ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠤᠬᠠᠰᠢᠶᠠᠲᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2021/11/18
     ᠠᠷᠤᠬᠠᠰᠢᠶᠠᠲᠤ ᠪᠠᠯᠭᠠᠰᠤ ᠶᠢᠨ ᠨᠠᠮ ᠤᠨ ᠬᠤᠷᠢᠶ᠎ᠠ ᠪᠣᠯ ᠲᠤᠰ ᠪᠠᠯᠭᠠᠰᠤ ᠶᠢᠨ ᠤᠳᠤᠷᠢᠳᠬᠤ ᠪᠠᠶᠢᠭᠤᠯᠭ᠎ᠠ ᠮᠦᠨ᠂ ᠠᠷᠤᠬᠠᠰᠢᠶᠠᠲᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯ ᠤᠯᠤᠰ ᠤᠨ ᠦᠨᠳᠦᠰᠦᠨ ᠱᠠᠲᠤᠨ ᠤ ᠵᠠᠰᠠᠭ ᠤᠨ ᠡᠷᠬᠡᠲᠦ ᠵᠣᠬᠢᠶᠠᠨ ᠪᠠᠶᠢᠭᠤᠯᠤᠯᠲᠠ ᠮᠦᠨ᠂ ᠵᠢᠩᠬᠢᠨᠢ ᠰᠠᠯᠠᠭᠠᠨ ᠳᠡᠰ᠃      ᠨᠢᠭᠡ᠂ ᠭᠤᠣᠯ ᠡᠭᠦᠷᠭᠡ ᠬᠠᠷᠢᠭᠤᠴᠠᠯᠭ᠎ᠠ      ︵ᠨᠢᠭᠡ︶ ᠨᠠᠮ ᠤᠨ ᠬᠤᠷᠢᠶ᠎ᠠ ᠶᠢᠨ ᠭᠤᠣᠯ ᠡᠭᠦᠷᠭᠡ ᠬᠠᠷᠢᠭᠤᠴᠠᠯᠭ᠎ᠠ      1. ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠪᠠ ᠨᠠᠮ ᠤᠨ ᠲᠥᠪ ᠬᠤᠷᠢᠶ᠎ᠠ᠂ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠢᠴᠢ ᠲᠤᠰ ᠪᠠᠯᠭᠠᠰᠤ ᠶᠢᠨ ᠨᠠᠮ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ︵ᠨᠠᠮ ᠤᠨ ᠭᠡᠰᠢᠭᠦᠳ ᠤᠨ ᠶᠡᠭᠡ ᠬᠤᠷᠠᠯ︶ ᠤᠨ ᠰᠢᠢᠳᠪᠦᠷᠢ ᠶᠢ ᠤᠬᠠᠭᠤᠯᠬᠤ ᠪᠠ ᠲᠤᠤᠱᠯᠠᠭᠤᠯᠤᠨ ᠬᠡᠷᠡᠭᠵᠢᠭᠦᠯᠦᠨ᠎ᠡ᠃      2. ᠲᠣᠰ ᠪᠠᠯᠭᠠᠰᠤ ᠶᠢᠨ ᠠᠵᠤ ᠠᠬᠤᠶ ᠶᠢᠨ ᠪᠠᠶᠢᠭᠤᠯᠤᠯᠲᠠ᠂ ᠤᠯᠤᠰ ᠲᠥᠷᠥ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠᠬᠢ ᠴᠢᠬᠤᠯᠠ ᠶᠡᠭᠡ ᠠᠰᠠᠭᠤᠳᠠᠯ ᠤᠳ ᠢ ᠶᠠᠷᠢᠯᠴᠠᠨ ᠲᠣᠭᠲᠠᠭᠠᠨ᠎ᠠ᠃ ᠪᠠᠯᠭᠠᠰᠤ ᠶᠢᠨ ᠵᠠᠰᠠᠭ ᠤᠨ ᠡᠷᠬᠡᠲᠦ ᠪᠠᠶᠢᠭᠤᠯᠭ᠎ᠠ ᠪᠤᠶᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠠᠴᠠ ᠲᠣᠭᠲᠠᠭᠠᠬᠤ ᠴᠢᠬᠤᠯᠠᠲᠠᠶ ᠴᠢᠬᠤᠯᠠ ᠵᠦᠢᠯᠡᠰ ᠢ ᠪᠠᠯᠭᠠᠰᠤ ᠶᠢᠨ ᠨᠠᠮ ᠤᠨ ᠬᠤᠷᠢᠶ᠎ᠠ ᠪᠠᠷ ᠰᠤᠳᠤᠯᠤᠨ ᠶᠠᠷᠢᠯᠴᠠᠭᠤᠯᠤᠭᠰᠠᠨ ᠤ ᠳᠠᠷᠠᠭ᠎ᠠ᠂ ᠪᠠᠯᠭᠠᠰᠤ ᠶᠢᠨ ᠵᠠᠰᠠᠭ ᠤᠨ ᠡᠷᠬᠡᠲᠦ ᠪᠠᠶᠢᠭᠤᠯᠭ᠎ᠠ ᠪᠤᠶᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠠᠴᠠ ᠬᠠᠤᠯᠢ ᠴᠠᠭᠠᠵᠠ ᠪᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠣᠭᠲᠠᠭᠠᠯ ᠭᠠᠷᠭᠠᠨ᠎ᠠ᠃      3. ᠪᠠᠯᠭᠠᠰᠤ ᠶᠢᠨ ᠵᠠᠰᠠᠭ ᠤᠨ ᠡᠷᠬᠡᠲᠦ ᠪᠠᠶᠢᠭᠤᠯᠭ᠎ᠠ᠂ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠪᠠ ᠪᠤᠰᠤᠳ ᠡᠯ᠎ᠡ ᠲᠦᠷᠦᠯ ᠤᠨ ᠵᠣᠬᠢᠶᠠᠨ ᠪᠠᠶᠢᠭᠤᠯᠤᠯᠲᠠ ᠶᠢ ᠤᠳᠤᠷᠢᠳᠴᠤ᠂ ᠵᠢᠯᠣᠭᠤᠳᠬᠤ ᠪᠠ ᠵᠢᠷᠤᠮᠵᠢᠭᠤᠯᠬᠤ ᠶᠢ ᠴᠢᠩᠭᠠᠳᠬᠠᠵᠤ᠂ ᠡᠳᠡᠭᠡᠷ ᠪᠠᠶᠢᠭᠤᠯᠭ᠎ᠠ ᠪᠠ ᠵᠣᠬᠢᠶᠠᠨ ᠪᠠᠶᠢᠭᠤᠯᠤᠯᠲᠠ ᠶᠢᠨ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠤᠰ ᠲᠤᠰ ᠤᠨ ᠲᠦᠷᠢᠮ ᠤᠨ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠳᠡᠮᠵᠢᠬᠦ ᠪᠠ ᠪᠠᠲᠤᠯᠠᠨ᠎ᠠ᠃      4. ᠪᠠᠯᠭᠠᠰᠤ ᠶᠢᠨ ᠨᠠᠮ ᠤᠨ ᠬᠤᠷᠢᠶᠠᠨ ᠤ ᠲᠣᠰ ᠪᠡᠶ᠎ᠡ ᠶᠢᠨ ᠪᠠᠶᠢᠭᠤᠯᠤᠯᠲᠠ ᠪᠠ ᠭᠠᠴᠠᠭ᠎ᠠ ︵ᠨᠡᠶᠢᠭᠡᠮ ᠲᠣᠭᠤᠷᠢᠭ︶ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠵᠢᠴᠢ ᠪᠠᠯᠭᠠᠰᠤᠨ ᠤ ᠬᠠᠷᠢᠶᠠᠨ ᠳᠠᠬᠢ ᠪᠣᠰᠣᠳ ᠨᠠᠮ ᠤᠨ ᠬᠤᠷᠢᠶ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠭᠡᠰᠢᠭᠦᠨ ᠡᠯᠰᠡᠬᠦ ᠠᠵᠢᠯ ᠢ ᠰᠠᠶᠢᠲᠤᠷ ᠠᠳᠬᠤᠵᠤ᠂ ᠨᠠᠮ ᠤᠨ ᠭᠡᠰᠢᠭᠦᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠤᠨ ᠰᠠᠬᠢᠯᠭ᠎ᠠ ᠪᠠᠲᠤ ᠶᠢ ᠬᠠᠮᠠᠭᠠᠯᠠᠨ ᠬᠡᠷᠡᠭᠵᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠪᠠ ᠪᠤᠰᠤᠳ ᠶᠠᠮᠠᠷᠪᠠ ᠠᠵᠢᠯᠳᠠᠨ ᠤ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠰᠠᠬᠢᠬᠤ ᠶᠠᠪᠤᠳᠠᠯ ᠳᠤ ᠬᠢᠨᠠᠯᠲᠠ ᠲᠠᠯᠪᠢᠨ᠎ᠠ᠃      5. ᠺᠠᠳ᠋ᠷ ᠢ ᠬᠠᠮᠢᠶᠠᠷᠬᠤ ᠡᠷᠬᠡ ᠮᠡᠳᠡᠯ ᠤᠨ ᠬᠡᠪᠴᠢᠶ᠎ᠡ ᠶᠢᠨ ᠶᠣᠰᠣᠭᠠᠷ ᠺᠠᠳ᠋ᠷ ᠢ ᠬᠥᠮᠦᠵᠢᠭᠦᠯᠬᠦ᠂ ᠪᠣᠯᠪᠠᠰᠤᠷᠠᠭᠤᠯᠬᠤ᠂ ᠰᠢᠯᠢᠨ ᠳᠡᠪᠰᠢᠭᠦᠯᠬᠦ᠂ ᠬᠢᠨᠠᠨ ᠰᠢᠯᠭᠠᠬᠤ ᠪᠠ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ ᠳᠡᠭᠡᠳᠦ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠪᠠᠯᠭᠠᠰᠤᠨ ᠳᠤ ᠰᠠᠭᠤᠭ᠎ᠠ ᠨᠢᠭᠡᠴᠡ  ᠶᠢᠨ ᠺᠠᠳ᠋ᠷ ᠢ ᠬᠠᠪᠰᠤᠷᠤᠨ ᠬᠠᠮᠢᠶᠠᠷᠤᠨ᠎ᠠ᠃ ᠴᠢᠳᠠᠪᠤᠷᠢᠲᠠᠨ ᠳᠤ ᠦᠢᠯᠡᠴᠢᠯᠡᠬᠦ ᠪᠠ ᠣᠷᠣᠭᠤᠯᠵᠤ ᠠᠪᠴᠢᠷᠠᠬᠤ ᠠᠵᠢᠯ ᠢ ᠰᠠᠶᠢᠲᠤᠷ ᠬᠢᠨ᠎ᠡ᠃      6. ᠲᠣᠰ ᠪᠠᠯᠭᠠᠰᠤ ᠶᠢᠨ ᠦᠨᠳᠦᠰᠦᠨ ᠱᠠᠲᠤᠨ ᠤ ᠵᠠᠰᠠᠯᠲᠠ ᠶᠢ ᠤᠳᠤᠷᠢᠳᠴᠤ᠂ ᠨᠡᠶᠢᠭᠡᠮ ᠵᠢᠷᠤᠮ ᠤᠨ ᠠᠷᠠᠳᠴᠢᠯᠠᠯ ᠬᠠᠤᠯᠢ ᠪᠠᠷ ᠵᠠᠰᠠᠬᠤ ᠪᠠᠶᠢᠭᠤᠯᠤᠯᠲᠠ ᠪᠠ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠨᠠᠷᠢᠯᠢᠭ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ᠂ ᠨᠢᠭᠡᠳᠦᠮᠡᠯ ᠹᠷᠣᠨᠲ᠂ ᠦᠨᠳᠦᠰᠦᠲᠡᠨ ᠱᠠᠰᠢᠨ ᠰᠤᠷᠲᠠᠬᠤᠨ ᠵᠡᠷᠭᠡ ᠠᠵᠢᠯ ᠢ ᠰᠠᠶᠢᠲᠤᠷ ᠬᠢᠨ᠎ᠠ᠃      7. ᠲᠣᠰ ᠱᠠᠲᠤᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠭᠠᠴᠠᠭ᠎ᠠ ︵ᠨᠡᠶᠢᠭᠡᠮ ᠲᠣᠭᠤᠷᠢᠭ︶ ᠲᠣᠰᠬᠤᠨ ︵ᠰᠠᠭᠤᠭᠠᠯᠢ ᠠᠷᠠᠳ︶ ᠤ ᠵᠥᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠬᠠᠷᠢᠭᠤᠴᠠᠨ᠎ᠠ︔ ᠪᠠᠯᠭᠠᠰᠤ ᠪᠠ ᠭᠠᠴᠠᠭ᠎ᠠ ︵ᠨᠡᠶᠢᠭᠡᠮ ᠲᠣᠭᠤᠷᠢᠭ︶ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠡᠷᠭᠡ ᠶᠢ ᠵᠣᠬᠢᠴᠠᠭᠤᠯᠤᠨ ᠵᠣᠬᠢᠶᠠᠨ ᠪᠠᠶᠢᠭᠤᠯᠵᠤ᠂ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠦᠢᠯᠡᠳᠦᠯ ᠢ ᠪᠠᠳᠠᠷᠠᠭᠤᠯᠤᠨ᠎ᠠ︔ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠢ ᠬᠠᠮᠵᠢᠨ ᠠᠷᠠᠳ ᠤᠨ ᠵᠡᠪᠰᠡᠭᠲᠦ ᠬᠦᠴᠦᠨ ᠤ ᠠᠵᠢᠯ ᠢ ᠦᠷᠨᠢᠭᠦᠯᠦᠨ᠎ᠡ᠃      8. ᠳᠡᠭᠡᠳᠦ ᠱᠠᠲᠤᠨ ᠤ ᠨᠠᠮ ᠤᠨ ᠬᠤᠷᠢᠶᠠᠨ ᠤ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠦᠨ᠎ᠡ᠃     ︵ᠬᠤᠶᠠᠷ︶ ᠵᠠᠰᠠᠭ ᠤᠨ ᠣᠷᠳᠣᠨ ᠤ ᠭᠤᠤᠯ ᠡᠭᠦᠷᠭᠡ ᠬᠠᠷᠢᠭᠤᠴᠠᠯᠭ᠎ᠠ      1. ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢ ᠪᠠ ᠳᠡᠭᠡᠳᠦ ᠱᠠᠲᠤᠨ ᠤ ᠲᠦᠷᠦ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠣᠭᠲᠠᠭᠠᠯ᠂ ᠵᠠᠷᠯᠢᠭ ᠢ ᠬᠡᠷᠡᠭᠵᠢᠭᠦᠯᠵᠦ᠂ ᠲᠣᠭᠲᠠᠭᠠᠯ᠂ ᠵᠠᠷᠯᠢᠭ ᠢ ᠨᠡᠶᠢᠲᠡᠯᠡᠨ᠎ᠡ᠃      2. ᠲᠤᠰ ᠵᠠᠰᠠᠭ ᠵᠠᠬᠢᠷᠭᠠᠨ ᠤ ᠣᠷᠣᠨ ᠤ ᠪᠠᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠦᠯᠦᠪᠵᠢᠭᠦᠯᠭᠡ᠂ ᠲᠥᠰᠦᠪ ᠢ ᠭᠦᠢᠴᠡᠳᠬᠡᠵᠦ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠠᠵᠤ ᠠᠬᠤᠶ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ᠂ ᠰᠣᠶᠣᠯ ᠪᠣᠯᠪᠠᠰᠤᠷᠠᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ ᠤᠨ ᠦᠢᠯᠡᠰ ᠪᠠ ᠡᠳ᠋ ᠤᠨ ᠵᠠᠰᠠᠭ᠂ ᠠᠷᠠᠳ ᠤᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ ᠶᠢᠨ ᠵᠠᠰᠠᠭ ᠵᠠᠬᠢᠷᠭ᠎ᠠ᠂ ᠲᠥᠯᠥᠪᠯᠡᠭᠡ ᠲᠠᠢ ᠪᠠᠷ ᠬᠡᠦᠬᠡᠳ ᠠᠪᠬᠤ ᠵᠡᠷᠭᠡ ᠵᠠᠰᠠᠭ ᠵᠠᠬᠢᠷᠭᠠᠨ ᠤ ᠠᠵᠢᠯ ᠢ ᠬᠠᠮᠢᠶᠠᠷᠤᠨ᠎ᠠ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠣᠯᠭᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠬᠡᠷᠡᠭᠵᠢᠭᠦᠯᠦᠨ᠎ᠡ᠃      3. ᠨᠡᠶᠢᠭᠡᠮ ᠵᠢᠷᠤᠮ ᠤᠨ ᠠᠷᠠᠳ ᠨᠡᠶᠢᠲᠡ ᠶᠢᠨ ᠥᠮᠴᠢᠯᠡᠯ ᠤᠨ ᠡᠳ᠋ ᠬᠦᠷᠦᠩᠭᠡ ᠪᠠ ᠬᠥᠳᠡᠯᠮᠦᠷᠢᠴᠢᠨ ᠲᠦᠮᠡᠨ ᠤ ᠬᠠᠮᠲᠤ ᠶᠢᠨ ᠥᠮᠴᠢᠯᠡᠯ ᠤᠨ ᠡᠳ᠋ ᠬᠦᠷᠦᠩᠭᠡ ᠶᠢ ᠬᠠᠮᠠᠭᠠᠯᠠᠵᠤ᠂ ᠠᠷᠠᠳ ᠢᠷᠭᠡᠨ ᠤ ᠬᠤᠪᠢ ᠶᠢᠨ ᠥᠮᠴᠢᠯᠡᠯ ᠤᠨ ᠬᠠᠤᠯᠢ ᠶᠣᠰᠣᠨ ᠤ ᠡᠳ᠋ ᠬᠦᠷᠦᠩᠭᠡ ᠶᠢ ᠬᠠᠮᠠᠭᠠᠯᠠᠵᠤ᠂ ᠨᠡᠶᠢᠭᠡᠮ ᠤᠨ ᠡᠮᠬᠢ ᠵᠢᠷᠤᠮ ᠢ ᠬᠠᠮᠠᠭᠠᠯᠠᠵᠤ᠂ ᠠᠷᠠᠳ ᠢᠷᠭᠡᠳ ᠤᠨ ᠪᠡᠶ᠎ᠡ ᠶᠢᠨ ᠡᠷᠬᠡ᠂ ᠠᠷᠠᠳᠴᠢᠯᠠᠯ ᠤᠨ ᠡᠷᠬᠡ ᠪᠠ ᠪᠤᠰᠤᠳ ᠡᠷᠬᠡ ᠶᠢ ᠪᠠᠲᠤᠯᠠᠨ᠎ᠠ᠃      4. ᠡᠯ᠎ᠡ ᠵᠦᠢᠯ ᠤᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃      5. ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠢ ᠪᠠᠲᠤᠯᠠᠵᠤ᠂ ᠴᠥᠭᠡᠨ ᠲᠣᠭᠠᠲᠤ ᠦᠨᠳᠦᠰᠦᠲᠡᠨ ᠤ ᠵᠠᠩ ᠳᠠᠳᠬᠠᠯ ᠢ ᠬᠦᠨᠳᠦᠳᠬᠡᠨ᠎ᠡ᠃      6. ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠡᠮᠡᠭᠲᠡᠶᠢᠴᠦᠳ ᠲᠤ ᠣᠯᠭᠤᠭᠰᠠᠨ ᠡᠷᠡᠭᠲᠡᠶ ᠡᠮᠡᠭᠲᠡᠶ ᠡᠷᠬᠡ ᠲᠡᠭᠰᠢ ᠪᠠᠶᠢᠬᠤ᠂ ᠠᠳᠠᠯᠢ ᠠᠵᠢᠯ ᠳᠤ ᠠᠳᠠᠯᠢᠬᠠᠨ ᠬᠥᠯᠥᠰᠥ ᠤᠯᠬᠤ ᠪᠠ ᠤᠷᠤᠬ ᠤᠨ ᠶᠠᠪᠤᠳᠠᠯ ᠤᠨ ᠡᠷᠬᠡ ᠴᠢᠯᠥᠭᠡᠲᠡᠶ ᠪᠠᠶᠢᠬᠤ ᠵᠡᠷᠭᠡ ᠡᠯ᠎ᠡ ᠵᠦᠢᠯ ᠤᠨ ᠡᠷᠬᠡ ᠠᠰᠢᠭ ᠢ ᠪᠠᠲᠤᠯᠠᠨ᠎ᠠ᠃      7. ᠳᠡᠭᠡᠳᠦ ᠱᠠᠲᠤᠨ ᠤ ᠵᠠᠰᠠᠭ ᠤᠨ ᠣᠷᠳᠣᠨ ᠪᠠ ᠪᠠᠯᠭᠠᠰᠤ ᠶᠢᠨ ᠨᠠᠮ ᠤᠨ ᠬᠤᠷᠢᠶᠠᠨ ᠤ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠦᠨ᠎ᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ