2021 ᠣᠨ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠲᠣᠭᠲᠠᠯᠴᠠᠭ᠎ᠠ ᠶᠢᠨ ᠪᠠᠶᠢᠭᠤᠯᠤᠯᠲᠠ ᠳᠤ | ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠱᠠᠲᠤ ᠬᠤᠯᠪᠣᠭᠠᠯᠠᠨ ᠬᠥᠳᠡᠯᠦᠯᠴᠡᠬᠦ᠂ ᠣᠯᠠᠨ ᠲᠠᠯ᠎ᠠ ᠬᠠᠷᠢᠯᠴᠠᠨ | ᠬᠠᠮᠵᠢᠯᠴᠠᠬᠤ ᠵᠠᠭᠪᠤᠷ ᠶᠣᠰᠣᠭᠠᠷ᠂ ᠲᠦᠷᠭᠡᠨ ᠪᠥᠭᠡᠳ ᠥᠨᠳᠥᠷ ᠪᠦᠲᠦᠮᠵᠢᠲᠡᠶ ᠪᠠᠷ ᠬᠠᠮᠵᠢᠯᠴᠠᠨ ᠬᠠᠮᠠᠭᠠᠯᠠᠬᠤ | ᠪᠠᠶᠢᠷᠢᠰᠢᠯ ᠢ ᠪᠦᠷᠢᠨᠰᠢᠬᠦᠯᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠵᠢᠯᠴᠠᠨ ᠬᠠᠮᠠᠭᠠᠯᠠᠬᠤ ︽ᠨᠢᠭᠡ | ᠥᠷᠲᠡᠭᠡᠴᠢᠯᠡᠭᠰᠡᠨ ᠮᠠᠶ᠋ᠢᠭ︾ ᠤᠨ ᠲᠠᠪᠴᠠᠩ ᠢ ᠪᠠᠶᠢᠭᠤᠯᠪᠠ᠃ | ᠨᠢᠭᠡ ᠳᠤ᠂ ᠡᠷᠬᠡ ᠪᠠᠨ ᠬᠠᠮᠠᠭᠠᠯᠠᠬᠤ ᠲᠤᠰᠠᠯᠠᠮᠵᠢ ᠶᠢᠨ ᠦᠢᠯᠡᠴᠢᠯᠡᠭᠡᠨ ᠤ ︽ᠨᠢᠭᠡ ᠲᠣᠣᠷ ᠰᠦᠯᠵᠢᠶ᠎ᠡ︾ ᠶᠢ | ᠪᠠᠶᠢᠭᠤᠯᠪᠠ᠃ ᠪᠥᠬᠦ ᠣᠷᠣᠨ ᠤ ᠲᠦᠷᠦᠭᠦᠤ ᠪᠦᠯᠦᠭ ᠤᠨ 38 ᠬᠤᠪᠢᠶᠠᠷᠢ ᠲᠥᠪ ︵ᠠᠵᠢᠯᠯᠠᠬᠤ ᠥᠷᠲᠡᠭᠡ︶ ᠢ | ᠴᠤᠬᠤᠯᠠᠪᠤᠷᠢᠯᠠᠨ ᠪᠠᠶᠢᠭᠤᠯᠵᠤ᠂ ᠡᠷᠬᠡ ᠪᠠᠨ ᠬᠠᠮᠠᠭᠠᠯᠠᠬᠤ ᠳᠤ ᠲᠤᠰᠠᠯᠠᠨ ᠳᠡᠮᠵᠢᠬᠦ ᠦᠢᠯᠡᠴᠢᠯᠡᠭᠡ ᠶᠢ ᠦᠨᠳᠦᠰᠦᠨ | ᠱᠠᠲᠤᠨ ᠲᠡᠶᠢᠰᠢ ᠥᠷᠭᠡᠳᠬᠡᠬᠦ ᠶᠢ ᠠᠬᠢᠭᠤᠯᠤᠨ᠂ ᠦᠢᠯᠡᠴᠢᠯᠡᠭᠡᠨ ᠤ ᠴᠡᠭ ᠤᠨ ᠪᠠᠶᠢᠷᠢᠰᠢᠭᠤᠯᠤᠯᠲᠠ ᠶᠢ ᠴᠢᠩᠭᠠᠳᠬᠠᠪᠠ᠃ | ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠷᠬᠡ ᠪᠠᠨ ᠬᠠᠮᠠᠭᠠᠯᠠᠬᠤ ᠳᠤ ᠲᠤᠰᠠᠯᠠᠮᠵᠢ ᠦᠵᠡᠭᠦᠯᠬᠦ ᠪᠠᠶᠢᠭᠤᠯᠤᠮᠵᠢ ᠶᠢᠨ | ᠳᠣᠲᠣᠭᠠᠳᠤ ᠶᠢᠨ ᠬᠠᠮᠢᠶᠠᠷᠤᠯᠲᠠ ᠶᠢ ᠪᠦᠷᠢᠨᠰᠢᠭᠦᠯᠪᠡ᠃ ᠡᠯ᠎ᠡ ᠵᠦᠢᠯ ᠤᠨ ᠳᠣᠲᠣᠭᠠᠳᠤ ᠶᠢᠨ ᠬᠠᠮᠢᠶᠠᠷᠤᠯᠲᠠ ᠶᠢᠨ | ᠲᠥᠷᠢᠮ ᠢ ᠪᠥᠷᠢᠨᠰᠢᠬᠦᠯᠵᠤ᠂ ᠬᠢᠨᠠᠨ ᠰᠢᠯᠭᠠᠬᠤ ᠲᠣᠭᠲᠠᠴᠠ ᠶᠢ ᠴᠢᠩᠭᠠᠷᠠᠭᠤᠯᠤᠨ᠂ ︽ᠥᠪᠡᠷᠲᠡᠭᠡᠨ ᠵᠠᠰᠠᠬᠤ ᠣᠷᠣᠨ᠂ | ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶︾ ᠭᠤᠷᠪᠠᠨ ᠱᠠᠲᠤᠨ ᠤ ᠡᠷᠬᠡ ᠠᠰᠢᠭ ᠢ | ᠬᠠᠮᠠᠭᠠᠯᠠᠬᠤ ᠲᠠᠪᠴᠠᠩ ᠤᠨ ᠪᠠᠶᠢᠭᠤᠯᠤᠯᠲᠠ ᠶᠢ ᠲᠡᠭᠦᠯᠳᠡᠷᠵᠢᠭᠦᠯᠪᠡ᠃ | ᠬᠤᠶᠠᠷ ᠲᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠢᠭᠤᠷᠠᠯᠳᠤᠭᠠᠨ ᠢ ᠤᠯᠠᠨ ᠡᠰᠢᠵᠢᠬᠦᠯᠦᠨ | ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠪᠡ᠃ 9 ᠳ᠋ᠦ᠋ᠭᠡᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ | ᠠᠴᠠ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ | ᠬᠡᠪᠯᠡᠯ ᠤᠨ ᠡᠷᠬᠡ ᠶᠢᠨ ᠲᠣᠪᠴᠢᠶ᠎ᠠ ᠲᠠᠢ ᠬᠠᠮᠲᠤᠷᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠢᠭᠤᠷᠠᠯᠳᠤᠭᠠᠨ ᠤ ᠠᠷᠠᠳ ᠤᠨ ᠡᠶᠡᠳᠡᠭᠦᠯᠬᠦ ᠵᠥᠪᠯᠡᠯ ᠢ ᠪᠠᠶᠢᠭᠤᠯᠵᠤ᠂ | ᠲᠤᠰᠬᠠᠶ ᠠᠰᠢᠭ᠂ ᠲᠠᠸᠠᠷ ᠤᠨ ᠲᠡᠮᠳᠡᠭ᠂ ᠬᠡᠪᠯᠡᠯ ᠤᠨ ᠡᠷᠬᠡ ᠵᠡᠷᠭᠡ ᠮᠡᠳᠡᠯᠭᠡ ᠶᠢᠨ ᠥᠮᠴᠢᠯᠡᠯ ᠤᠨ ᠡᠷᠬᠡ ᠶᠢᠨ | ᠵᠢᠭᠤᠷᠠᠯᠳᠤᠭᠠᠨ ᠢ ᠡᠶᠡᠳᠡᠭᠦᠯᠬᠦ ᠠᠵᠢᠯ ᠢ ᠥᠷᠨᠢᠭᠦᠯᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠢᠭᠤᠷᠠᠯᠳᠤᠭᠠᠨ ᠤ | ᠵᠠᠰᠠᠭ ᠵᠠᠬᠢᠷᠭᠠᠨ ᠤ ᠲᠠᠰᠤᠯᠤᠯᠲᠠ᠂ ᠵᠠᠰᠠᠭ ᠵᠠᠬᠢᠷᠭᠠᠨ ᠤ ᠡᠶᠡᠳᠡᠭᠦᠯᠭᠡ ᠪᠠ ᠠᠷᠠᠳ ᠤᠨ ᠡᠶᠡᠳᠡᠭᠦᠯᠭᠡ ᠵᠡᠷᠭᠡ ᠪᠠᠷ | ᠣᠯᠠᠨ ᠡᠰᠢᠴᠢᠯᠡᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠮᠡᠳᠡᠯᠭᠡ ᠶᠢᠨ | ᠥᠮᠴᠢᠯᠡᠯ ᠤᠨ ᠡᠷᠬᠡ ᠶᠢᠨ ᠵᠢᠭᠤᠷᠠᠯᠳᠤᠭᠠᠨ ᠢ ᠰᠢᠢᠳᠪᠦᠷᠢᠯᠡᠬᠦ ᠳᠤ ᠬᠦᠴᠢᠷᠲᠡᠶ᠂ ᠬᠡᠷᠡᠭᠰᠡᠬᠦ ᠴᠠᠭ ᠨᠢ ᠤᠷᠲᠤ ᠵᠡᠷᠭᠡ | ᠠᠰᠠᠭᠤᠳᠠᠯ ᠢ ᠬᠥᠩᠭᠡᠷᠡᠭᠦᠯᠪᠡ᠃ | ᠭᠤᠷᠪᠠ ᠳᠤ᠂ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠵᠢᠯᠴᠠᠨ ᠬᠠᠮᠠᠭᠠᠯᠠᠬᠤ ᠲᠣᠭᠲᠠᠴᠠ ᠶᠢ | ᠲᠡᠭᠦᠯᠳᠡᠷᠵᠢᠭᠦᠯᠪᠡ᠃ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠬᠢᠭᠡᠳ | ᠥᠪᠡᠷᠲᠡᠭᠡᠨ ᠵᠠᠰᠠᠬᠤ ᠣᠷᠣᠨ ᠤ ᠬᠡᠪᠯᠡᠯ ᠤᠨ ᠡᠷᠬᠡ ᠶᠢᠨ ᠲᠣᠪᠴᠢᠶ᠎ᠠ ᠠᠴᠠ ᠬᠡᠪᠯᠡᠯ ᠤᠨ ᠡᠷᠬᠡ ᠶᠢᠨ | ᠬᠠᠮᠠᠭᠠᠯᠠᠯᠲᠠ ᠶᠢᠨ ᠬᠠᠮᠵᠢᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠥᠪᠡᠷᠲᠡᠭᠡᠨ ᠵᠠᠰᠠᠬᠤ | ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠭᠠᠵᠠᠷ ᠲᠠᠰᠤᠭ | ᠲᠣᠪᠴᠢᠶ᠎ᠠ ᠳᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠵᠢᠯᠴᠠᠨ ᠬᠠᠮᠠᠭᠠᠯᠠᠬᠤ ᠲᠣᠭᠲᠠᠴᠠ ᠪᠠ | ᠬᠠᠮᠲᠤᠷᠠᠯᠴᠠᠬᠤ ᠲᠣᠭᠲᠠᠴᠠ ᠶᠢ ᠪᠠᠶᠢᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠤᠯᠢ ᠬᠡᠷᠡᠭᠵᠢᠭᠦᠯᠦᠨ | ᠬᠠᠮᠵᠢᠯᠴᠠᠨ ᠠᠵᠢᠯᠯᠠᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠢ ᠰᠢᠯᠢᠳᠡᠭᠵᠢᠭᠦᠯᠬᠦ ᠶᠢ ᠠᠬᠢᠭᠤᠯᠪᠠ᠃ | | |