ᠠᠷᠤᠬᠠᠰᠢᠶᠠᠲᠤ ᠪᠠᠯᠭᠠᠰᠤ ᠶᠢᠨ ᠨᠠᠮ ᠤᠨ ᠬᠤᠷᠢᠶ᠎ᠠ ᠪᠣᠯ ᠲᠤᠰ ᠪᠠᠯᠭᠠᠰᠤ ᠶᠢᠨ ᠤᠳᠤᠷᠢᠳᠬᠤ ᠪᠠᠶᠢᠭᠤᠯᠭ᠎ᠠ | ᠮᠦᠨ᠂ ᠠᠷᠤᠬᠠᠰᠢᠶᠠᠲᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯ ᠤᠯᠤᠰ ᠤᠨ ᠦᠨᠳᠦᠰᠦᠨ ᠱᠠᠲᠤᠨ ᠤ | ᠵᠠᠰᠠᠭ ᠤᠨ ᠡᠷᠬᠡᠲᠦ ᠵᠣᠬᠢᠶᠠᠨ ᠪᠠᠶᠢᠭᠤᠯᠤᠯᠲᠠ ᠮᠦᠨ᠂ ᠵᠢᠩᠬᠢᠨᠢ ᠰᠠᠯᠠᠭᠠᠨ ᠳᠡᠰ᠃ | ᠨᠢᠭᠡ᠂ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠨᠠᠮ ᠤᠨ ᠬᠤᠷᠢᠶ᠎ᠠ ᠶᠢᠨ ᠭᠤᠣᠯ ᠡᠭᠦᠷᠭᠡ ᠬᠠᠷᠢᠭᠤᠴᠠᠯᠭ᠎ᠠ | 1. ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠪᠠ ᠨᠠᠮ ᠤᠨ ᠲᠥᠪ ᠬᠤᠷᠢᠶ᠎ᠠ᠂ ᠳᠡᠭᠡᠳᠦ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠢᠴᠢ ᠲᠤᠰ ᠪᠠᠯᠭᠠᠰᠤ ᠶᠢᠨ ᠨᠠᠮ ᠤᠨ ᠭᠡᠰᠢᠭᠦᠳ ᠤᠨ | ᠲᠥᠯᠥᠭᠡᠯᠡᠭᠴᠢᠳ ᠤᠨ ᠶᠡᠭᠡ ᠬᠤᠷᠠᠯ ︵ᠨᠠᠮ ᠤᠨ ᠭᠡᠰᠢᠭᠦᠳ ᠤᠨ ᠶᠡᠭᠡ ᠬᠤᠷᠠᠯ︶ ᠤᠨ ᠰᠢᠢᠳᠪᠦᠷᠢ ᠶᠢ ᠤᠬᠠᠭᠤᠯᠬᠤ | ᠪᠠ ᠲᠤᠤᠱᠯᠠᠭᠤᠯᠤᠨ ᠬᠡᠷᠡᠭᠵᠢᠭᠦᠯᠦᠨ᠎ᠡ᠃ | 2. ᠲᠣᠰ ᠪᠠᠯᠭᠠᠰᠤ ᠶᠢᠨ ᠠᠵᠤ ᠠᠬᠤᠶ ᠶᠢᠨ ᠪᠠᠶᠢᠭᠤᠯᠤᠯᠲᠠ᠂ ᠤᠯᠤᠰ ᠲᠥᠷᠥ ᠶᠢᠨ ᠪᠠᠶᠢᠭᠤᠯᠤᠯᠲᠠ᠂ | ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ | ᠨᠠᠮ ᠤᠨ ᠪᠠᠶᠢᠭᠤᠯᠤᠯᠲᠠ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠᠬᠢ ᠴᠢᠬᠤᠯᠠ ᠶᠡᠭᠡ | ᠠᠰᠠᠭᠤᠳᠠᠯ ᠤᠳ ᠢ ᠶᠠᠷᠢᠯᠴᠠᠨ ᠲᠣᠭᠲᠠᠭᠠᠨ᠎ᠠ᠃ ᠪᠠᠯᠭᠠᠰᠤ ᠶᠢᠨ ᠵᠠᠰᠠᠭ ᠤᠨ ᠡᠷᠬᠡᠲᠦ ᠪᠠᠶᠢᠭᠤᠯᠭ᠎ᠠ ᠪᠤᠶᠤ ᠬᠠᠮᠲᠤ ᠶᠢᠨ | ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠠᠴᠠ ᠲᠣᠭᠲᠠᠭᠠᠬᠤ ᠴᠢᠬᠤᠯᠠᠲᠠᠶ ᠴᠢᠬᠤᠯᠠ ᠵᠦᠢᠯᠡᠰ ᠢ ᠪᠠᠯᠭᠠᠰᠤ ᠶᠢᠨ | ᠨᠠᠮ ᠤᠨ ᠬᠤᠷᠢᠶ᠎ᠠ ᠪᠠᠷ ᠰᠤᠳᠤᠯᠤᠨ ᠶᠠᠷᠢᠯᠴᠠᠭᠤᠯᠤᠭᠰᠠᠨ ᠤ ᠳᠠᠷᠠᠭ᠎ᠠ᠂ ᠪᠠᠯᠭᠠᠰᠤ ᠶᠢᠨ ᠵᠠᠰᠠᠭ ᠤᠨ ᠡᠷᠬᠡᠲᠦ | ᠪᠠᠶᠢᠭᠤᠯᠭ᠎ᠠ ᠪᠤᠶᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠠᠴᠠ ᠬᠠᠤᠯᠢ ᠴᠠᠭᠠᠵᠠ ᠪᠠ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠣᠭᠲᠠᠭᠠᠯ ᠭᠠᠷᠭᠠᠨ᠎ᠠ᠃ | 3. ᠪᠠᠯᠭᠠᠰᠤ ᠶᠢᠨ ᠵᠠᠰᠠᠭ ᠤᠨ ᠡᠷᠬᠡᠲᠦ ᠪᠠᠶᠢᠭᠤᠯᠭ᠎ᠠ᠂ ᠤᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ ᠪᠠ ᠪᠤᠰᠤᠳ ᠡᠯ᠎ᠡ ᠲᠦᠷᠦᠯ ᠤᠨ ᠵᠣᠬᠢᠶᠠᠨ ᠪᠠᠶᠢᠭᠤᠯᠤᠯᠲᠠ ᠶᠢ ᠤᠳᠤᠷᠢᠳᠴᠤ᠂ ᠵᠢᠯᠣᠭᠤᠳᠬᠤ ᠪᠠ | ᠵᠢᠷᠤᠮᠵᠢᠭᠤᠯᠬᠤ ᠶᠢ ᠴᠢᠩᠭᠠᠳᠬᠠᠵᠤ᠂ ᠡᠳᠡᠭᠡᠷ ᠪᠠᠶᠢᠭᠤᠯᠭ᠎ᠠ ᠪᠠ ᠵᠣᠬᠢᠶᠠᠨ ᠪᠠᠶᠢᠭᠤᠯᠤᠯᠲᠠ ᠶᠢᠨ ᠤᠯᠤᠰ ᠤᠨ ᠬᠠᠤᠯᠢ | ᠴᠠᠭᠠᠵᠠ ᠬᠠᠤᠯᠢ ᠲᠣᠭᠲᠠᠭᠠᠯ ᠵᠢᠴᠢ ᠲᠤᠰ ᠲᠤᠰ ᠤᠨ ᠲᠦᠷᠢᠮ ᠤᠨ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠳᠡᠮᠵᠢᠬᠦ ᠪᠠ ᠪᠠᠲᠤᠯᠠᠨ᠎ᠠ᠃ | 4. ᠪᠠᠯᠭᠠᠰᠤ ᠶᠢᠨ ᠨᠠᠮ ᠤᠨ ᠬᠤᠷᠢᠶᠠᠨ ᠤ ᠲᠣᠰ ᠪᠡᠶ᠎ᠡ ᠶᠢᠨ ᠪᠠᠶᠢᠭᠤᠯᠤᠯᠲᠠ ᠪᠠ ᠭᠠᠴᠠᠭ᠎ᠠ ︵ᠨᠡᠶᠢᠭᠡᠮ | ᠲᠣᠭᠤᠷᠢᠭ︶ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠵᠢᠴᠢ ᠪᠠᠯᠭᠠᠰᠤᠨ ᠤ ᠬᠠᠷᠢᠶᠠᠨ ᠳᠠᠬᠢ | ᠪᠣᠰᠣᠳ ᠨᠠᠮ ᠤᠨ ᠬᠤᠷᠢᠶ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ | ᠨᠠᠮ ᠤᠨ ᠭᠡᠰᠢᠭᠦᠨ ᠡᠯᠰᠡᠬᠦ ᠠᠵᠢᠯ ᠢ ᠰᠠᠶᠢᠲᠤᠷ ᠠᠳᠬᠤᠵᠤ᠂ ᠨᠠᠮ ᠤᠨ ᠭᠡᠰᠢᠭᠦᠨ ᠤ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠨᠠᠮ ᠤᠨ ᠰᠠᠬᠢᠯᠭ᠎ᠠ ᠪᠠᠲᠤ ᠶᠢ ᠬᠠᠮᠠᠭᠠᠯᠠᠨ ᠬᠡᠷᠡᠭᠵᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠪᠠ | ᠪᠤᠰᠤᠳ ᠶᠠᠮᠠᠷᠪᠠ ᠠᠵᠢᠯᠳᠠᠨ ᠤ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠰᠠᠬᠢᠬᠤ | ᠶᠠᠪᠤᠳᠠᠯ ᠳᠤ ᠬᠢᠨᠠᠯᠲᠠ ᠲᠠᠯᠪᠢᠨ᠎ᠠ᠃ | 5. ᠺᠠᠳ᠋ᠷ ᠢ ᠬᠠᠮᠢᠶᠠᠷᠬᠤ ᠡᠷᠬᠡ ᠮᠡᠳᠡᠯ ᠤᠨ ᠬᠡᠪᠴᠢᠶ᠎ᠡ ᠶᠢᠨ ᠶᠣᠰᠣᠭᠠᠷ ᠺᠠᠳ᠋ᠷ ᠢ ᠬᠥᠮᠦᠵᠢᠭᠦᠯᠬᠦ᠂ | ᠪᠣᠯᠪᠠᠰᠤᠷᠠᠭᠤᠯᠬᠤ᠂ ᠰᠢᠯᠢᠨ ᠳᠡᠪᠰᠢᠭᠦᠯᠬᠦ᠂ ᠬᠢᠨᠠᠨ ᠰᠢᠯᠭᠠᠬᠤ ᠪᠠ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ | ᠳᠡᠭᠡᠳᠦ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠪᠠᠯᠭᠠᠰᠤᠨ ᠳᠤ ᠰᠠᠭᠤᠭ᠎ᠠ ᠨᠢᠭᠡᠴᠡ ᠶᠢᠨ ᠺᠠᠳ᠋ᠷ ᠢ | ᠬᠠᠪᠰᠤᠷᠤᠨ ᠬᠠᠮᠢᠶᠠᠷᠤᠨ᠎ᠠ᠃ ᠴᠢᠳᠠᠪᠤᠷᠢᠲᠠᠨ ᠳᠤ ᠦᠢᠯᠡᠴᠢᠯᠡᠬᠦ ᠪᠠ ᠣᠷᠣᠭᠤᠯᠵᠤ ᠠᠪᠴᠢᠷᠠᠬᠤ ᠠᠵᠢᠯ ᠢ ᠰᠠᠶᠢᠲᠤᠷ | ᠬᠢᠨ᠎ᠡ᠃ | 6. ᠲᠣᠰ ᠪᠠᠯᠭᠠᠰᠤ ᠶᠢᠨ ᠦᠨᠳᠦᠰᠦᠨ ᠱᠠᠲᠤᠨ ᠤ ᠵᠠᠰᠠᠯᠲᠠ ᠶᠢ ᠤᠳᠤᠷᠢᠳᠴᠤ᠂ ᠨᠡᠶᠢᠭᠡᠮ ᠵᠢᠷᠤᠮ ᠤᠨ | ᠠᠷᠠᠳᠴᠢᠯᠠᠯ ᠬᠠᠤᠯᠢ ᠪᠠᠷ ᠵᠠᠰᠠᠬᠤ ᠪᠠᠶᠢᠭᠤᠯᠤᠯᠲᠠ ᠪᠠ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠂ | ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ᠂ ᠠᠷᠠᠳ ᠤᠨ | ᠠᠮᠢᠳᠤᠷᠠᠯ ᠤᠨ ᠪᠠᠲᠤᠯᠠᠭ᠎ᠠ᠂ ᠨᠠᠷᠢᠯᠢᠭ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ᠂ ᠨᠢᠭᠡᠳᠦᠮᠡᠯ ᠹᠷᠣᠨᠲ᠂ | ᠦᠨᠳᠦᠰᠦᠲᠡᠨ ᠱᠠᠰᠢᠨ ᠰᠤᠷᠲᠠᠬᠤᠨ ᠵᠡᠷᠭᠡ ᠠᠵᠢᠯ ᠢ ᠰᠠᠶᠢᠲᠤᠷ ᠬᠢᠨ᠎ᠠ᠃ | 7. ᠲᠣᠰ ᠱᠠᠲᠤᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ᠂ ᠭᠠᠴᠠᠭ᠎ᠠ ︵ᠨᠡᠶᠢᠭᠡᠮ ᠲᠣᠭᠤᠷᠢᠭ︶ ᠲᠣᠰᠬᠤᠨ ︵ᠰᠠᠭᠤᠭᠠᠯᠢ ᠠᠷᠠᠳ︶ ᠤ ᠵᠥᠪᠯᠡᠯ ᠤᠨ | ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠬᠠᠷᠢᠭᠤᠴᠠᠨ᠎ᠠ︔ ᠪᠠᠯᠭᠠᠰᠤ ᠪᠠ ᠭᠠᠴᠠᠭ᠎ᠠ ︵ᠨᠡᠶᠢᠭᠡᠮ | ᠲᠣᠭᠤᠷᠢᠭ︶ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠡᠷᠭᠡ ᠶᠢ | ᠵᠣᠬᠢᠴᠠᠭᠤᠯᠤᠨ ᠵᠣᠬᠢᠶᠠᠨ ᠪᠠᠶᠢᠭᠤᠯᠵᠤ᠂ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ | ᠦᠢᠯᠡᠳᠦᠯ ᠢ ᠪᠠᠳᠠᠷᠠᠭᠤᠯᠤᠨ᠎ᠠ︔ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠢ ᠬᠠᠮᠵᠢᠨ | ᠠᠷᠠᠳ ᠤᠨ ᠵᠡᠪᠰᠡᠭᠲᠦ ᠬᠦᠴᠦᠨ ᠤ ᠠᠵᠢᠯ ᠢ ᠦᠷᠨᠢᠭᠦᠯᠦᠨ᠎ᠡ᠃ | 8. ᠳᠡᠭᠡᠳᠦ ᠱᠠᠲᠤᠨ ᠤ ᠨᠠᠮ ᠤᠨ ᠬᠤᠷᠢᠶᠠᠨ ᠤ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠦᠨ᠎ᠡ᠃ | ︵ᠬᠤᠶᠠᠷ︶ ᠵᠠᠰᠠᠭ ᠤᠨ ᠣᠷᠳᠣᠨ ᠤ ᠭᠤᠤᠯ ᠡᠭᠦᠷᠭᠡ ᠬᠠᠷᠢᠭᠤᠴᠠᠯᠭ᠎ᠠ | 1. ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢ ᠪᠠ ᠳᠡᠭᠡᠳᠦ | ᠱᠠᠲᠤᠨ ᠤ ᠲᠦᠷᠦ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠣᠭᠲᠠᠭᠠᠯ᠂ ᠵᠠᠷᠯᠢᠭ ᠢ ᠬᠡᠷᠡᠭᠵᠢᠭᠦᠯᠵᠦ᠂ | ᠲᠣᠭᠲᠠᠭᠠᠯ᠂ ᠵᠠᠷᠯᠢᠭ ᠢ ᠨᠡᠶᠢᠲᠡᠯᠡᠨ᠎ᠡ᠃ | 2. ᠲᠤᠰ ᠵᠠᠰᠠᠭ ᠵᠠᠬᠢᠷᠭᠠᠨ ᠤ ᠣᠷᠣᠨ ᠤ ᠪᠠᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠲᠦᠯᠦᠪᠵᠢᠭᠦᠯᠭᠡ᠂ ᠲᠥᠰᠦᠪ ᠢ ᠭᠦᠢᠴᠡᠳᠬᠡᠵᠦ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠠᠵᠤ ᠠᠬᠤᠶ᠂ | ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ᠂ ᠰᠣᠶᠣᠯ ᠪᠣᠯᠪᠠᠰᠤᠷᠠᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ ᠤᠨ | ᠦᠢᠯᠡᠰ ᠪᠠ ᠡᠳ᠋ ᠤᠨ ᠵᠠᠰᠠᠭ᠂ ᠠᠷᠠᠳ ᠤᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ ᠶᠢᠨ | ᠵᠠᠰᠠᠭ ᠵᠠᠬᠢᠷᠭ᠎ᠠ᠂ ᠲᠥᠯᠥᠪᠯᠡᠭᠡ ᠲᠠᠢ ᠪᠠᠷ ᠬᠡᠦᠬᠡᠳ ᠠᠪᠬᠤ ᠵᠡᠷᠭᠡ ᠵᠠᠰᠠᠭ ᠵᠠᠬᠢᠷᠭᠠᠨ ᠤ ᠠᠵᠢᠯ ᠢ ᠬᠠᠮᠢᠶᠠᠷᠤᠨ᠎ᠠ︔ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠣᠯᠭᠤᠭᠰᠠᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠡᠷᠬᠡ ᠶᠢ ᠬᠡᠷᠡᠭᠵᠢᠭᠦᠯᠦᠨ᠎ᠡ᠃ | 3. ᠨᠡᠶᠢᠭᠡᠮ ᠵᠢᠷᠤᠮ ᠤᠨ ᠠᠷᠠᠳ ᠨᠡᠶᠢᠲᠡ ᠶᠢᠨ ᠥᠮᠴᠢᠯᠡᠯ ᠤᠨ ᠡᠳ᠋ ᠬᠦᠷᠦᠩᠭᠡ ᠪᠠ ᠬᠥᠳᠡᠯᠮᠦᠷᠢᠴᠢᠨ | ᠲᠦᠮᠡᠨ ᠤ ᠬᠠᠮᠲᠤ ᠶᠢᠨ ᠥᠮᠴᠢᠯᠡᠯ ᠤᠨ ᠡᠳ᠋ ᠬᠦᠷᠦᠩᠭᠡ ᠶᠢ ᠬᠠᠮᠠᠭᠠᠯᠠᠵᠤ᠂ ᠠᠷᠠᠳ ᠢᠷᠭᠡᠨ ᠤ ᠬᠤᠪᠢ ᠶᠢᠨ | ᠥᠮᠴᠢᠯᠡᠯ ᠤᠨ ᠬᠠᠤᠯᠢ ᠶᠣᠰᠣᠨ ᠤ ᠡᠳ᠋ ᠬᠦᠷᠦᠩᠭᠡ ᠶᠢ ᠬᠠᠮᠠᠭᠠᠯᠠᠵᠤ᠂ ᠨᠡᠶᠢᠭᠡᠮ ᠤᠨ ᠡᠮᠬᠢ ᠵᠢᠷᠤᠮ ᠢ ᠬᠠᠮᠠᠭᠠᠯᠠᠵᠤ᠂ | ᠠᠷᠠᠳ ᠢᠷᠭᠡᠳ ᠤᠨ ᠪᠡᠶ᠎ᠡ ᠶᠢᠨ ᠡᠷᠬᠡ᠂ ᠠᠷᠠᠳᠴᠢᠯᠠᠯ ᠤᠨ ᠡᠷᠬᠡ ᠪᠠ ᠪᠤᠰᠤᠳ ᠡᠷᠬᠡ ᠶᠢ ᠪᠠᠲᠤᠯᠠᠨ᠎ᠠ᠃ | 4. ᠡᠯ᠎ᠡ ᠵᠦᠢᠯ ᠤᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠨ᠎ᠠ᠃ | 5. ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠢ ᠪᠠᠲᠤᠯᠠᠵᠤ᠂ ᠴᠥᠭᠡᠨ ᠲᠣᠭᠠᠲᠤ | ᠦᠨᠳᠦᠰᠦᠲᠡᠨ ᠤ ᠵᠠᠩ ᠳᠠᠳᠬᠠᠯ ᠢ ᠬᠦᠨᠳᠦᠳᠬᠡᠨ᠎ᠡ᠃ | 6. ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠡᠮᠡᠭᠲᠡᠶᠢᠴᠦᠳ ᠲᠤ ᠣᠯᠭᠤᠭᠰᠠᠨ ᠡᠷᠡᠭᠲᠡᠶ ᠡᠮᠡᠭᠲᠡᠶ | ᠡᠷᠬᠡ ᠲᠡᠭᠰᠢ ᠪᠠᠶᠢᠬᠤ᠂ ᠠᠳᠠᠯᠢ ᠠᠵᠢᠯ ᠳᠤ ᠠᠳᠠᠯᠢᠬᠠᠨ ᠬᠥᠯᠥᠰᠥ ᠤᠯᠬᠤ ᠪᠠ ᠤᠷᠤᠬ ᠤᠨ ᠶᠠᠪᠤᠳᠠᠯ ᠤᠨ ᠡᠷᠬᠡ | ᠴᠢᠯᠥᠭᠡᠲᠡᠶ ᠪᠠᠶᠢᠬᠤ ᠵᠡᠷᠭᠡ ᠡᠯ᠎ᠡ ᠵᠦᠢᠯ ᠤᠨ ᠡᠷᠬᠡ ᠠᠰᠢᠭ ᠢ ᠪᠠᠲᠤᠯᠠᠨ᠎ᠠ᠃ | 7. ᠳᠡᠭᠡᠳᠦ ᠱᠠᠲᠤᠨ ᠤ ᠵᠠᠰᠠᠭ ᠤᠨ ᠣᠷᠳᠣᠨ ᠪᠠ ᠪᠠᠯᠭᠠᠰᠤ ᠶᠢᠨ ᠨᠠᠮ ᠤᠨ ᠬᠤᠷᠢᠶᠠᠨ ᠤ ᠲᠤᠰᠢᠶᠠᠭᠰᠠᠨ | ᠪᠤᠰᠤᠳ ᠠᠵᠢᠯ ᠤᠳ ᠢ ᠪᠡᠶᠡᠯᠡᠭᠦᠯᠦᠨ᠎ᠡ᠃ | | |