ᠰᠢᠨ᠎ᠡ ᠪᠠᠷᠭᠤ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2021/11/18
   ᠰᠢᠨ᠎ᠡ ᠪᠠᠷᠭᠤ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︵ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠭᠡᠵᠦ ᠲᠣᠪᠴᠢᠯᠠᠨ᠎ᠠ︶ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ ᠰᠠᠯᠠᠭᠠᠨ ᠲᠠᠰ ᠪᠣᠯᠤᠨ᠎ᠠ᠃ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠠᠮ ᠤᠨ ᠲᠥᠪ ᠬᠤᠷᠢᠶᠠᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠳᠣᠲᠣᠭᠠᠳᠤ ᠶᠢ ᠬᠠᠮᠠᠭᠠᠯᠠᠬᠤ ᠠᠵᠢᠯ ᠳᠠᠬᠢ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃      ᠭᠤᠣᠯ ᠡᠭᠦᠷᠭᠡ ᠬᠠᠷᠢᠭᠤᠴᠠᠯᠭ᠎ᠠ᠄      1. ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠤᠱᠯᠠᠭᠤᠯᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠤᠱᠯᠠᠭᠤᠯᠵᠤ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠲᠥᠷᠥ ᠶᠢᠨ ᠪᠣᠳᠣᠯᠭ᠎ᠠ ᠶᠢ ᠨᠠᠶᠢᠷᠠᠭᠤᠯᠤᠨ ᠲᠣᠭᠲᠠᠭᠠᠵᠤ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠢ ᠪᠠᠶᠢᠷᠢᠯᠠᠭᠤᠯᠬᠤ᠂ ᠵᠢᠯᠣᠭᠤᠳᠬᠤ ᠪᠠ ᠬᠢᠨᠠᠨ ᠪᠠᠶᠢᠴᠠᠭᠠᠨ᠎ᠠ᠃      2. ᠪᠦᠭᠦ ᠬᠤᠰᠢᠭᠤᠨ ᠤ ᠨᠡᠶᠢᠭᠡᠮ ᠤᠨ ᠲᠣᠭᠲᠠᠭᠤᠨ ᠪᠠᠶᠢᠳᠠᠯ ᠢ ᠨᠦᠯᠦᠭᠡᠯᠡᠭᠰᠡᠨ᠂ ᠤᠯᠤᠰ ᠤᠨ ᠳᠣᠲᠣᠭᠠᠳᠤ ᠶᠢᠨ ᠠᠮᠤᠷ ᠲᠦᠪᠰᠢᠨ ᠪᠠ ᠨᠡᠶᠢᠭᠡᠮ ᠤᠨ ᠠᠮᠤᠷ ᠲᠦᠪᠰᠢᠨ ᠢ ᠬᠤᠬᠢᠷᠠᠭᠤᠯᠤᠭᠰᠠᠨ ᠪᠠᠶᠢᠳᠠᠯ ᠢ ᠡᠵᠡᠮᠰᠢᠨ ᠵᠠᠳᠠᠯᠵᠤ᠂ ᠠᠷᠭᠠᠴᠠᠬᠤ ᠲᠦᠰᠦᠯ ᠲᠣᠭᠲᠠᠭᠠᠨ᠎ᠠ᠃      3. ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠷᠰᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃ ᠪᠥᠬᠦ ᠬᠤᠰᠢᠭᠤᠨ ᠤ ᠬᠡᠪᠴᠢᠶᠡᠨ ᠳᠠᠬᠢ ᠶᠠᠯᠠᠲᠤ ᠬᠡᠷᠡᠭ᠂ ᠬᠦᠨᠳᠦ ᠶᠡᠭᠡ ᠡᠷᠡᠭᠦᠤ ᠶᠢᠨ ᠶᠠᠯᠠᠲᠤ ᠬᠡᠷᠡᠭ᠂ ᠬᠦᠨᠳᠦ ᠶᠡᠭᠡ ᠠᠵᠤ ᠠᠬᠤᠶ ᠶᠢᠨ ᠶᠠᠯᠠᠲᠤ ᠬᠡᠷᠡᠭ ᠪᠠ ᠪᠥᠬᠦ ᠬᠤᠰᠢᠭᠤᠨ ᠤ ᠤᠯᠤᠰ ᠤᠨ ᠤᠯᠤᠰ ᠲᠥᠷᠥ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ ᠶᠠᠯᠠᠲᠤ ᠬᠡᠷᠡᠭ ᠢ ᠲᠤᠷᠰᠢᠨ ᠪᠠᠶᠢᠴᠠᠭᠠᠬᠤ ᠶᠢ ᠬᠠᠷᠢᠭᠤᠴᠠᠨ᠎ᠠ᠃ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠢᠳᠡᠭᠡᠨ ᠪᠠ ᠡᠮ ᠤᠨ ᠵᠦᠢᠯ᠂ ᠠᠮᠢ ᠠᠬᠤᠶ ᠣᠷᠴᠢᠨ ᠲᠣᠭᠤᠷᠢᠨ᠂ ᠠᠮᠢᠳᠤ ᠪᠣᠳᠠᠰ ᠤᠨ ᠠᠮᠤᠷ ᠲᠦᠪᠰᠢᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠵᠡᠷᠭᠡ ᠬᠦᠷᠢᠶ᠎ᠡ ᠴᠠᠷᠠᠭᠠᠨ ᠳᠠᠬᠢ ᠶᠠᠯᠠᠲᠤ ᠬᠡᠷᠡᠭ ᠵᠢᠴᠢ ᠪᠥᠬᠦ ᠬᠤᠰᠢᠭᠤᠨ ᠤ ᠦᠨᠡᠲᠦ ᠲᠡᠮᠳᠡᠭᠲᠦ᠂ ᠬᠤᠭᠤᠴᠠᠭᠠᠲᠤ ᠪᠠᠷᠠᠭ᠎ᠠ ᠵᠡᠷᠭᠡ ᠮᠥᠩᠭᠦᠨ ᠭᠦᠢᠯᠭᠡᠭᠡᠨ ᠤ ᠶᠠᠯᠠᠲᠤ ᠬᠡᠷᠡᠭ ᠢ ᠵᠣᠬᠢᠶᠠᠨ ᠪᠠᠶᠢᠭᠤᠯᠵᠤ᠂ ᠵᠢᠯᠣᠭᠤᠳᠴᠤ᠂ ᠲᠠᠩᠨᠠᠨ ᠰᠢᠢᠳᠪᠦᠷᠢᠯᠡᠨ᠎ᠡ᠃      4. ᠪᠦᠭᠦ ᠬᠤᠰᠢᠭᠤᠨ ᠤ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠴᠢᠬᠤᠯᠠ ᠶᠡᠭᠡ ᠴᠠᠭᠳᠠᠭᠠᠨ ᠤ ᠶᠠᠪᠤᠳᠠᠯ ᠤᠨ ᠠᠵᠢᠯᠯᠠᠭ᠎ᠠ ᠶᠢ ᠪᠥᠬᠦ ᠬᠤᠰᠢᠭᠤᠨ ᠤ ᠬᠦᠨᠳᠦ ᠶᠡᠭᠡ ᠠᠮᠤᠷ ᠲᠦᠪᠰᠢᠨ ᠤ ᠠᠳᠡᠯ ᠪᠠ ᠣᠯᠠᠨ ᠲᠦᠮᠡᠨ ᠤ ᠴᠢᠨᠠᠷᠲᠠᠶ ᠬᠡᠷᠡᠭ ᠢ ᠵᠣᠬᠢᠴᠠᠭᠤᠯᠤᠨ ᠰᠢᠢᠳᠪᠦᠷᠢᠯᠡᠨ᠎ᠡ᠃ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠢ ᠡᠪᠳᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢ ᠵᠢᠭᠠᠨ ᠵᠢᠯᠣᠭᠤᠳᠴᠤ᠂ ᠬᠤᠰᠢᠭᠤᠨ ᠤ ᠠᠮᠤᠷ ᠢ ᠬᠠᠮᠠᠭᠠᠯᠠᠬᠤ ᠵᠠᠰᠠᠭ ᠵᠠᠬᠢᠷᠭᠠᠨ ᠤ ᠬᠠᠮᠢᠶᠠᠷᠤᠯᠲᠠ᠂ ᠭᠠᠯ ᠰᠡᠷᠭᠡᠶᠢᠯᠡᠬᠦ ᠪᠠ ᠠᠶᠤᠯᠲᠠᠶ ᠬᠢᠮᠢ ᠶᠢᠨ ᠪᠣᠳᠠᠰ ᠤᠨ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠥᠷᠨᠢᠭᠦᠯᠦᠨ᠎ᠡ᠃ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠮᠤᠷ ᠢ ᠬᠠᠮᠠᠭᠠᠯᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠬᠥᠮᠦᠨ ᠠᠮᠠ᠂ ᠡᠷᠦᠬᠡ ᠠᠮᠠ ᠶᠢᠨ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠥᠷᠨᠢᠭᠦᠯᠬᠦ ᠶᠢ ᠬᠠᠷᠢᠭᠤᠴᠠᠨ᠎ᠠ᠃ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠭᠤᠷᠪᠠᠳᠤᠭᠠᠷ ᠳᠡᠰ ᠤᠨ ᠭᠠᠯ ᠤᠨᠲᠠᠷᠠᠭᠠᠬᠤ ᠠᠵᠢᠯ ᠢ ᠬᠠᠷᠢᠭᠤᠴᠠᠨ᠎ᠠ᠃      5. ᠪᠥᠬᠦ ᠬᠤᠰᠢᠭᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠵᠠᠮ ᠬᠠᠷᠢᠯᠴᠠᠭᠠᠨ ᠤ ᠠᠮᠤᠷ ᠲᠦᠪᠰᠢᠨ᠂ ᠵᠠᠮ ᠬᠠᠷᠢᠯᠴᠠᠭᠠᠨ ᠤ ᠡᠮᠬᠢ ᠳᠢᠭᠯᠢᠮ ᠢ ᠵᠢᠯᠣᠭᠤᠳᠴᠤ᠂ ᠬᠢᠨᠠᠵᠤ ᠬᠠᠮᠠᠭᠠᠯᠠᠬᠤ ᠵᠢᠴᠢ ᠮᠠᠰᠢᠨᠲᠤ ᠲᠡᠷᠭᠡ ︵ᠲᠷᠠᠺᠲ᠋ᠣᠷ ᠪᠠᠭᠲᠠᠬᠤ ᠦᠭᠡᠢ︶᠂ ᠵᠢᠯᠣᠭᠤᠴᠢ ᠶᠢᠨ ᠬᠠᠮᠢᠶᠠᠷᠤᠯᠲᠠ ᠶᠢᠨ ᠠᠵᠢᠯ ᠢ ᠥᠷᠨᠢᠭᠦᠯᠦᠨ᠎ᠡ᠃      6. ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠣᠤᠷ ᠰᠦᠯᠵᠢᠶ᠎ᠡ ᠶᠢᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠬᠠᠤᠯᠢ ᠶᠣᠰᠣᠭᠠᠷ ᠥᠷᠨᠢᠭᠦᠯᠦᠨ᠎ᠡ᠃ ᠪᠥᠬᠦ ᠬᠤᠰᠢᠭᠤᠨ ᠤ ᠮᠡᠳᠡᠭᠡ ᠵᠠᠩᠭᠢ ᠶᠢᠨ ᠠᠮᠤᠷ ᠲᠦᠪᠰᠢᠨ ᠤ ᠵᠡᠷᠭᠡ ᠳᠡᠰ ᠤᠨ ᠬᠠᠮᠠᠭᠠᠯᠠᠯᠲᠠ ᠶᠢᠨ ᠠᠵᠢᠯ ᠢ ᠵᠢᠯᠣᠭᠤᠳᠬᠤ᠂ ᠬᠢᠨᠠᠯᠲᠠ ᠲᠠᠯᠪᠢᠬᠤ ᠪᠠ ᠪᠠᠶᠢᠴᠠᠭᠠᠵᠤ᠂ ᠪᠥᠬᠦ ᠬᠤᠰᠢᠭᠤᠨ ᠤ ᠰᠦᠯᠵᠢᠶ᠎ᠡ ᠪᠠ ᠮᠡᠳᠡᠭᠡ ᠵᠠᠩᠭᠢ ᠶᠢᠨ ᠠᠮᠤᠷ ᠲᠦᠪᠰᠢᠨ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠨᠡᠶᠢᠲᠡᠯᠡᠨ ᠮᠡᠳᠡᠭᠳᠡᠵᠦ ᠰᠢᠢᠳᠪᠦᠷᠢᠯᠡᠬᠦ ᠵᠡᠷᠭᠡ ᠠᠵᠢᠯ ᠢ ᠬᠠᠷᠢᠭᠤᠴᠠᠨ᠎ᠠ᠃      7. ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠭᠰᠡᠨ᠂ ᠨᠡᠶᠢᠭᠡᠮ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠪᠠᠶᠢᠳᠠᠯ ᠢ ᠴᠤᠭᠯᠠᠭᠤᠯᠬᠤ ᠶᠢᠨ ᠬᠠᠮᠲᠤ ᠵᠠᠳᠠᠯᠤᠨ ᠰᠤᠳᠤᠯᠵᠤ ᠮᠠᠭᠠᠳᠯᠠᠨ᠂ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠭᠦᠨ᠎ᠡ᠃      8. ᠪᠦᠭᠦ ᠬᠤᠰᠢᠭᠤᠨ ᠤ ᠰᠦᠷᠳᠡᠭᠦᠯᠦᠯ ᠤᠨ ᠠᠵᠢᠯᠯᠠᠭ᠎ᠠ ᠶᠢ ᠰᠡᠷᠭᠡᠶᠢᠯᠡᠬᠦ᠂ ᠲᠠᠩᠨᠠᠬᠤ ᠪᠠ ᠴᠣᠬᠢᠯᠲᠠ ᠥᠭᠬᠦ ᠠᠵᠢᠯ ᠢ ᠵᠣᠬᠢᠶᠠᠨ ᠪᠠᠶᠢᠭᠤᠯᠵᠤ᠂ ᠵᠢᠯᠣᠭᠤᠳᠴᠤ᠂ ᠵᠣᠬᠢᠴᠠᠭᠤᠯᠤᠨ᠎ᠠ᠃      9. ᠪᠥᠬᠦ ᠬᠤᠰᠢᠭᠤᠨ ᠤ ᠬᠤᠤᠷᠲᠤ ᠡᠳ᠋ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠪᠠᠶᠢᠳᠠᠯ ᠢ ᠡᠵᠮᠡᠰᠢᠵᠦ᠂ ᠬᠤᠤᠷᠲᠤ ᠡᠳ᠋ ᠤᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠬᠦ ᠶᠢ ᠬᠠᠷᠢᠭᠤᠴᠠᠨ᠎ᠠ᠃      10. ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠬᠠᠮᠢᠶ᠎ᠠ ᠪᠥᠬᠦᠶ ᠠᠵᠢᠯ ᠪᠠ ᠬᠢᠯᠢ ᠶᠢᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      11. ᠪᠦᠭᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠶᠣᠰᠣᠭᠠᠷ ᠡᠭᠦᠷᠭᠡᠯᠡᠵᠦ ᠪᠠᠶᠢᠭ᠎ᠠ ᠡᠷᠡᠭᠦᠦ ᠰᠢᠢᠳᠬᠡᠯ ᠢ ᠭᠦᠢᠴᠡᠳᠬᠡᠬᠦ ᠠᠵᠢᠯ ᠪᠠ ᠳᠣᠲᠣᠭᠠᠳᠤ ᠶᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠵᠢᠭᠠᠨ ᠵᠢᠯᠣᠭᠤᠳᠴᠤ ᠬᠢᠨᠠᠯᠲᠠ ᠲᠠᠯᠪᠢᠨ᠎ᠠ᠃ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠢ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠤᠷᠢᠭᠤᠯ ᠤᠨ ᠭᠠᠵᠠᠷ᠂ ᠲᠦᠷ ᠬᠤᠷᠢᠬᠤ ᠭᠠᠵᠠᠷ ᠵᠢᠴᠢ ᠦᠯᠡᠳᠡᠭᠡᠨ ᠠᠪᠴᠤ ᠬᠠᠷᠠᠵᠤ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠨ᠎ᠠ᠃      12. ᠨᠠᠮ ᠪᠠ ᠤᠯᠤᠰ ᠤᠨ ᠤᠳᠤᠷᠢᠳᠬᠤ ᠬᠥᠮᠦᠰ᠂ ᠭᠠᠳᠠᠭᠠᠳᠤ ᠶᠢᠨ ᠴᠢᠬᠤᠯᠠ ᠵᠣᠴᠢᠳ ᠤᠨ ᠮᠠᠨ ᠤ ᠬᠤᠰᠢᠭᠤᠨ ᠳᠠᠬᠢ ᠬᠠᠮᠢᠶ᠎ᠠ ᠪᠥᠬᠦᠶ ᠠᠵᠢᠯᠯᠠᠭ᠎ᠠ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠭᠤᠤᠯ ᠤᠳᠤᠷᠢᠳᠤᠯᠭ᠎ᠠ ᠶᠢᠨ ᠮᠠᠨ ᠤ ᠬᠤᠰᠢᠭᠤᠨ ᠳᠠᠬᠢ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠬᠠᠷᠢᠭᠤᠴᠠᠨ᠎ᠠ᠃      13. ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠢᠯᠣᠭᠤᠳᠤᠨ ᠲᠣᠬᠢᠷᠠᠭᠤᠯᠬᠤ ᠰᠢᠰᠲ᠋ᠧᠮ᠂ ᠲᠣᠮᠣ ᠳ᠋ᠠᠶᠢᠲ᠋ᠠ ᠶᠢᠨ ᠮᠡᠷᠭᠡᠵᠢᠯ᠂ ᠡᠷᠡᠭᠦᠤ ᠶᠢᠨ ᠬᠡᠷᠡᠭ ᠤᠨ ᠮᠡᠷᠭᠡᠵᠢᠯ ᠤᠨ ᠪᠠᠶᠢᠭᠤᠯᠤᠯᠲᠠ ᠶᠢ ᠲᠥᠯᠥᠪᠵᠢᠭᠦᠯᠦᠨ᠎ᠡ︔ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠮᠡᠳᠡᠭᠡ ᠵᠠᠩᠭᠢ ᠶᠢᠨ ᠴᠢᠮᠡᠭᠡ ᠬᠤᠯᠪᠣᠭ᠎ᠠ ᠶᠢᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃      14. ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠣᠨᠤᠭ ᠲᠥᠬᠦᠭᠡᠷᠦᠮᠵᠢ ᠪᠠ ᠵᠠᠷᠤᠳᠠᠯ ᠤᠨ ᠲᠥᠯᠥᠪᠯᠡᠭᠡ ᠶᠢ ᠲᠣᠭᠲᠠᠭᠠᠬᠤ᠂ ᠬᠠᠮᠢᠶᠠᠷᠤᠯᠲᠠ ᠶᠢᠨ ᠲᠦᠷᠢᠮ ᠢ ᠲᠣᠭᠲᠠᠭᠠᠬᠤ ᠳᠤ ᠣᠷᠣᠯᠴᠠᠨ᠎ᠠ᠃ ᠪᠥᠬᠦ ᠬᠤᠰᠢᠭᠤᠨ ᠤ ᠴᠠᠭᠳᠠᠭᠠᠨ ᠤ ᠠᠭᠠᠷ ᠤᠨ ᠨᠢᠰᠦᠭᠦᠷ ᠤᠨ ᠠᠵᠢᠯᠯᠠᠭᠠᠨ᠂ ᠠᠮᠤᠷ ᠲᠦᠪᠰᠢᠨ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠨᠢᠭᠡᠳᠦᠯᠲᠡᠶ ᠤᠳᠤᠷᠢᠳᠤᠨ᠎ᠠ᠃      15. ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠱᠠᠭᠠᠷᠳᠠᠯᠭ᠎ᠠ ᠶᠣᠰᠣᠭᠠᠷ᠂ ᠣᠯᠠᠨ ᠤᠯᠤᠰ ᠤᠨ ᠡᠷᠡᠭᠦᠤ ᠶᠢᠨ ᠴᠠᠭᠳᠠᠭ᠎ᠠ ᠶᠢᠨ ᠵᠣᠬᠢᠶᠠᠨ ᠪᠠᠶᠢᠭᠤᠯᠤᠯᠲᠠ᠂ ᠭᠠᠳᠠᠭᠠᠳᠤ ᠶᠢᠨ ᠴᠠᠭᠳᠠᠭ᠎ᠠ ᠵᠢᠴᠢ ᠰᠢᠶᠠᠩᠭᠠᠩ ᠣᠣᠮᠧᠨ ᠲᠠᠶᠢᠸᠠᠨ ᠤ ᠴᠠᠭᠳᠠᠭ᠎ᠠ ᠶᠢᠨ ᠲᠠᠯ᠎ᠠ ᠶᠢᠨ ᠬᠢᠨ ᠲᠠᠢ ᠬᠠᠷᠢᠯᠴᠠᠭ᠎ᠠ ᠪᠠ ᠲᠤᠬᠠᠶᠢᠯᠠᠭᠰᠠᠨ ᠠᠵᠢᠯ ᠤᠨ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠲᠠᠢ ᠬᠠᠮᠢᠶ᠎ᠠ ᠪᠥᠬᠦᠶ ᠭᠠᠳᠠᠭᠠᠳᠤ ᠳᠤ ᠬᠤᠯᠪᠣᠭᠳᠠᠬᠤ ᠭᠡᠷ᠎ᠡ ᠪᠠ ᠬᠠᠮᠲᠤᠷᠠᠯᠴᠠᠭᠠᠨ ᠤ ᠬᠡᠯᠡᠯᠴᠡᠭᠡᠷ ᠢ ᠭᠦᠢᠴᠡᠳᠬᠡᠨ᠎ᠡ᠃ ᠬᠢᠯᠢ ᠶᠢᠨ ᠭᠠᠳᠠᠨᠠᠬᠢ ᠵᠠᠰᠠᠭ ᠤᠨ ᠣᠷᠳᠣᠨ ᠤ ᠪᠤᠰᠤ ᠵᠣᠬᠢᠶᠠᠨ ᠪᠠᠶᠢᠭᠤᠯᠤᠯᠲᠠ ᠶᠢᠨ ᠮᠠᠨ ᠤ ᠬᠤᠰᠢᠭᠤᠨ ᠳᠠᠬᠢ ᠠᠵᠢᠯᠯᠠᠭ᠎ᠠ ᠶᠢᠨ ᠬᠠᠮᠢᠶᠠᠷᠤᠯᠲᠠ ᠶᠢᠨ ᠠᠵᠢᠯ ᠢ ᠲᠦᠷᠦᠭᠦᠯᠡᠨ ᠬᠠᠷᠢᠭᠤᠴᠠᠨ᠎ᠠ᠃ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠤᠯᠤᠰ ᠠᠯᠤᠰᠯᠠᠭᠰᠠᠨ ︵ᠬᠢᠯᠢ︶ ᠬᠡᠷᠡᠭ ᠢ ᠲᠠᠩᠨᠠᠨ ᠰᠢᠢᠳᠪᠦᠷᠢᠯᠡᠬᠦ ᠬᠠᠮᠵᠢᠯᠴᠠᠭᠠᠨ ᠤ ᠠᠵᠢᠯ ᠢ ᠬᠠᠷᠢᠭᠤᠴᠠᠨ᠎ᠠ᠃      16. ᠪᠦᠭᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠪᠠᠶᠢᠭᠤᠯᠤᠯᠲᠠ ᠶᠢᠨ ᠬᠤᠯᠪᠣᠭᠳᠠᠯ ᠪᠦᠭᠦᠢ ᠲᠦᠷᠤ ᠶᠢᠨ ᠪᠤᠲᠤᠯᠭ᠎ᠠ ᠶᠢ ᠲᠣᠭᠲᠠᠭᠠᠭᠰᠠᠨ ᠡᠷᠬᠡ ᠮᠡᠳᠡᠯ ᠤᠨ ᠬᠡᠪᠴᠢᠶᠡᠨ ᠳᠡᠭᠡᠨ ᠺᠠᠳ᠋ᠷ ᠢ ᠬᠠᠮᠢᠶᠠᠷᠤᠨ᠎ᠠ᠃ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠦᠷᠢᠮ ᠢ ᠲᠣᠭᠲᠠᠭᠠᠨ᠎ᠠ᠃ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠲᠣᠭᠲᠠᠭᠰᠠᠨ ᠡᠷᠬᠡ ᠮᠡᠳᠡᠯ ᠤᠨ ᠬᠡᠪᠴᠢᠶᠡᠨ ᠳᠤ ᠺᠠᠳ᠋ᠷ ᠲᠤ ᠬᠢᠨᠠᠯᠲᠠ ᠲᠠᠯᠪᠢᠵᠤ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠬᠦᠨᠳᠦ ᠶᠡᠭᠡ ᠰᠠᠬᠢᠯᠭ᠎ᠠ ᠪᠠᠲᠤ ᠶᠢ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠤᠶᠤ ᠰᠢᠪᠠᠳᠠᠨ ᠰᠢᠢᠳᠪᠦᠷᠢᠯᠡᠨ᠎ᠡ᠃ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ᠂ ᠠᠵᠢᠯ ᠤᠨ ᠰᠤᠷᠲᠠᠯ ᠤᠨ ᠪᠠᠶᠢᠭᠤᠯᠤᠯᠲᠠ ᠪᠠ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠵᠢᠯᠣᠭᠤᠳᠤᠨ᠎ᠠ᠃      17. ᠪᠥᠬᠦ ᠬᠤᠰᠢᠭᠤᠨ ᠤ ᠨᠢᠰᠬᠡᠯ ᠤᠨ ᠪᠠᠭᠤᠳᠠᠯ ᠤᠨ ᠳᠣᠲᠣᠭᠠᠳᠤ ᠶᠢ ᠬᠠᠮᠠᠭᠠᠯᠠᠬᠤ ᠬᠠᠮᠢᠶᠠᠷᠤᠯᠲᠠ᠂ ᠬᠢᠯᠢ ᠶᠢᠨ ᠬᠠᠮᠢᠶᠠᠷᠤᠯᠲᠠ ᠪᠠ ᠣᠨᠴᠠ ᠦᠢᠯᠡᠴᠢᠯᠡᠭᠡᠨ ᠤ ᠪᠠᠶᠢᠭᠤᠯᠤᠮᠵᠢ ᠶᠢᠨ ᠳᠣᠲᠣᠭᠠᠳᠤ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠢ ᠵᠢᠯᠣᠭᠤᠳᠤᠨ ᠬᠠᠮᠢᠶᠠᠷᠤᠨ᠎ᠠ᠃      18. ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ ᠭᠦᠢᠴᠡᠳᠬᠡᠨ᠎ᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号