11 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠨᠢᠭᠡᠳᠦᠭᠡᠷ ᠬᠤᠷᠠᠯ | ᠳᠤᠭᠤᠶᠢᠯᠠᠩ ᠬᠠᠮᠲᠤᠷᠠᠭᠰᠠᠨ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠭᠤᠤᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢ ᠠᠬᠢᠭᠤᠯᠵᠤ᠂ ᠰᠠᠭᠤᠭᠠᠯᠢ ᠠᠷᠠᠳ ᠤᠨ ᠣᠷᠣᠯᠭ᠎ᠠ ᠶᠢ | ᠨᠡᠮᠡᠭᠳᠡᠭᠦᠯᠦᠭᠰᠡᠨ ᠪᠠᠶᠢᠳᠠᠯ ᠢ ᠲᠤᠰᠬᠠᠶ ᠰᠡᠳᠦᠪ ᠢᠶᠠᠷ ᠠᠰᠠᠭᠤᠨ ᠯᠠᠪᠯᠠᠪᠠ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠪᠠᠶᠢᠩᠭᠤ ᠶᠢᠨ ᠳᠡᠳ᠋ ᠡᠷᠬᠢᠯᠡᠭᠴᠢ ᠨᠠᠰᠤᠨᠮᠦ᠋ᠡᠭᠭᠡ᠂ ᠳᠡᠳ᠋ ᠡᠷᠬᠢᠯᠡᠭᠴᠢ ᠸᠠᠩ ᠪᠥᠸᠧ᠂ ᠯᠢ ᠷᠦᠡᠭ ᠰᠢ᠂ | ᠯᠢᠶᠠᠨ ᠰᠤ᠋᠂ ᠵᠠᠩ ᠶᠤᠸᠠᠨ ᠵᠥᠩ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠬᠤᠷᠠᠯ ᠳᠤ ᠣᠷᠣᠯᠴᠠᠵᠤ᠂ | ᠳᠡᠳ᠋ ᠡᠷᠬᠢᠯᠡᠭᠴᠢ ᠾᠧ ᠶᠠᠨ ᠯᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ | ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠣᠪᠣᠷ ᠢᠶᠠᠨ ᠢᠯᠡᠳᠭᠡᠬᠦ ᠦᠭᠡ ᠬᠡᠯᠡᠵᠡᠢ᠃ | ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 4 ᠭᠡᠰᠢᠭᠦᠨ ᠪᠣᠯᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 1 ᠲᠥᠯᠥᠭᠡᠯᠡᠭᠴᠢ ᠠᠴᠠ ᠬᠡᠷᠬᠢᠨ ᠳᠤᠮᠳᠠ ᠪᠠᠭ᠎ᠠ | ᠵᠢᠵᠢᠭ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠶᠢ ᠬᠠᠪᠰᠤᠷᠴᠤ | ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠳᠡᠮᠵᠢᠭᠰᠡᠨ᠂ ᠬᠥᠯᠥᠰᠥᠨ ᠠᠵᠢᠯᠴᠢᠨ ᠤ ᠴᠠᠯᠢᠩ ᠥᠷᠢᠲᠦᠬᠦ | ᠠᠰᠠᠭᠤᠳᠠᠯ ᠢ ᠬᠡᠷᠬᠢᠨ ᠰᠢᠢᠳᠪᠦᠷᠢᠯᠡᠭᠰᠡᠨ᠂ ᠮᠠᠨ ᠤ ᠣᠷᠣᠨ ᠭᠤᠤᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢ | ᠠᠬᠢᠭᠤᠯᠵᠤ᠂ ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ ᠲᠠᠯ᠎ᠠ ᠪᠠᠷ ᠶᠠᠮᠠᠷ | ᠶᠠᠮᠠᠷ ᠠᠷᠭ᠎ᠠ ᠬᠡᠮᠵᠢᠶ᠎ᠡ ᠠᠪᠤᠭᠰᠠᠨ ᠵᠡᠷᠭᠡ ᠠᠳᠠᠯᠢ ᠪᠤᠰᠤ ᠬᠠᠷᠠᠭᠠᠰᠤ ᠠᠴᠠ ᠲᠤᠰᠬᠠᠶ ᠰᠡᠳᠦᠪ ᠢᠶᠠᠷ ᠠᠰᠠᠭᠤᠨ | ᠯᠠᠪᠯᠠᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠬᠤᠷᠠᠯ ᠳᠤ ᠣᠷᠣᠯᠴᠠᠵᠤ ᠬᠠᠷᠢᠭᠤᠯᠲᠠ ᠥᠭᠪᠡ᠃ | ᠴᠢ᠊ ᠪᠠᠲᠤ ᠣᠪᠣᠷ ᠢᠶᠠᠨ ᠢᠯᠡᠳᠭᠡᠬᠦ ᠦᠭᠡᠨ ᠳᠡᠭᠡᠨ᠂ ᠭᠡᠰᠢᠭᠦᠳ᠂ ᠲᠥᠯᠥᠭᠡᠯᠡᠭᠴᠢ ᠶᠢᠨ ᠳᠤᠷᠠᠳᠤᠭᠰᠠᠨ | ᠰᠠᠨᠠᠯ ᠰᠠᠨᠠᠭᠤᠯᠭ᠎ᠠ ᠨᠢ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠣᠳᠠᠲᠤ ᠪᠠᠶᠢᠳᠠᠯ ᠲᠠᠢ ᠨᠡᠶᠢᠴᠡᠬᠦ ᠪᠠᠷ ᠪᠠᠷᠠᠬᠤ | ᠥᠬᠡᠶ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠤᠯᠠᠮ ᠴᠢᠨᠠᠭᠰᠢᠳᠠ ᠭᠦᠨᠵᠡᠭᠡᠶ | ᠬᠡᠷᠡᠭᠵᠢᠭᠦᠯᠵᠦ᠂ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢ | ᠪᠠᠲᠤᠯᠠᠵᠤ ᠠᠷᠠᠳ ᠤᠨ ᠠᠮᠢᠳᠤᠷᠠᠯ ᠢ ᠪᠠᠲᠤᠯᠠᠬᠤ ᠠᠵᠢᠯ ᠢ ᠰᠠᠶᠢᠲᠤᠷ ᠠᠳᠬᠤᠬᠤ ᠳᠤ ᠴᠢᠬᠤᠯᠠ ᠦᠢᠯᠡᠳᠦᠯ ᠲᠠᠢ | ᠶᠤᠮ᠃ ᠲᠠᠷᠠᠭᠠᠴᠢ ᠪᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠵᠢᠯ ᠣᠯᠭᠤᠯᠲᠠ ᠶᠢᠨ | ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠦᠨ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ | ᠨᠢᠭᠲᠠ ᠤᠶᠠᠯᠳᠤᠭᠤᠯᠤᠨ᠂ ᠵᠠᠰᠠᠭ ᠤᠨ ᠣᠷᠳᠣᠨ ᠤ ᠠᠵᠢᠯ ᠣᠯᠭᠤᠯᠲᠠ ᠶᠢ ᠠᠬᠢᠭᠤᠯᠬᠤ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠠᠵᠢᠯ ᠣᠯᠭᠤᠯᠲᠠ ᠶᠢ ᠳᠠᠶᠢᠴᠢᠯᠠᠬᠤ ᠳᠠᠯᠳᠠ ᠬᠦᠴᠦᠨ ᠢ | ᠪᠠᠳᠠᠷᠠᠭᠤᠯᠤᠨ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠬᠦᠴᠦᠯᠡᠨ ᠰᠢᠯᠢᠳᠡᠭᠵᠢᠭᠦᠯᠵᠦ᠂ | ᠠᠵᠢᠯ ᠣᠯᠭᠤᠯᠲᠠ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠢᠶᠠᠨ | ᠠᠬᠢᠭᠤᠯᠤᠨ᠎ᠠ ᠭᠡᠵᠦ ᠢᠯᠡᠷᠭᠡᠶᠢᠯᠡᠪᠡ᠃ | ᠬᠤᠷᠠᠯ ᠠᠴᠠ᠂ ᠠᠵᠢᠯ ᠣᠯᠭᠤᠯᠲᠠ ᠶᠢ ᠠᠵᠤ ᠠᠬᠤᠶ ᠨᠡᠶᠢᠭᠡᠮ ᠤᠨ ᠬᠥᠭᠵᠢᠯᠲᠡ ᠪᠣᠯᠤᠨ ᠬᠤᠷᠸ᠎ᠠ | ᠲᠥᠷᠥ ᠶᠢᠨ ᠪᠣᠳᠣᠯᠭ᠎ᠠ ᠶᠢᠨ ᠲᠡᠷᠢᠭᠦᠨ ᠪᠠᠶᠢᠷᠢᠨ ᠳᠤ ᠲᠠᠯᠪᠢᠵᠤ᠂ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ | ᠴᠢᠩᠭᠠᠳᠬᠠᠨ᠂ ᠵᠠᠬ᠎ᠠ ᠳᠡᠯᠭᠡᠭᠦᠷ ᠢᠶᠠᠷ ᠭᠤᠤᠯᠯᠠᠭᠤᠯᠬᠤ ᠶᠢ ᠪᠠᠷᠢᠮᠲᠠᠯᠠᠵᠤ᠂ ᠭᠤᠤᠯᠳᠠᠯᠭ᠎ᠠ ᠲᠠᠢ ᠬᠥᠮᠦᠰ ᠤᠨ ᠨᠠᠩ | ᠭᠦᠢᠴᠡᠳ ᠨᠠᠩ ᠴᠢᠨᠠᠷ ᠰᠠᠶᠢᠲᠠᠶ ᠠᠵᠢᠯ ᠣᠯᠭᠤᠯᠲᠠ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠶ᠃ ᠬᠠᠤᠯᠢ ᠴᠠᠭᠠᠵᠠ | ᠪᠣᠯᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠴᠢᠨᠠᠭᠰᠢᠳᠠ ᠨᠠᠷᠢᠯᠢᠭᠵᠢᠭᠤᠯᠵᠤ᠂ ᠣᠨᠢᠨ | ᠳᠡᠭᠡᠷ᠎ᠡ ᠨᠢ ᠬᠦᠴᠦᠯᠡᠵᠦ᠂ ᠬᠠᠷᠠᠯᠲᠠ ᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠢᠯ ᠣᠯᠭᠤᠯᠲᠠ ᠶᠢ | ᠤᠷᠢᠳ ᠢᠶᠠᠷ ᠪᠣᠳᠣᠯᠬᠢᠯᠠᠬᠤ ᠲᠥᠷᠥ ᠶᠢᠨ ᠪᠣᠳᠣᠯᠭ᠎ᠠ ᠶᠢ ᠴᠢᠩᠭᠠᠳᠬᠠᠵᠤ᠂ ᠠᠵᠢᠯ ᠣᠯᠭᠤᠯᠲᠠ ᠶᠢ ᠮᠥᠷᠳᠡᠬᠦ ᠪᠠ | ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠶᠢ ᠦᠷᠭᠦᠯᠵᠢᠯᠡᠨ ᠥᠷᠨᠢᠭᠦᠯᠵᠦ᠂ ᠠᠵᠢᠯ ᠣᠯᠭᠤᠯᠲᠠ ᠶᠢᠨ | ᠬᠤᠷᠢᠭ᠎ᠠ ᠱᠤᠭᠤᠮ ᠢ ᠡᠷᠡᠰ ᠲᠣᠭᠲᠠᠪᠤᠷᠢᠵᠢᠭᠤᠯᠬᠤ ᠬᠡᠷᠡᠭᠲᠡᠶ᠃ ᠴᠢᠨᠠᠷ ᠰᠠᠶᠢᠲᠠᠢ ᠬᠥᠭᠵᠢᠯᠲᠡ ᠡᠨᠡ ᠬᠦ | ᠵᠠᠩᠭᠢᠯᠠᠭ᠎ᠠ ᠶᠢ ᠴᠢᠩᠭ᠎ᠠ ᠠᠳᠬᠤᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠠᠵᠤ ᠠᠬᠤᠶᠢᠯᠠᠯ ᠢ | ᠲᠣᠭᠲᠠᠪᠤᠷᠢᠵᠢᠭᠤᠯᠬᠤ᠂ ᠠᠵᠤ ᠦᠢᠯᠡᠰ ᠢ ᠲᠣᠭᠲᠠᠪᠤᠷᠢᠵᠢᠭᠤᠯᠬᠤ ᠶᠢ ᠪᠡᠶᠡᠯᠡᠭᠦᠯᠵᠦ᠂ ᠠᠵᠢᠯ ᠣᠯᠭᠤᠯᠲᠠ ᠳᠤ ︽ | ᠠᠮᠢᠵᠢᠷᠠᠯ ᠤᠨ ᠬᠦᠴᠦᠨ︾ ᠨᠡᠮᠡᠷᠢᠯᠡᠬᠦ ᠬᠡᠷᠡᠭᠲᠡᠢ᠃ ᠠᠵᠢᠯ ᠣᠯᠭᠤᠯᠲᠠ ᠶᠢᠨ ᠰᠢᠰᠲ᠋ᠧᠮ ᠢ ᠤᠯᠠᠮ ᠴᠢᠨᠠᠭᠰᠢᠳᠠ | ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ ᠦᠢᠯᠡᠰ ᠪᠤᠰᠬᠠᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ | ᠵᠢᠷᠤᠮᠵᠢᠭᠰᠠᠨ᠂ ᠳᠥᠭᠦᠮ ᠳᠥᠲᠡ᠂ ᠥᠨᠳᠥᠷ ᠪᠦᠲᠦᠮᠵᠢᠲᠡᠢ ᠤᠯᠠᠨ ᠨᠡᠶᠢᠲᠡ ᠶᠢᠨ ᠠᠵᠢᠯ ᠣᠯᠭᠤᠯᠲᠠ ᠶᠢᠨ | ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠬᠦᠴᠦᠨ ᠢᠶᠠᠨ ᠲᠥᠪᠯᠡᠷᠡᠭᠦᠯᠦᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠵᠦ᠂ ᠤᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ | ᠣᠯᠭᠤᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠪᠦᠷᠢᠯᠳᠦᠬᠦᠨ ᠨᠡᠷ ᠤᠨ ᠬᠢᠨᠠᠨ ᠵᠥᠪᠯᠡᠭᠰᠡᠨ ᠦᠭᠡ ᠪᠠ ᠠᠰᠠᠭᠤᠨ ᠯᠠᠪᠯᠠᠬᠰᠠᠨ ᠰᠠᠨᠠᠯ ᠲᠠᠢ | ᠤᠶᠠᠯᠳᠤᠭᠤᠯᠤᠨ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠶ ᠰᠤᠳᠤᠯᠵᠤ᠂ | ᠲᠣᠭᠲᠠᠭᠠᠯ ᠶᠣᠰᠣᠭᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠳᠤ ᠰᠤᠳᠤᠯᠤᠨ ᠰᠢᠢᠳᠪᠦᠷᠢᠯᠡᠭᠰᠡᠨ ᠪᠠᠶᠢᠳᠠᠯ ᠢᠶᠠᠨ ᠬᠠᠷᠢᠭᠤ ᠲᠤᠰᠬᠠᠬᠤ ᠬᠡᠷᠡᠭᠲᠡᠶ ᠭᠡᠵᠦ | ᠴᠢᠬᠤᠯᠠᠴᠢᠯᠠᠪᠠ᠃ | | |