᠷᠡᠴᠢᠯᠡᠯᠲᠡ ᠶᠢᠨ ᠬᠥᠭᠵᠢᠯᠲᠡ︾ ᠶᠢ ᠬᠠᠶᠢᠨ ᠰᠦᠪᠡᠭᠴᠢᠯᠡᠵᠦ᠂ ᠡᠷᠥᠭᠡ ᠬᠤᠯᠪᠣᠭᠠᠯᠠᠨ ᠡᠵᠡᠩᠨᠡᠵᠦ ᠪᠠᠶᠢᠭ᠎ᠠ ᠭᠠᠴᠠᠭ᠎ᠠ ᠳᠤ ᠬᠠᠮᠲᠤ ᠶᠢᠨ ᠥᠮᠴᠢᠯᠡᠬᠦ ᠡᠷᠬᠡ ᠶᠢᠨ ᠥᠭᠡᠷᠡᠴᠢᠯᠡᠯᠲᠡ ᠶᠢᠨ ᠰᠠᠭᠤᠷᠢᠨ ᠳᠡᠭᠡᠷ᠎ᠡ ︽ᠬᠠᠮᠲᠤ ᠶᠢᠨ ᠠᠵᠤ ᠠᠬᠤᠶ ᠶᠢᠨ ᠬᠤᠪᠢ ᠣᠷᠣᠭᠤᠯᠵᠤ ᠬᠤᠷᠰᠢᠨ ᠬᠥᠭᠵᠢᠭᠦᠯᠬᠦ︾ ᠬᠤᠶᠠᠷ ᠵᠦᠢᠯ ᠤᠨ ᠠᠳᠠᠯᠢ ᠪᠤᠰᠤ ᠬᠡᠪ ᠵᠠᠭᠪᠤᠷ ᠢ ᠳᠤᠷᠰᠢᠨ ᠰᠦᠪᠡᠭᠴᠢᠯᠡᠨ᠎ᠡ᠃
        ᠠᠰᠠᠭᠤᠯᠲᠠ 2᠄ ᠮᠠᠨ ᠤ ᠬᠤᠰᠢᠭᠤ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠳᠤ ᠶᠠᠮᠠᠷ ᠶᠠᠩᠵᠤ ᠶᠢᠨ ᠡᠮᠦᠨᠡᠬᠢ ᠬᠤᠭᠤᠴᠠᠭᠠᠨ ᠤ ᠬᠠᠶᠢᠨ ᠰᠦᠪᠡᠭᠴᠢᠯᠡᠯᠲᠡ ᠶᠢᠨ ᠠᠵᠢᠯ ᠠᠪᠤᠭᠰᠠᠨ ᠪᠣᠶ︖     ᠴᠠᠩ ᠴᠢᠩ᠄ 2018 ᠣᠨ ᠤ ᠠᠩᠬᠠᠳᠤᠭᠠᠷ ᠬᠤᠭᠤᠴᠠᠭᠠᠨ ᠤ ᠷᠠᠰᠢᠶᠠᠨ ᠤ ᠶᠠᠷᠢᠶᠠᠨ ᠤ ᠲᠠᠪᠴᠠᠩ ᠶᠠᠪᠤᠭᠳᠠᠭᠰᠠᠨ ᠤ ᠳᠠᠷᠠᠭ᠎ᠠ᠂ ᠮᠠᠨ ᠤ ᠬᠤᠰᠢᠭᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠡᠮᠦᠨᠡᠬᠢ ᠬᠤᠭᠤᠴᠠᠭᠠᠨ ᠤ ᠬᠠᠶᠢᠨ ᠰᠦᠪᠡᠭᠴᠢᠯᠡᠯᠲᠡ ᠶᠢᠨ ᠠᠵᠢᠯ ᠢ ᠪᠥᠬᠦ ᠲᠠᠯ᠎ᠠ ᠪᠠᠷ ᠡᠬᠢᠯᠡᠭᠦᠯᠪᠡ᠃ ᠨᠢᠭᠡ ᠳᠤ ᠥᠪᠡᠷᠲᠡᠭᠡᠨ ᠵᠠᠰᠠᠬᠤ ᠣᠷᠣᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠲᠠᠢ ᠢᠳᠡᠪᠬᠢᠲᠡᠶ ᠬᠠᠮᠵᠢᠯᠴᠠᠨ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠵᠦ᠂ ᠶᠠᠷᠢᠯᠴᠠᠨ ᠰᠣᠯᠢᠯᠴᠠᠬᠤ᠂ ᠪᠠᠶᠢᠳᠠᠯ ᠢ ᠤᠶᠢᠯᠠᠭᠠᠨ ᠪᠠᠶᠢᠴᠠᠭᠠᠯᠲᠠ ᠬᠢᠬᠦ᠂ ᠪᠠᠶᠢᠴᠠᠭᠠᠨ ᠰᠤᠳᠤᠯᠵᠤ ᠪᠣᠯᠪᠠᠰᠤᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠯᠵᠢᠬᠤ ᠣᠷᠣᠨ ᠤ ᠣᠳᠣᠬᠢᠴᠢᠯᠠᠯᠲᠠ ᠶᠢ ᠪᠡᠶᠡᠯᠡᠭᠦᠯᠬᠦ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠪᠡ᠃ ᠬᠤᠶᠠᠷ ᠲᠤ ᠮᠠᠨ ᠤ ᠬᠤᠰᠢᠭᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ᠂ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠵᠡᠷᠭᠡ ᠠᠭᠤᠯᠭ᠎ᠠ ᠪᠠᠷ ᠭᠠᠴᠠᠭ᠎ᠠ ᠲᠣᠰᠬᠤᠨ ᠳᠤ ᠬᠦᠷᠴᠦ ᠠᠷᠠᠳ ᠤᠨ ᠲᠠᠭᠤᠨ ᠠᠷᠠᠳ ᠤᠨ ᠰᠠᠨᠠᠭ᠎ᠠ ᠶᠢ ᠥᠷᠭᠡᠨ ᠢᠶᠠᠷ ᠰᠣᠨᠣᠰᠴᠤ᠂ ᠮᠢᠬᠠᠨ ᠤ ᠲᠥᠷᠥᠯ ᠤᠨ ᠡᠳ᠋ᠰᠢᠭᠦᠯᠬᠦ ᠠᠵᠤ ᠠᠬᠤᠶᠢᠯᠠᠯ ᠯᠤᠭ᠎ᠠ ᠦᠢᠯᠡᠳᠪᠦᠷᠢᠯᠡᠬᠦ᠂ ᠬᠠᠩᠭᠠᠬᠤ᠂ ᠪᠣᠷᠣᠯᠠᠭᠤᠯᠬᠤ ᠶᠢ ᠨᠢᠭᠡ ᠴᠤᠭᠴᠠᠵᠢᠭᠤᠯᠤᠭᠰᠠᠨ ᠠᠰᠢᠭ ᠲᠤᠰᠠ ᠶᠢᠨ ᠬᠤᠯᠪᠣᠭᠠᠲᠤ ᠴᠣᠭᠴᠠ ᠶᠢᠨ ᠠᠵᠢᠯᠯᠠᠭᠠᠨ ᠤ ᠪᠣᠯᠤᠮᠵᠢᠲᠤ ᠴᠢᠨᠠᠷ ᠢ ᠭᠦᠨᠵᠡᠭᠡᠶ ᠰᠣᠯᠢᠯᠴᠠᠵᠤ᠂ ᠵᠠᠷᠢᠮ ᠠᠰᠢᠭᠲᠠᠶ ᠰᠠᠨᠠᠯ ᠰᠠᠨᠠᠭᠤᠯᠭ᠎ᠠ ᠶᠢ ᠬᠤᠷᠢᠶᠠᠵᠤ ᠣᠯᠤᠭᠰᠠᠨ ᠪᠠᠶᠢᠨ᠎ᠠ᠃ ᠭᠤᠷᠪᠠ ᠳᠤ ᠰᠢᠯᠢ ᠶᠢᠨ ᠭᠤᠣᠯ ᠠᠶᠢᠮᠠᠭ ᠤᠨ ᠵᠡᠭᠦᠨ ᠦᠵᠦᠮᠦᠴᠢᠨ ᠬᠤᠰᠢᠭᠤᠨ ᠤ ᠤᠤᠯ ᠤᠨ ᠡᠭᠦᠯᠳᠡᠷ ᠰᠠᠶᠢᠵᠢᠷᠠᠭᠤᠯᠬᠤ ᠳᠠᠯᠠᠪᠤᠷ ᠤᠨ ᠡᠵᠡᠩᠨᠡᠯᠲᠡ ᠶᠢᠨ ᠵᠠᠭᠪᠤᠷ ᠂ ᠵᠡᠭᠦᠨ ᠰᠦᠨᠢᠳ ᠬᠤᠰᠢᠭᠤᠨ ᠤ ᠮᠠᠯᠵᠢᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ᠂ ᠠᠪᠠᠭ᠎ᠠ ᠬᠤᠰᠢᠭᠤᠨ ᠤ ᠳᠠᠭᠠᠭᠤᠯᠤᠭᠴᠢ ᠠᠵᠤ ᠠᠬᠤᠶᠢᠯᠠᠯ ᠤᠨ ᠡᠵᠡᠩᠨᠡᠯᠲᠡ᠂ ᠬᠢᠩᠭᠠᠨ ᠠᠶᠢᠮᠠᠭ ᠤᠨ ᠳᠤᠮᠳᠠ ᠬᠤᠰᠢᠭᠤᠨ ᠤ ᠠᠳᠤᠭᠤᠨ ᠤ ᠦᠢᠯᠡᠰ ᠤᠨ ᠬᠥᠭᠵᠢᠯᠲᠡ᠂ ᠲᠦᠩᠯᠢᠶᠣᠤ ᠶᠢᠨ ᠬᠤᠷᠴᠢᠨ ᠠᠷᠠᠯ ᠤᠨ ᠱᠠᠷ ᠤᠨᠴᠠᠯᠢᠭᠳᠤ ᠲᠡᠵᠢᠭᠡᠨ ᠦᠷᠡᠵᠢᠭᠦᠯᠬᠦ ᠦᠢᠯᠡᠰ᠂ ᠱᠠᠨᠳᠦ᠋ᠩ ᠤᠨ ᠳ᠋ᠠᠶ ᠼᠦᠨ ᠤ ᠬᠤᠪᠢ ᠣᠷᠣᠭᠤᠯᠬᠤ ᠳᠦᠷᠢᠮᠲᠦ ᠠᠵᠤ ᠠᠬᠤᠶᠢᠯᠠᠯ ᠤᠨ ᠬᠠᠮᠢᠶᠠᠷᠤᠯᠲᠠ᠂ ᠬᠥᠬᠡᠨᠠᠭᠤᠷ ᠮᠤᠵᠢ ᠶᠢᠨ ︽ᠯᠡᠭᠧᠷ︾ ᠤᠨ ᠵᠠᠭᠪᠤᠷ ᠤᠨ ᠬᠤᠪᠢ ᠣᠷᠣᠭᠤᠯᠬᠤ ᠳᠦᠷᠢᠮᠲᠦ ᠬᠤᠷᠰᠢᠶᠠᠵᠢᠯ ᠤᠨ ᠬᠠᠮᠢᠶᠠᠷᠤᠯᠲᠠ ᠵᠡᠷᠭᠡ ᠠᠵᠢᠯ ᠳᠤ ᠭᠦᠨᠵᠡᠭᠡᠶ ᠰᠢᠨᠵᠢᠯᠡᠨ ᠪᠠᠶᠢᠴᠠᠭᠠᠯᠲᠠ ᠬᠢᠵᠡᠶ᠃ ᠥᠭᠡᠷᠡᠴᠢᠯᠡᠯᠲᠡ ᠶᠢᠨ ᠣᠨᠣᠯᠵᠢᠬᠤᠨ ᠪᠠ ᠠᠷᠭ᠎ᠠ ᠶᠢ ᠰᠤᠷᠤᠯᠴᠠᠨ ᠯᠠᠪᠯᠠᠯᠲᠠ ᠪᠣᠯᠭᠠᠵᠤ᠂ ᠮᠠᠨ ᠤ ᠬᠤᠰᠢᠭᠤᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠰᠡᠩᠭᠡᠷᠡᠬᠦᠯᠦᠨ ᠠᠬᠢᠭᠤᠯᠪᠠ᠃     ᠠᠰᠠᠭᠤᠯᠲᠠ 3᠄ ᠮᠠᠯᠵᠢᠬᠤ ᠣᠷᠣᠨ ᠤ ᠣᠳᠣᠬᠢᠴᠢᠯᠠᠯᠲᠠ ᠶᠢ ᠬᠡᠷᠡᠭᠵᠢᠭᠦᠯᠬᠦ ᠴᠢᠬᠤᠯᠠ ᠠᠴᠢ ᠬᠤᠯᠪᠣᠭᠳᠠᠯ ᠨᠢ ᠶᠠᠭᠤ ᠪᠣᠶ︖ ᠮᠠᠯᠵᠢᠬᠤ ᠣᠷᠣᠨ ᠤ ᠬᠥᠭᠵᠢᠯᠲᠡ ᠳᠤ ᠶᠠᠮᠠᠷ ᠦᠷ᠎ᠡ ᠪᠦᠲᠦᠮᠵᠢ ᠶᠢ ᠠᠪᠴᠢᠷᠠᠵᠤ ᠴᠢᠳᠠᠬᠤ ᠪᠤᠢ︖     ᠴᠠᠩ ᠴᠢᠩ᠄ ᠰᠢᠨ᠎ᠡ ᠪᠠᠷᠭᠤ ᠪᠠᠷᠠᠭᠤᠨ ᠬᠤᠰᠢᠭᠤ ᠪᠣᠯ ᠮᠠᠯ ᠠᠵᠤ ᠠᠬᠤᠢ ᠶᠢᠨ ᠨᠡᠶᠢᠲᠡᠯᠢᠭ ᠬᠤᠰᠢᠭᠤ ᠰᠢᠶᠠᠨ ᠪᠣᠯᠤᠨ᠎ᠠ᠂ ᠨᠤᠲᠤᠭ ᠳᠡᠪᠢᠰᠬᠡᠷ ᠥᠷᠭᠡᠨ ᠠᠭᠤᠳᠠᠮ᠂ ᠠᠮᠢ ᠠᠬᠤᠢ ᠣᠷᠴᠢᠨ ᠲᠣᠭᠤᠷᠢᠨ ᠬᠡᠪᠡᠷᠡᠭ᠂ ᠡᠵᠡᠩᠨᠡᠯᠲᠡ ᠲᠠᠷᠠᠬᠠᠢ ᠪᠤᠲᠠᠷᠬᠠᠢ᠂ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠲᠦᠪᠰᠢᠨ ᠳᠣᠣᠷ᠎ᠠ ᠵᠡᠷᠭᠡ ᠣᠨᠴᠠᠯᠢᠭ ᠲᠠᠢ ᠪᠣᠯᠬᠤᠷ ᠦᠢᠯᠡᠳᠪᠦᠷᠢᠯᠡᠯ ᠡᠵᠡᠩᠨᠡᠯᠲᠡ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠪᠠᠷ ᠳᠠᠮᠵᠢᠨ ᠡᠬᠢ ᠪᠠᠶᠠᠯᠢᠭ ᠤᠨ ᠡᠯᠧᠮᠧᠨ᠋ᠲ ᠢ ᠰᠢᠨᠵᠢᠯᠡᠬᠦ ᠤᠬᠠᠭᠠᠨᠴᠢ ᠪᠠᠷ ᠵᠣᠬᠢᠰᠲᠠᠢ ᠲᠤᠬᠢᠷᠠᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠮᠠᠯᠵᠢᠬᠤ ᠣᠷᠣᠨ ᠤ ᠦᠵᠡᠰᠬᠦᠯᠡᠩᠲᠦ ᠰᠠᠶᠢᠬᠠᠨ᠂ ᠮᠠᠯ ᠠᠵᠤ ᠠᠬᠤᠢ ᠶᠢᠨ ᠬᠦᠴᠦᠷᠬᠡᠭ᠂ ᠮᠠᠯᠴᠢᠳ ᠤᠨ ᠪᠠᠶᠠᠨ ᠴᠢᠨᠡᠭᠡᠯᠢᠭ ᠢ ᠪᠡᠶᠡᠯᠡᠭᠦᠯᠬᠦ ᠴᠢᠬᠤᠯᠠᠲᠠᠢ᠃ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠭᠤᠣᠯ ᠵᠣᠷᠢᠯᠲᠠ ᠪᠤᠯ ᠮᠠᠯᠵᠢᠬᠤ ᠣᠷᠣᠨ ᠤ ᠠᠮᠢ ᠠᠬᠤᠢ᠂ ᠦᠢᠯᠡᠳᠪᠦᠷᠢᠯᠡᠯ ᠪᠠ ᠠᠮᠢᠳᠤᠷᠠᠯ ᠭᠤᠷᠪᠠ ᠶᠢᠨ ᠬᠠᠮᠵᠢᠯᠴᠠᠨ ᠬᠦᠭᠵᠢᠬᠦ ᠶᠢ ᠬᠠᠷᠰᠢᠯᠠᠵᠤ ᠪᠠᠶᠢᠭ᠎ᠠ ᠪᠣᠭᠤᠮᠢ ᠶᠢ ᠰᠢᠢᠳᠪᠦᠷᠢᠯᠡᠬᠦ ᠳᠤ ᠪᠤᠢ᠃ ᠰᠢᠨ᠎ᠡ ᠪᠠᠷᠭᠤ ᠪᠠᠷᠠᠭᠤᠨ ᠬᠤᠰᠢᠭᠤᠨ ᠤ ᠣᠳᠣᠬᠠᠨ ᠤ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠡᠶᠢᠴᠡᠬᠦᠯᠦᠨ᠂ ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠢ ᠪᠥᠬᠦ ᠲᠠᠯ᠎ᠠ ᠪᠠᠷ ᠬᠠᠮᠠᠭᠠᠯᠠᠬᠤ᠂ ᠮᠠᠯᠵᠢᠬᠤ ᠦᠢᠯᠡᠳᠪᠦᠷᠢᠯᠡᠯ ᠤᠨ ᠴᠢᠳᠠᠪᠤᠷᠢ ᠶᠢ ᠶᠡᠷᠦᠩᠬᠡᠶᠢᠯᠡᠨ ᠳᠡᠭᠡᠭᠰᠢᠯᠡᠭᠦᠯᠬᠦ᠂ ᠮᠠᠯᠴᠢᠳ ᠤᠨ ᠠᠮᠢᠳᠤᠷᠠᠯ ᠤᠨ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠬᠦ᠂ ᠮᠠᠯᠵᠢᠬᠤ ᠣᠷᠣᠨ ᠤ ᠰᠣᠶᠣᠯ ᠢ ᠤᠯᠠᠮᠵᠢᠯᠠᠨ ᠬᠥᠭᠵᠢᠭᠦᠯᠬᠦ ᠶᠢ ᠠᠬᠢᠭᠤᠯᠬᠤ ᠳᠤ ᠠᠯᠤᠰ ᠬᠡᠲᠦ ᠶᠢᠨ ᠪᠣᠳᠠᠲᠤ ᠠᠴᠢ ᠬᠤᠯᠪᠣᠭᠳᠠᠯ ᠲᠠᠢ ᠶᠤᠮ᠃   ᠠᠰᠠᠭᠤᠯᠲᠠ 4᠄ ᠮᠠᠨ ᠤ ᠬᠤᠰᠢᠭᠤᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠨᠢ ᠭᠤᠤᠯᠳᠠᠭᠤ ᠠᠯᠢ ᠠᠯᠢ ᠰᠤᠮᠤ ᠪᠠᠯᠭᠠᠰᠤ ᠪᠠ ᠭᠠᠴᠠᠭ᠎ᠠ ᠶᠢᠨ ᠲᠣᠭᠤᠷᠢᠨ ᠳᠤ ᠶᠠᠪᠤᠭᠳᠠᠵᠤ᠂ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠶᠠᠭᠤ ᠶᠠᠭᠤ ᠪᠠᠭᠲᠠᠬᠤ ᠪᠣᠶ︖    ᠴᠠᠩ ᠴᠢᠩ᠄ 2019 ᠣᠨ ᠤ 9 ᠰᠠᠷ᠎ᠠ ᠳᠤ᠂ ︽ᠰᠢᠨ᠎ᠡ ᠪᠠᠷᠭᠤ ᠪᠠᠷᠠᠭᠤᠨ ᠬᠤᠰᠢᠭᠤᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠲᠥᠰᠦᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠴᠤᠬᠤᠯᠠᠪᠤᠷᠢᠯᠠᠨ ᠬᠠᠷᠢᠭᠤᠯᠬᠤ ᠪᠠᠷ ᠳᠡᠮᠵᠢᠨ᠂ ᠮᠠᠨ ᠤ ᠬᠤᠰᠢᠭᠤ ᠪᠥᠬᠦ ᠣᠷᠣᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠵᠢᠩᠬᠢᠨᠢ ᠪᠠᠷ ᠡᠬᠢᠯᠡᠭᠦᠯᠪᠡ᠃ ᠲᠤᠷᠰᠢᠯᠲᠠ ᠶᠢᠨ ᠬᠤᠭᠤᠴᠠᠭ᠎ᠠ ᠬᠢᠵᠠᠭᠠᠷ ᠢ 2019 ᠣᠨ — 2021 ᠣᠨ ᠭᠡᠵᠦ ᠲᠣᠳᠣᠷᠬᠠᠶᠢᠯᠠᠵᠤ᠂ 19 ᠭᠠᠴᠠᠭ᠎ᠠ ᠳᠤ ᠤᠷᠢᠳᠠᠪᠠᠷ ᠲᠤᠷᠰᠢᠯᠲᠠ ᠬᠢᠬᠦ ᠪᠠᠷ ᠲᠣᠭᠲᠠᠵᠤ᠂ ︽ᠨᠢᠭᠡ ᠵᠢᠯ ᠤᠨ ᠬᠤᠭᠤᠴᠠᠭᠠᠨ ᠳᠤ ᠲᠥᠯᠥᠪᠵᠢᠭᠦᠯᠭᠡ ᠨᠠᠶᠢᠷᠠᠭᠤᠯᠤᠨ ᠵᠣᠬᠢᠶᠠᠵᠤ᠂ ᠬᠤᠶᠠᠷ ᠵᠢᠯ ᠤᠨ ᠬᠤᠭᠤᠴᠠᠭᠠᠨ ᠳᠤ ᠦᠨᠳᠦᠰᠦᠨ ᠳᠡᠭᠡᠨ ᠬᠡᠪ ᠵᠠᠭᠪᠤᠷ ᠲᠠᠢ ᠪᠤᠯᠭᠠᠵᠦ᠂ ᠭᠤᠷᠪᠠᠨ ᠵᠢᠯ ᠤᠨ ᠬᠤᠭᠤᠴᠠᠭᠠᠨ ᠳᠤ ᠠᠩᠬ᠎ᠠ ᠠᠯᠬᠤᠮ ᠤᠨ ᠦᠷ᠎ᠡ ᠪᠦᠲᠦᠮᠵᠢ ᠲᠠᠢ ᠪᠣᠯᠭᠠᠬᠤ︾ ᠪᠠᠷ ᠬᠠᠷᠠᠯᠲᠠ ᠪᠣᠯᠭᠠᠨ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠤᠨ᠎ᠠ᠃ 2019 ᠣᠨ ᠳᠤ ᠲᠤᠷᠰᠢᠯᠲᠠ ᠶᠢᠨ ᠴᠡᠭ ᠤᠨ ᠭᠠᠴᠠᠭ᠎ᠠ ᠳᠤ 1 ᠬᠤᠷᠰᠢᠶᠠᠵᠢᠯ ᠵᠣᠬᠢᠶᠠᠨ ᠪᠠᠶᠢᠭᠤᠯᠵᠤ᠂ 2020 ᠣᠨ ᠳᠤ ᠲᠤᠷᠰᠢᠯᠲᠠ ᠶᠢᠨ  ᠴᠡᠭ ᠤᠨ ᠭᠠᠴᠠᠭ᠎ᠠ ᠳᠤ 18 ᠬᠤᠷᠰᠢᠶᠠᠵᠢᠯ ᠵᠣᠬᠢᠶᠠᠨ ᠪᠠᠶᠢᠭᠤᠯᠵᠤ᠂ 2021 ᠣᠨ ᠳᠤ ᠰᠢᠨ᠎ᠡ ᠪᠠᠷ ᠡᠬᠢᠯᠡᠭᠦᠯᠦᠭᠰᠡᠨ 11  ᠬᠤᠷᠰᠢᠶᠠᠵᠢᠯ ᠤᠨ ᠰᠠᠭᠤᠷᠢ ᠲᠦᠬᠦᠭᠡᠷᠦᠮᠵᠢ ᠶᠢ ᠲᠡᠭᠦᠯᠳᠡᠷᠵᠢᠭᠦᠯᠬᠦ ᠶᠢᠨ ᠬᠠᠮᠲᠤ ᠲᠤᠷᠰᠢᠯᠲᠠ ᠶᠢᠨ ᠴᠡᠭ ᠤᠨ ᠠᠵᠢᠯ ᠤᠨ ᠲᠤᠷᠰᠢᠯᠭ᠎ᠠ ᠶᠢ ᠳ᠋ᠦᠩᠨᠡᠨ ᠪᠣᠯᠪᠠᠰᠤᠷᠠᠭᠤᠯᠵᠤ᠂ ᠳᠠᠭᠤᠷᠢᠶᠠᠵᠤ ᠪᠣᠯᠬᠤ ᠪᠠ ᠳᠡᠯᠭᠡᠷᠡᠭᠦᠯᠵᠦ ᠪᠣᠯᠬᠤ ᠲᠤᠷᠰᠢᠯᠲᠠ ᠶᠢᠨ ᠴᠡᠭ ᠤᠨ ᠵᠠᠭᠪᠤᠷ ᠢ ᠪᠣᠶ ᠪᠣᠯᠭᠠᠬᠤ ᠶᠢᠨ ᠬᠠᠮᠲᠤ ᠬᠤᠰᠢᠭᠤᠨ ᠤ ᠬᠡᠪᠴᠢᠶᠡᠨ ᠳᠤ ᠳᠡᠯᠭᠡᠷᠡᠬᠦᠯᠪᠡ᠃ ᠭᠤᠷᠪᠠᠨ ᠵᠢᠯ ᠤᠨ ᠲᠤᠷᠰᠢ᠂ ᠠᠮᠢ ᠠᠬᠤᠶ ᠶᠢᠨ ᠬᠠᠮᠠᠭᠠᠯᠠᠯᠲᠠ᠂ ᠠᠵᠤ ᠦᠢᠯᠡᠰ ᠤᠨ ᠬᠥᠭᠵᠢᠯᠲᠡ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠨᠢᠭᠡᠳᠦᠯᠲᠡᠶ ᠲᠥᠯᠥᠪᠯᠡᠨ ᠠᠬᠢᠭᠤᠯᠵᠤ᠂ 2019 — 2021 ᠣᠨ ᠳᠤ ᠡᠯ᠎ᠡ ᠲᠥᠷᠥᠯ ᠤᠨ ᠪᠠᠯᠠ ᠮᠥᠩᠭᠦ ᠶᠢ 11.42 ᠳ᠋ᠦᠩᠰᠢᠭᠤᠷ ᠲᠥᠭᠦᠷᠢᠭ ᠡᠮᠬᠢᠯᠡᠨ ᠨᠡᠶᠢᠯᠡᠭᠦᠯᠵᠦ᠂ ᠠᠯᠳ᠋ᠬᠠᠮᠡᠭᠡᠯ ᠪᠠᠯᠭᠠᠰᠦ ᠶᠢᠨ ᠤᠰᠤᠨ ᠤ ᠠᠮᠢ ᠠᠬᠤᠶ ᠶᠢᠨ ᠵᠠᠰᠠᠯᠲᠠ᠂ ᠠᠷᠠᠳ ᠤᠨ ᠵᠠᠩ ᠦᠢᠯᠡ ᠰᠣᠶᠣᠯ ᠤᠨ ᠠᠵᠤ ᠦᠢᠯᠡᠰ ᠤᠨ ᠬᠦᠷᠢᠶᠡᠯᠡᠩ᠂ ᠨᠠᠰᠤᠲᠠᠶᠢᠴᠤᠳ ᠤᠨ ᠰᠤᠪᠢᠯᠠᠯᠲᠠ ᠶᠢᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠵᠡᠷᠭᠡ 46 ᠭᠤᠤᠯᠳᠠᠯᠭ᠎ᠠ ᠲᠠᠢ ᠲᠥᠷᠥᠯ  ᠵᠦᠢᠯ ᠢ ᠬᠡᠷᠡᠭᠵᠢᠭᠦᠯᠵᠦ᠂ 24 ᠲᠥᠷᠥᠯ ᠵᠦᠢᠯ ᠢ ᠨᠢᠭᠡᠨᠲᠡ ᠳᠠᠭᠤᠰᠬᠠᠵᠤ᠂ 22 ᠲᠥᠷᠥᠯ ᠵᠦᠢᠯ ᠢ ᠶᠠᠭ ᠪᠥᠲᠥᠭᠡᠨ ᠪᠠᠶᠢᠭᠤᠯᠵᠤ᠂ ᠣᠲᠣ ᠪᠣᠯᠲᠠᠯ᠎ᠠ ᠪᠠᠷᠤᠭ 7.18 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠡᠶ᠃    ᠠᠰᠠᠭᠤᠯᠲᠠ 5᠄ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠳᠤ ᠪᠣᠶ ᠪᠣᠯᠤᠭᠰᠠᠨ ︽ᠮᠠᠩᠯᠠᠢ︾ ᠶᠢᠨ ᠵᠠᠭᠪᠤᠷ ᠪᠠ ︽ᠲᠤᠯᠤᠭᠠᠨ ᠲᠣᠰᠬᠤᠨ︾ ᠤ ᠵᠠᠭᠪᠤᠷ ᠨᠢ ᠶᠠᠮᠠᠷ ᠪᠣᠳᠠᠲᠠᠶ ᠢᠯᠭᠠᠭ᠎ᠠ ᠲᠠᠢ ᠪᠣᠶ︖    ᠶᠦᠩ ᠬᠤᠩ᠄ ︽ᠮᠠᠩᠯᠠᠢ︾ ᠶᠢᠨ ᠵᠠᠭᠪᠤᠷ ᠢ ᠭᠡᠷᠦᠯᠦᠨ ᠰᠤᠮᠤ ᠶᠢᠨ ᠮᠠᠩᠯᠠᠢ ᠭᠠᠴᠠᠭ᠎ᠠ ᠳᠤ ᠲᠦᠰᠢᠭᠯᠡᠨ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠵᠤ᠂ ᠨᠤᠲᠤᠭ ᠪᠡᠯᠴᠢᠭᠡᠷ ᠢ ᠡᠷᠦᠬᠡ ᠳᠤ ᠳᠠᠭᠠᠭᠠᠴᠢᠯᠠᠭᠤᠯᠤᠭᠰᠠᠨ ᠭᠠᠴᠠᠭ᠎ᠠ ᠳᠤ᠂ ᠮᠠᠯᠴᠢᠳ ᠤᠨ ᠳᠠᠭᠠᠭᠠᠴᠢᠯᠠᠨ ᠡᠵᠡᠩᠨᠡᠭᠰᠡᠨ ᠪᠥᠬᠦ ᠪᠡᠯᠴᠢᠭᠡᠷ ᠵᠢᠴᠢ ᠮᠠᠯ ᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠᠷᠢᠮᠵᠢᠶ᠎ᠠ ᠪᠠᠷ ᠦᠨ᠎ᠡ ᠨᠤᠭᠤᠯᠤᠨ ᠪᠤᠳᠤᠵᠤ ᠬᠤᠪᠢ ᠣᠷᠣᠭᠤᠯᠤᠨ ᠰᠢᠨ᠎ᠡ ᠬᠡᠯᠪᠡᠷᠢ ᠶᠢᠨ ᠬᠤᠪᠢ ᠣᠷᠣᠭᠤᠯᠬᠤ ᠳᠦᠷᠢᠮᠲᠦ  ᠬᠤᠷᠰᠢᠶᠠᠵᠢᠯ ᠢ ᠪᠠᠶᠢᠭᠤᠯᠵᠤ᠂ ᠬᠤᠷᠰᠢᠶᠠᠵᠢᠯ ᠨᠢ ᠣᠲᠣ ᠦᠶ᠎ᠡ ᠶᠢᠨ ᠠᠵᠤ ᠠᠬᠤᠶᠢᠯᠠᠯ ᠤᠨ ᠲᠦᠷᠢᠮ ᠢᠶᠠᠷ ᠵᠣᠬᠢᠶᠠᠨ ᠪᠠᠶᠢᠭᠤᠯᠤᠯᠴᠠᠭᠰᠠᠨ ᠬᠠᠮᠢᠶᠠᠷᠤᠯᠲᠠ ᠬᠢᠵᠦ᠂ ᠲᠦᠷᠢᠮ ᠳᠤᠭᠳᠠᠭᠠᠯ ᠢ ᠨᠠᠷᠢᠨ ᠨᠢᠮᠪᠠᠶ ᠲᠣᠭᠲᠠᠭᠠᠨ᠂ ᠬᠡᠷᠡᠭ ᠡᠷᠬᠢᠯᠡᠭᠴᠢᠳ ᠤᠨ ᠬᠤᠷᠠᠯ ᠪᠠ ᠬᠢᠨᠠᠭᠴᠢᠳ ᠤᠨ ᠵᠥᠪᠯᠡᠯ ᠪᠠᠶᠢᠭᠤᠯᠵᠤ᠂ ᠡᠳ᠋ ᠤᠨ ᠶᠠᠪᠤᠳᠠᠯ ᠤᠨ ᠶᠡᠷᠦᠩᠬᠡᠶ ᠬᠢᠨᠠᠭᠴᠢ ᠪᠠ ᠬᠠᠤᠯᠢ ᠴᠠᠭᠠᠵᠠ ᠶᠢᠨ ᠵᠥᠪᠯᠡᠭᠴᠢ ᠶᠢ ᠤᠷᠢᠵᠤ᠂ ᠮᠠᠯᠴᠢᠳ ᠲᠤ ᠬᠤᠪᠢ ᠣᠷᠣᠭᠤᠯᠤᠭᠴᠢ ᠪᠠ ᠪᠦᠷᠢᠯᠳᠦᠬᠦᠨ ᠤ ᠬᠤᠶᠠᠷ ᠬᠢᠷᠢ ᠬᠡᠮ ᠲᠠᠢ᠃ ᠰᠢᠨ᠎ᠡ ᠬᠡᠯᠪᠡᠷᠢ ᠶᠢᠨ ᠬᠤᠪᠢ ᠣᠷᠣᠭᠤᠯᠬᠤ ᠳᠦᠷᠢᠮᠲᠦ ᠬᠤᠷᠰᠢᠶᠠᠵᠢᠯ ᠡᠪᠡᠰᠦᠨ ᠬᠦᠷᠢᠶ᠎ᠡ ᠶᠢ ᠰᠢᠯᠢᠳᠡᠭᠵᠢᠭᠦᠯᠦᠨ ᠬᠠᠳᠤᠯᠠᠩ ᠪᠡᠯᠴᠢᠭᠡᠷ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠠᠳᠤᠯᠠᠩ ᠪᠡᠯᠴᠢᠭᠡᠷ ᠤᠨ ᠲᠣᠭᠤᠷᠢᠭ ᠬᠤᠪᠢᠶᠠᠨ ᠰᠡᠯᠭᠦᠨ ᠮᠠᠯᠵᠢᠬᠤ ᠬᠦᠷᠢᠶ᠎ᠡ ᠬᠡᠪᠴᠢᠶ᠎ᠡ ᠶᠢ ᠵᠣᠬᠢᠰᠲᠠᠶ ᠪᠠᠶᠢᠷᠢᠯᠠᠭᠤᠯᠤᠨ᠂ ᠬᠤᠲᠠ᠂ ᠬᠤᠲᠠ ᠶᠢᠨ ᠳᠠᠷᠤᠭ᠎ᠠ ᠶᠢ ᠲᠣᠬᠢᠷᠠᠭᠤᠯᠵᠤ᠂ ᠲᠣᠯᠣᠭᠠᠶᠢᠯᠠᠭᠴᠢ ᠠᠵᠤ ᠠᠬᠤᠶᠢᠯᠠᠯ ᠤᠨ ᠠᠰᠢᠭ ᠲᠤᠰᠠ ᠲᠠᠢ ᠬᠤᠯᠪᠣᠭᠠᠯᠠᠵᠤ ᠮᠠᠯ ᠤᠨ ᠠᠰᠢᠭ ᠰᠢᠮ᠎ᠡ ᠶᠢᠨ ᠨᠡᠮᠡᠯᠲᠡ ᠥᠷᠲᠡᠭ ᠪᠠ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠵᠦ᠂ ᠠᠮᠢ ᠠᠬᠤᠶ ᠶᠢ ᠠᠵᠤ ᠦᠢᠯᠡᠰᠵᠢᠬᠦᠯᠬᠦ᠂ ᠠᠵᠤ ᠦᠢᠯᠡᠰ ᠢ ᠠᠮᠢ ᠠᠬᠤᠶᠢᠵᠢᠭᠤᠯᠬᠤ ᠵᠠᠮ ᠢᠶᠠᠷ ᠵᠠᠮᠨᠠᠬᠤ ᠶᠢ ᠪᠠᠷᠢᠮᠲᠠᠯᠠᠨ᠂ ᠮᠥᠩᠭᠦᠨ ᠬᠦᠢᠯᠭᠡᠭᠡᠨ᠂ ᠳᠠᠭᠠᠳᠬᠠᠯ ᠤᠨ ᠲᠤᠯᠭᠠᠭᠤᠷᠢᠯᠠᠬᠤ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ᠮᠠᠯᠴᠢᠳ ᠤᠨ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠤᠨ᠂ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠵᠦ᠂ ᠦᠢᠯᠡᠳᠪᠦᠷᠢᠯᠡᠯ ᠢ ᠡᠷᠴᠢᠮᠵᠢᠭᠦᠯᠬᠦ᠂ ᠲᠡᠵᠢᠭᠡᠨ ᠦᠷᠡᠵᠢᠭᠦᠯᠬᠦ ᠠᠷᠭ᠎ᠠ ᠮᠠᠶ᠋ᠢᠭ ᠢ ᠪᠠᠷᠢᠮᠵᠢᠶᠠᠵᠢᠭᠤᠯᠬᠤ ᠶᠢ ᠠᠬᠢᠭᠤᠯᠤᠨ᠂ ᠦᠯᠡᠭᠦᠤ ᠬᠥᠳᠡᠯᠮᠦᠷᠢ ᠬᠦᠴᠦᠨ ᠢ ᠴᠢᠯᠥᠭᠡᠯᠡᠨ ᠪᠤᠰᠤᠳ ᠠᠵᠤ ᠦᠢᠯᠡᠰ ᠲᠤ ᠣᠷᠣᠭᠤᠯᠵᠤ᠂ ᠨᠢᠭᠡᠳᠦᠯᠲᠡᠶ ᠬᠠᠮᠢᠶᠠᠷᠬᠤ᠂ ᠨᠢᠭᠡᠳᠦᠯᠲᠡᠶ ᠡᠵᠡᠩᠨᠡᠬᠦ᠂ ᠨᠢᠭᠡᠳᠦᠯᠲᠡᠶ ᠪᠣᠷᠣᠯᠠᠭᠤᠯᠬᠤ᠂ ᠨᠢᠭᠡᠳᠦᠯᠲᠡᠶ ᠬᠤᠪᠢᠶᠠᠷᠢᠯᠠᠬᠤ — ︽ᠳᠥᠷᠪᠡᠨ ᠨᠢᠭᠡᠳᠦᠯᠲᠡᠶ ᠪᠠᠶᠢᠬᠤ︾ ᠬᠥᠭᠵᠢᠯᠲᠡ ᠶᠢ ᠪᠡᠶᠡᠯᠡᠭᠦᠯᠦᠨ᠎ᠡ᠃        ︽ᠲᠤᠯᠤᠭᠠᠨ ᠲᠣᠰᠬᠤᠨ ᠢ ᠨᠢᠭᠡ ᠴᠤᠭᠴᠠᠵᠢᠭᠤᠯᠬᠤ ᠵᠠᠭᠪᠤᠷ︾ ᠨᠢ ᠭᠤᠤᠯᠳᠠᠭᠤ ᠠᠯᠳ᠋ᠬᠠᠮᠡᠭᠡᠯ ᠪᠠᠯᠭᠠᠰᠦ  ᠶᠢᠨ ᠬᠤᠲᠠ ᠶᠢᠨ ᠲᠡᠭᠦᠷᠭᠡ ᠶᠢᠨ ᠵᠡᠷᠭᠡᠯᠡᠳᠡᠭᠡ ᠪᠠᠶᠢᠭ᠎ᠠ 7 ᠭᠠᠴᠠᠭᠠᠨ ᠤ ᠬᠥᠮᠦᠨ ᠠᠮᠠ ᠲᠥᠪᠯᠡᠷᠡᠨ ᠰᠠᠭᠤᠷᠢᠰᠢᠭᠰᠠᠨ ᠂ ᠵᠠᠮ ᠬᠠᠷᠢᠯᠴᠠᠭ᠎ᠠ ᠳᠥᠭᠦᠮ ᠳᠥᠲᠡ᠂ ᠠᠵᠤ ᠦᠢᠯᠡᠰ ᠢ ᠢᠵᠢᠯᠢᠰᠢᠬᠦᠯᠦᠭᠰᠡᠨ ᠮᠥᠷᠲᠡᠭᠡᠨ ᠰᠠᠭᠤᠷᠢ ᠪᠠᠭᠤᠷᠠᠶ ᠪᠠᠶᠢᠬᠤ ᠣᠨᠴᠠᠯᠢᠭ ᠢ ᠦᠨᠳᠦᠰᠦᠯᠡᠵᠦ᠂ ᠨᠤᠲᠤᠭ ᠪᠡᠯᠴᠢᠭᠡᠷ ᠢ ᠡᠷᠦᠬᠡ ᠳᠤ ᠳᠠᠭᠠᠭᠠᠴᠢᠯᠠᠭᠤᠯᠤᠭᠠᠳᠤᠶ ᠭᠠᠴᠠᠭ᠎ᠠ ᠳᠤ ᠬᠤᠶᠠᠷ ᠱᠠᠲᠤ ᠪᠠᠷ ᠳᠠᠮᠵᠢᠭᠤᠯᠤᠨ ᠪᠣᠳᠠᠲᠠᠶ ᠪᠠᠷ ᠠᠬᠢᠭᠤᠯᠤᠨ᠎ᠠ᠄ ᠨᠢᠭᠡᠳᠦᠭᠡᠷ ᠱᠠᠲᠤᠨ ᠳᠤ ᠲᠤᠯᠤᠭᠠᠨ ᠭᠠᠴᠠᠭ᠎ᠠ ᠲᠣᠰᠪᠣᠷᠢ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢᠨ ᠬᠤᠪᠢ ᠣᠷᠣᠭᠤᠯᠤᠭᠰᠠᠨ ᠠᠵᠤ ᠠᠬᠤᠶ ᠶᠢᠨ ᠬᠤᠷᠰᠢᠶᠠᠵᠢᠯ ᠢ ᠪᠠᠶᠢᠭᠤᠯᠵᠤ᠂ ᠲᠠᠷᠢᠶᠠᠯᠠᠩ ᠤᠨ ᠲᠠᠯ᠎ᠠ ᠪᠠᠷ᠂ ᠨᠣᠭᠤᠭ᠎ᠠ ᠵᠢᠮᠢᠰ ᠤᠨ ᠦᠢᠯᠡᠳᠪᠦᠷᠢᠯᠡᠯ ᠳᠤ ᠵᠠᠬ᠎ᠠ ᠳᠡᠯᠭᠡᠭᠦᠷ ᠤᠨ ᠪᠠᠶᠢᠷᠢ ᠲᠣᠭᠲᠠᠭᠠᠯᠲᠠ ᠬᠢᠵᠦ᠂ ᠥᠪᠡᠷ ᠤᠨ ᠬᠡᠷᠡᠭᠴᠡᠭᠡ ᠪᠠᠨ ᠥᠪᠡᠷ ᠢᠶᠠᠨ ᠬᠠᠩᠭᠠᠬᠤ ᠶᠢ ᠪᠡᠶᠡᠯᠡᠭᠦᠯᠵᠦ᠂ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢᠨ ᠬᠤᠪᠢ ᠣᠷᠣᠭᠤᠯᠤᠭᠰᠠᠨ ᠠᠵᠤ ᠠᠬᠤᠶ ᠶᠢᠨ ᠬᠤᠷᠰᠢᠶᠠᠵᠢᠯ ᠨᠢ ᠣᠯᠠᠨ ᠲᠦᠮᠡᠨ ᠢ ᠳᠠᠶᠢᠴᠢᠯᠠᠨ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠪᠠ ᠲᠠᠷᠢᠶᠠᠯᠠᠩ ᠤᠨ ᠪᠦᠳᠦᠭᠡᠭᠳᠡᠬᠦᠨ ︵ᠭᠤᠸᠠ ᠵᠢᠮᠢᠰ᠂ ᠢᠳᠡᠰᠢᠨ ᠨᠣᠭᠤᠭ᠎ᠠ᠂ ᠰᠦ ᠮᠢᠬᠠᠨ ᠤ ᠠᠩᠬᠠᠨ ᠤ ᠪᠦᠲᠦᠭᠡᠭᠳᠡᠬᠦᠨ︶ ᠳᠤ ᠠᠩᠬᠠᠷᠤᠯ ᠢᠶᠠᠨ ᠲᠥᠪᠯᠡᠷᠡᠭᠦᠯᠦᠨ ᠡᠷᠴᠢᠮᠵᠢᠭᠦᠯᠦᠨ ᠦᠢᠯᠡᠳᠪᠦᠷᠢᠯᠡᠨ᠎ᠡ︔ ᠮᠠᠯ ᠠᠵᠤ ᠠᠬᠤᠶ ᠶᠢᠨ ᠲᠠᠯ᠎ᠠ ᠪᠠᠷ᠂ ᠰᠢᠷᠠᠳᠠᠯ᠎ᠠ ᠭᠠᠴᠠᠭ᠎ᠠ ᠳᠤ ᠣᠳᠣᠬᠢᠴᠢᠯᠠᠭᠰᠠᠨ ᠦᠬᠡᠷ ᠲᠡᠵᠢᠭᠡᠬᠦ ᠰᠠᠭᠤᠷᠢᠨ ᠭᠠᠵᠠᠷ ᠢ ᠪᠠᠶᠢᠭᠤᠯᠵᠤ᠂ ᠱᠠᠨᠳᠠ ᠭᠠᠴᠠᠭ᠎ᠠ ᠪᠠ ᠬᠠᠶᠢᠯᠠᠰᠤᠳᠦ ᠭᠠᠴᠠᠭ᠎ᠠ ᠳᠤ ᠣᠳᠣᠬᠢᠴᠢᠯᠠᠭᠰᠠᠨ ᠬᠤᠨᠢ ᠲᠡᠵᠢᠭᠡᠬᠦ ᠰᠠᠭᠤᠷᠢᠨ ᠭᠠᠵᠠᠷ ᠢ ᠪᠠᠶᠢᠭᠤᠯᠵᠤ᠂ ᠲᠥᠪᠯᠡᠷᠡᠭᠦᠯᠦᠨ ᠦᠢᠯᠡᠳᠪᠦᠷᠢᠯᠡᠨ ᠡᠵᠡᠩᠨᠡᠵᠦ᠂ ᠬᠥᠮᠦᠨ ᠮᠠᠯ ᠢ ᠰᠠᠯᠭᠠᠬᠤ᠂  ᠦᠢᠯᠡᠳᠪᠦᠷᠢᠯᠡᠯ ᠪᠣᠷᠣᠯᠠᠭᠤᠯᠭ᠎ᠠ ᠶᠢ ᠨᠢᠭᠡ ᠴᠣᠠᠠᠴᠠᠵᠢᠭᠤᠯᠥᠨ ᠬᠥᠭᠵᠢᠭᠦᠯᠬᠦ ᠶᠢ ᠪᠡᠶᠡᠯᠡᠭᠦᠯᠦᠨ᠎ᠡ᠃ ᠡᠭᠦᠨ ᠤ ᠬᠠᠮᠲᠤ᠂ ᠮᠠᠯ ᠵᠢᠭᠦᠷᠲᠡᠨ ᠤ ᠢᠯᠭᠠᠳᠠᠰᠦ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢᠯ ᠢ ᠬᠡᠷᠡᠭᠵᠢᠭᠦᠯᠵᠦ᠂ ᠮᠠᠯ ᠤᠨ  ᠢᠯᠭᠠᠳᠠᠰᠦ ᠪᠣᠬᠢᠷᠲᠤᠯ ᠪᠠ ᠡᠪᠡᠳᠴᠢᠨ ᠢᠶᠠᠷ ᠥᠭᠦᠭᠰᠡᠨ ᠮᠠᠯ ᠢ ᠬᠤᠤᠷ ᠥᠬᠡᠶ ᠪᠣᠯᠭᠠᠨ ᠨᠢᠭᠡ ᠴᠤᠭᠴᠠᠵᠢᠭᠤᠯᠤᠨ ᠰᠢᠢᠳᠪᠦᠷᠢᠯᠡᠬᠦ ᠶᠢ ᠪᠡᠶᠡᠯᠡᠭᠦᠯᠦᠨ᠎ᠡ︔ ᠬᠤᠶᠠᠳᠤᠭᠠᠷ ᠱᠠᠲᠤ ᠪᠣᠯ ᠬᠤᠷᠰᠢᠭᠰᠠᠨ ᠬᠤᠯᠪᠣᠭᠠᠲᠤ ᠬᠤᠷᠰᠢᠶ᠎ᠠ ᠶᠢ ᠵᠣᠬᠢᠶᠠᠨ ᠪᠠᠶᠢᠭᠤᠯᠵᠤ᠂ ᠠᠵᠤ ᠦᠢᠯᠡᠰ ᠤᠨ ᠪᠥᠭᠡᠮᠨᠡᠷᠡᠯ ᠢ ᠪᠣᠶ ᠪᠣᠯᠭᠠᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠳᠣᠭᠢᠷᠠᠭᠤᠯᠤᠨ᠂ ᠬᠤᠯᠪᠣᠭᠠᠲᠤ ᠬᠤᠷᠰᠢᠶ᠎ᠠ ᠶᠢᠨ ᠥᠪᠡᠷᠲᠡᠭᠡᠨ ᠡᠵᠡᠩᠨᠡᠬᠦ ᠪᠤᠶᠤ ᠲᠤᠰᠬᠠᠶ ᠬᠤᠷᠰᠢᠶᠠᠵᠢᠯ ᠵᠡᠷᠭᠡ ᠪᠤᠰᠤᠳ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠯᠤᠭ᠎ᠠ ᠬᠠᠮᠲᠤᠷᠠᠨ ᠡᠵᠡᠩᠨᠡᠬᠦ ᠵᠡᠷᠭᠡ ᠠᠷᠭ᠎ᠠ ᠮᠠᠶ᠋ᠢᠭ ᠢᠶᠠᠷ ᠪᠠᠷᠢᠮᠵᠢᠶᠠᠵᠢᠭᠤᠯᠤᠨ ᠦᠢᠯᠡᠳᠪᠦᠷᠢᠯᠡᠬᠦ᠂ ᠵᠠᠬ᠎ᠠ ᠳᠡᠯᠭᠡᠭᠦᠷᠴᠢᠯᠡᠨ ᠡᠵᠡᠩᠨᠡᠨ ᠪᠣᠷᠣᠯᠠᠭᠤᠯᠬᠤ᠂ ᠨᠠᠷᠠᠲᠤ ᠲᠥᠷᠥᠯ ᠲᠡᠮᠳᠡᠭᠵᠢᠭᠦᠯᠦᠨ ᠠᠵᠢᠯᠯᠠᠭᠤᠯᠬᠤ ᠶᠢ ᠨᠢᠭᠡᠳᠦᠯᠲᠡᠶ ᠲᠥᠯᠥᠪᠯᠡᠨ᠂ ᠦᠢᠯᠡᠳᠬᠦᠨ ᠤ ᠦᠨ᠎ᠡ ᠥᠰᠬᠦ ᠨᠣᠷᠮ᠎ᠠ ᠶᠢ ᠳᠡᠭᠡᠭᠰᠢᠯᠡᠭᠦᠯᠵᠦ᠂ ᠪᠦᠬᠦᠯᠢ ᠴᠣᠭᠴᠠ ᠶᠢᠨ ᠡᠵᠡᠩᠨᠡᠯᠲᠡ ᠬᠠᠮᠢᠶᠠᠷᠤᠯᠲᠠ ᠶᠢ ᠪᠡᠶᠡᠯᠡᠭᠦᠯᠦᠨ᠂ ᠲᠠᠷᠢᠶᠠᠯᠠᠩ᠂ ᠮᠠᠯ ᠠᠵᠤ ᠠᠬᠤᠶ ᠶᠢᠨ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃    ᠠᠰᠠᠭᠤᠯᠲᠠ 6᠄ 2019 ᠣᠨ ᠳᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠭᠰᠡᠨ ᠠᠴᠠ ᠨᠠᠰᠢ᠂ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠨᠢ ᠶᠠᠮᠠᠷ ᠶᠠᠮᠠᠷ ᠬᠥᠭᠵᠢᠯᠲᠡ ᠶᠢᠨ ᠠᠰᠢᠭ ᠲᠤᠰᠠ ᠶᠢ ᠠᠪᠴᠢᠷᠠᠭᠰᠠᠨ ᠪᠤᠢ︖     ᠴᠠᠩ ᠴᠢᠩ᠄ ᠮᠠᠨ ᠤ ᠬᠤᠰᠢᠭᠤᠨ ᠤ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠠᠴᠠ ᠣᠯᠤᠭᠰᠠᠨ ᠬᠥᠭᠵᠢᠯᠲᠡ ᠶᠢᠨ ᠠᠰᠢᠭ ᠨᠢ ᠬᠠᠮᠤᠭ ᠤᠨ ᠥᠷᠭᠡᠨ ᠣᠯᠠᠨ ᠮᠠᠯᠴᠢᠳ ᠲᠤ ᠠᠰᠢᠭ ᠬᠦᠷᠲᠡᠭᠡᠵᠦ᠂ ᠬᠤᠪᠢ ᠣᠷᠣᠭᠤᠯᠤᠯᠲᠠ ᠪᠠᠷ ᠠᠰᠢᠭ ᠬᠤᠪᠢᠶᠠᠬᠤ᠂ ᠴᠠᠯᠢᠩ ᠤᠨ ᠠᠰᠢᠭ ᠣᠷᠣᠯᠭ᠎ᠠ ᠤᠯᠬᠤ᠂ ᠦᠢᠯᠡᠳᠪᠦᠷᠢᠯᠡᠯ ᠠᠮᠢᠳᠤᠷᠠᠯ ᠤᠨ ᠬᠡᠷᠡᠭᠰᠡᠯ ᠢ ᠬᠠᠮᠲᠤ ᠪᠠᠷ ᠬᠤᠳᠠᠯᠳᠤᠨ ᠠᠪᠬᠤ᠂ ᠣᠯᠠᠨ ᠲᠦᠷᠦᠯ ᠤᠨ ᠠᠵᠢᠯ ᠤᠯᠬᠤ ᠪᠠᠷ ᠳᠠᠮᠵᠢᠭᠤᠯᠤᠨ ᠮᠠᠯᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠦᠨ᠎ᠡ︔ ᠤᠰᠤ᠂ ᠴᠠᠬᠢᠯᠭᠠᠨ᠂ ᠵᠠᠮ᠂ ᠴᠢᠮᠡᠭᠡ ᠬᠤᠯᠪᠣᠭ᠎ᠠ ᠵᠡᠷᠭᠡ ᠰᠠᠭᠤᠷᠢ ᠲᠦᠬᠦᠭᠡᠷᠦᠮᠵᠢ ᠶᠢ ᠲᠡᠭᠦᠯᠳᠡᠷᠵᠢᠭᠦᠯᠵᠦ᠂ ᠡᠮᠴᠢᠯᠡᠭᠡ᠂ ᠮᠠᠯ ᠤᠨᠤᠭ᠎ᠠ ᠶᠢ ᠡᠮᠨᠡᠨ ᠵᠠᠰᠠᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠮᠠᠯᠴᠢᠳ ᠤᠨ ᠠᠮᠢᠳᠤᠷᠠᠯ ᠤᠨ ᠬᠢᠷᠢ ᠲᠦᠪᠰᠢᠨ᠂ ᠠᠮᠢᠳᠤᠷᠠᠯ ᠤᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃     ᠥᠭᠡᠷᠡᠴᠢᠯᠡᠯᠲᠡ ᠶᠢᠨ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠳᠠᠭᠠᠯᠳᠤᠨ᠂ ᠰᠢᠨ᠎ᠡ ᠡᠭᠦᠷᠭᠡ᠂ ᠰᠢᠨ᠎ᠡ ᠥᠷᠢᠰᠥᠯᠳᠦᠭᠡᠨ ᠪᠠᠰᠠ ᠬᠤᠶᠢᠨ᠎ᠠ ᠬᠤᠶᠢᠨ᠎ᠠ ᠠᠴᠠ ᠪᠠᠨ ᠬᠦᠷᠴᠦ ᠢᠷᠡᠬᠦ ᠪᠣᠯᠤᠨ᠎ᠠ᠃ ᠭᠡᠪᠡᠴᠦ ᠪᠢᠳᠠ ᠥᠷᠢᠰᠥᠯᠳᠦᠭᠡᠨ ᠢ ᠤᠭᠲᠤᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠣᠯᠤᠨ ᠮᠠᠯ ᠠᠵᠤ ᠠᠬᠤᠢ ᠶᠢᠨ ᠠᠭᠤᠰᠤᠯᠴᠠᠨ ᠬᠥᠭᠵᠢᠬᠦ ᠶᠢ ᠦᠷᠭᠦᠯᠵᠢᠯᠡᠨ ᠠᠬᠢᠭᠤᠯᠵᠤ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠮᠠᠯᠵᠢᠬᠤ ᠣᠷᠣᠨ ᠤ ᠦᠵᠡᠰᠬᠦᠯᠡᠩᠲᠦ ᠰᠠᠶᠢᠬᠠᠨ᠂ ᠮᠠᠯ ᠠᠵᠤ ᠠᠬᠤᠢ ᠶᠢᠨ ᠬᠦᠴᠦᠷᠬᠡᠭ ᠶᠡᠭᠡ᠂ ᠮᠠᠯᠴᠢᠳ ᠤᠨ ᠪᠠᠶᠠᠨ ᠴᠢᠨᠡᠭᠡᠯᠢᠭ ᠢ ᠴᠢᠷᠮᠠᠶᠢᠨ ᠪᠡᠶᠡᠯᠡᠭᠦᠯᠬᠦ ᠢᠲᠡᠭᠡᠯ ᠵᠣᠷᠢᠭ ᠲᠠᠢ ᠪᠠᠶᠢᠨ᠎ᠠ᠃    ᠵᠧᠤ ᠸᠧᠨ ᠰᠢᠶᠠᠩ᠄ ᠡᠩ ᠲᠡᠷᠢᠭᠦᠨ ᠳᠤ ᠴᠠᠩ ᠴᠢᠩ ᠬᠤᠰᠢᠭᠤᠨ ᠳᠠᠷᠤᠭ᠎ᠠ ᠪᠣᠯᠤᠨ ᠶᠦᠩ ᠬᠤᠩ ᠡᠷᠬᠢᠯᠡᠭᠴᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠬᠦᠳᠡᠨ ᠰᠦᠯᠵᠢᠶ᠎ᠡ ᠶᠢᠨ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠪᠤᠯᠤᠩ ᠳᠤ ᠤᠷᠤᠯᠴᠠᠨ᠂ ᠰᠦᠯᠵᠢᠶᠡᠨ ᠠᠨᠳᠠ ᠨᠠᠷ ᠲᠠᠢ ᠰᠠᠨᠠᠯ ᠢᠶᠠᠨ ᠰᠣᠯᠢᠯᠴᠠᠵᠤ᠂ ᠰᠦᠯᠵᠢᠶᠡᠨ ᠤ ᠨᠠᠶᠢᠵᠠ ᠨᠠᠷ ᠤᠨ ᠳᠤᠷᠠᠳᠤᠭᠰᠠᠨ ᠠᠰᠠᠭᠤᠯᠲᠠ ᠳᠤ ᠬᠠᠷᠢᠭᠤᠯᠲᠠ ᠥᠭᠭᠦᠭᠰᠡᠨ ᠳᠤ ᠲᠠᠯᠠᠷᠬᠠᠵᠤ ᠪᠠᠶᠢᠨ᠎ᠠ᠃ ᠡᠭᠦᠨ ᠤ ᠵᠡᠷᠭᠡ ᠳᠤ ᠰᠦᠯᠵᠢᠶᠡᠨ ᠠᠨᠳᠠ ᠨᠠᠷ ᠤᠨ ᠢᠳᠡᠪᠬᠢᠲᠡᠶ ᠤᠷᠤᠯᠴᠠᠵᠦ ᠠᠰᠠᠭᠤᠯᠳᠠ ᠳᠤᠷᠠᠳᠤᠭᠰᠠᠨ ᠳᠤ ᠲᠠᠯᠠᠷᠬᠠᠵᠤ ᠪᠠᠶᠢᠨ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠭᠦᠳᠡᠨ ᠰᠦᠯᠵᠢᠶ᠎ᠡ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠴᠢᠳᠠᠪᠤᠷᠢ ᠶᠢ ᠤᠯᠠᠮ  ᠴᠢᠨᠠᠭᠰᠢᠳᠠ ᠳᠡᠭᠡᠭᠰᠢᠯᠡᠭᠦᠯᠵᠦ᠂ ᠥᠷᠭᠡᠨ ᠣᠯᠠᠨ ᠰᠦᠯᠵᠢᠶᠡᠨ ᠠᠨᠳᠠ ᠨᠠᠷ ᠲᠤ ᠨᠠᠩ ᠴᠢᠨᠠᠷ ᠰᠠᠶᠢᠲᠠᠶ ᠪᠦᠭᠡᠳ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠨ᠎ᠠ᠃ ᠲᠠ ᠪᠦᠬᠦᠨ ᠳᠤ ᠲᠠᠯᠠᠷᠬᠠᠯ᠎ᠠ︕ ᠪᠢᠳᠡ ᠳᠠᠷᠠᠭ᠎ᠠ ᠤᠳᠠᠭ᠎ᠠ ᠳᠠᠬᠢᠨ ᠠᠭᠤᠯᠵᠠᠶ᠎ᠠ︕
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号