ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠬᠠᠪᠰᠤᠷᠤᠨ ᠵᠢᠯᠣᠭᠤᠳᠤᠮᠵᠢ ᠶᠢᠨ ᠮᠠᠲ᠋ᠧᠷᠢᠶᠠᠯ ᠬᠡᠪᠯᠡᠭᠳᠡᠪᠡ
ᠨᠡᠶᠢᠲᠡᠯᠡᠭᠰᠡᠨ ᠴᠠᠭ᠄
2021/11/18
     ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 16 ᠤ ᠡᠳᠦᠷ ᠤᠨ ᠮᠡᠳᠡᠭᠡ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ᠂ ᠤᠯᠠᠨ ᠲᠦᠮᠡᠨ ᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠳᠤ ᠬᠠᠪᠰᠤᠷᠤᠯᠭ᠎ᠠ ᠦᠵᠡᠭᠦᠯᠬᠦ ᠶᠢᠨ ᠲᠤᠰᠠᠳᠠ᠂ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽︿ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠭᠡᠨ ᠲᠤᠷᠰᠢᠯᠭ᠎ᠠ ᠶᠢᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ﹀ ᠶᠢᠨ ᠬᠠᠪᠰᠤᠷᠤᠨ ᠵᠢᠯᠣᠭᠤᠳᠤᠮᠵᠢ ᠶᠢᠨ ᠤᠩᠰᠢᠬᠤ ᠪᠢᠴᠢᠭ︾᠂ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ︿ᠰᠢᠢᠳᠪᠦᠷᠢ﹀ ᠶᠢᠨ ᠰᠤᠷᠤᠯᠴᠠᠯᠭ᠎ᠠ ᠶᠢᠨ ᠬᠠᠪᠰᠤᠷᠤᠨ ᠵᠢᠯᠣᠭᠤᠳᠤᠮᠵᠢ ᠶᠢᠨ ᠵᠠᠭᠤᠨ ᠠᠰᠠᠭᠤᠯᠲᠠ︾ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠪᠢᠴᠢᠵᠦ᠂ ᠪᠦᠬᠦᠳᠠ ᠬᠤᠷᠠᠯ ᠤᠨ ︽ᠰᠢᠢᠳᠪᠦᠷᠢ︾ ᠶᠢᠨ ᠲᠤᠬᠠᠢ ᠪᠦᠬᠦ ᠲᠠᠯ᠎ᠠ ᠪᠠᠷ ᠲᠣᠳᠣᠷᠬᠠᠶᠢᠯᠠᠨ ᠥᠭᠦᠯᠡᠪᠡ᠂ ᠡᠨᠡ ᠪᠣᠯ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠬᠤ ᠡᠷᠬᠡ ᠰᠦᠷᠲᠦ ᠬᠠᠪᠰᠤᠷᠤᠨ ᠵᠢᠯᠣᠭᠤᠳᠤᠮᠵᠢ ᠶᠢᠨ ᠮᠠᠲ᠋ᠧᠷᠢᠶᠠᠯ ᠪᠣᠯᠤᠨ᠎ᠠ᠃ ᠲᠤᠰ ᠨᠣᠮ ᠳᠤ ᠶᠡᠷᠦᠩᠬᠡᠢ ᠱᠦᠵᠢ ᠰᠢ ᠶᠢᠨ ᠫᠢᠩ ᠤᠨ ᠪᠦᠬᠦᠳᠠ ᠬᠤᠷᠠᠯ ᠳᠡᠭᠡᠷ᠎ᠡ ᠬᠢᠭᠰᠡᠨ ︽︿ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠭᠡᠨ ᠲᠤᠷᠰᠢᠯᠭ᠎ᠠ ᠶᠢᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ﹀ ᠶᠢᠨ ᠲᠤᠬᠠᠢ ᠲᠣᠳᠣᠷᠬᠠᠶᠢᠯᠠᠯᠲᠠ︾ ᠶᠢ ᠣᠷᠣᠭᠤᠯᠪᠠ᠃      ᠣᠶᠢᠷ᠎ᠠ ᠳᠤ᠂ ︽︿ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠭᠡᠨ ᠲᠤᠷᠰᠢᠯᠭ᠎ᠠ ᠶᠢᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ﹀ ᠶᠢᠨ ᠬᠠᠪᠰᠤᠷᠤᠨ ᠵᠢᠯᠣᠭᠤᠳᠤᠮᠵᠢ ᠶᠢᠨ ᠤᠩᠰᠢᠬᠤ ᠪᠢᠴᠢᠭ︾ ᠢ ᠠᠷᠠᠳ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠦᠨ ᠲᠠᠷᠬᠠᠭᠠᠵᠤ᠂ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ︿ᠰᠢᠢᠳᠪᠦᠷᠢ﹀ ᠶᠢᠨ ᠰᠤᠷᠤᠯᠴᠠᠯᠭ᠎ᠠ ᠶᠢᠨ ᠬᠠᠪᠰᠤᠷᠤᠨ ᠵᠢᠯᠣᠭᠤᠳᠤᠮᠵᠢ ᠶᠢᠨ ᠵᠠᠭᠤᠨ ᠠᠰᠠᠭᠤᠯᠲᠠ︾ ᠶᠢ ᠨᠠᠮ ᠤᠨ ᠪᠠᠶᠢᠭᠤᠯᠤᠯᠲᠠ ᠶᠢᠨ ᠤᠩᠰᠢᠬᠤ ᠪᠢᠴᠢᠭ ᠤᠨ ᠬᠡᠪᠯᠡᠯ ᠤᠨ ᠬᠤᠷᠢᠶ᠎ᠠ᠂ ᠰᠤᠷᠤᠯᠴᠠᠯᠭ᠎ᠠ ᠶᠢᠨ ᠬᠡᠪᠯᠡᠯ ᠤᠨ ᠬᠤᠷᠢᠶ᠎ᠠ ᠠᠴᠠ ᠬᠡᠪᠯᠡᠭᠦᠯᠦᠨ ᠲᠠᠷᠬᠠᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号