ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠲᠢᠶᠠᠨ ᠹᠧᠩ ᠯᠢᠨ ᠳᠠᠯᠠᠢ ᠰᠤᠮᠤ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/11/2
     11 ᠰᠠᠷ᠎ᠠ ᠶᠢᠨ 1 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠲᠢᠶᠠᠨ ᠹᠧᠩ ᠯᠢᠨ ᠳᠠᠯᠠᠢ ᠰᠤᠮᠤ ᠳᠤ ᠬᠦᠷᠴᠦ ᠮᠠᠯᠵᠢᠬᠤ ᠣᠷᠣᠨ ᠤ ᠣᠳᠣᠬᠢᠴᠢᠯᠠᠯᠲᠠ ᠶᠢᠨ ᠠᠵᠢᠯ ᠤᠨ ᠳᠤᠬᠠᠢ ᠪᠠᠶᠢᠴᠠᠭᠠᠨ ᠰᠤᠳᠤᠯᠤᠯᠲᠠ ᠬᠢᠪᠠ᠃
        ᠰᠠᠭᠤᠳᠠᠯ ᠤᠨ ᠬᠤᠷᠠᠯ ᠳᠡᠭᠡᠷ᠎ᠡ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠨ ᠳᠤ᠂ ᠦᠷ᠎ᠡ ᠶᠢᠨ ᠬᠤᠨᠢᠨ ᠤ ᠲᠠᠯᠠᠪᠠᠢ ᠶᠢᠨ ᠲᠦᠷᠦᠯ ᠵᠦᠢᠯ ᠢ ᠵᠤᠯᠭᠠᠭᠤᠯᠬᠤ᠂ ᠪᠠᠷᠭᠤ ᠠᠶᠢᠮᠠᠭ ᠤᠨ ᠬᠤᠨᠢᠨ ᠤ ᠡᠭᠦᠯᠳᠡᠷ ᠤᠨ ᠪᠦᠳᠦᠭᠡᠨ ᠪᠠᠶᠢᠭᠤᠯᠤᠯᠲᠠ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠭᠦᠨᠵᠡᠭᠡᠢ ᠰᠣᠯᠢᠯᠴᠠᠵᠤ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠠᠵᠢᠯ ᠢ ᠲᠥᠯᠥᠪᠵᠢᠭᠦᠯᠦᠨ ᠪᠠᠶᠢᠷᠢᠯᠠᠭᠤᠯᠵᠡᠢ᠃
        ᠬᠤᠷᠠᠯ ᠤᠨ ᠳᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠢᠨ᠎ᠡ ᠪᠠᠷᠭᠤ ᠪᠠᠷᠠᠭᠤᠨ ᠬᠤᠰᠢᠭᠤᠨ ᠤ ᠹᠧᠩ ᠹᠸᠢ ᠬᠥᠯᠥᠨ ᠪᠤᠶᠢᠷ ᠤᠨ ᠬᠤᠨᠢ ᠶᠢ ᠥᠷᠭᠡᠳᠬᠡᠨ ᠦᠷᠡᠵᠢᠬᠦᠯᠵᠦ ᠰᠢᠨᠵᠢᠯᠡᠬᠦ ᠤᠬᠠᠭᠠᠨ ᠢ ᠲᠦᠭᠡᠮᠡᠯᠵᠢᠬᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠬᠥᠯᠥᠨ ᠪᠤᠶᠢᠷ ᠤᠨ ᠲᠠᠯ᠎ᠠ ᠨᠤᠲᠤᠭ ᠤᠨ ᠬᠤᠨᠢ ᠶᠢ ᠰᠣᠩᠭᠤᠨ ᠪᠤᠶᠢᠵᠢᠭᠤᠯᠬᠤ ᠪᠠ ᠴᠡᠪᠡᠷᠰᠢᠭᠦᠯᠦᠨ ᠰᠠᠶᠢᠵᠢᠷᠠᠭᠤᠯᠬᠤ ᠠᠵᠢᠯ ᠢ ᠤᠶᠢᠯᠠᠭᠠᠪᠠ᠃
        ᠲᠢᠶᠠᠨ ᠹᠧᠩ ᠯᠢᠨ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ ᠠᠵᠢᠯᠯᠠᠭᠠᠨ ᠤ ᠤᠬᠠᠮᠰᠠᠷ ᠢ ᠦᠨᠡᠨᠬᠦ ᠴᠢᠩᠭᠠᠳᠬᠠᠬᠤ ᠬᠡᠷᠡᠭᠲᠡᠢ᠃ ᠲᠣᠰ ᠪᠡᠶ᠎ᠡ ᠶᠢᠨ ᠠᠵᠢᠯ ᠤᠨ ᠳᠤᠲᠠᠭᠤᠳᠠᠯ ᠢᠶᠠᠨ ᠳ᠋ᠦᠩᠨᠡᠵᠦ᠂ ᠪᠠᠭᠤᠷᠠᠶ ᠲᠠᠯ᠎ᠠ ᠪᠠᠨ ᠡᠷᠢᠨ ᠭᠠᠷᠭᠠᠵᠤ᠂ ᠪᠤᠰᠤᠳ ᠭᠠᠵᠠᠷ ᠣᠷᠣᠨ ᠤ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠰᠤᠷᠤᠯᠴᠠᠨ᠂ ᠮᠠᠯᠵᠢᠬᠤ ᠣᠷᠣᠨ ᠤ ᠤᠳᠤᠬᠢᠴᠢᠯᠠᠯᠳᠠ ᠶᠢᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠥᠷᠨᠢᠭᠦᠯᠬᠦ ᠳᠤ ᠲᠤᠷᠰᠢᠯᠭ᠎ᠠ ᠬᠤᠷᠠᠮᠳᠤᠭᠤᠯᠵᠤ᠂ ᠰᠠᠭᠤᠷᠢ ᠪᠠᠨ ᠪᠠᠲᠤᠳᠬᠠᠬᠤ ᠬᠡᠷᠡᠭᠲᠡᠶ᠃ ᠬᠥᠭᠵᠢᠯᠲᠡ ᠶᠢᠨ ᠰᠡᠳᠬᠢᠴᠡ ᠶᠢᠨ ᠰᠢᠨ᠎ᠡ ᠶᠢ ᠡᠭᠦᠳᠴᠦ᠂ ᠬᠥᠭᠵᠢᠯᠲᠡ ᠶᠢᠨ ᠪᠣᠳᠠᠲᠠᠢ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠨᠠᠶᠢᠳᠠᠪᠤᠷᠢᠵᠢᠭᠤᠯᠵᠤ᠂ ᠠᠵᠠ ᠲᠣᠬᠢᠶᠠᠯ ᠢ ᠠᠮᠵᠢᠨ ᠮᠠᠯᠵᠢᠬᠤ ᠣᠷᠣᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠬᠤ ᠬᠡᠷᠡᠭᠲᠡᠢ ᠭᠡᠵᠡᠢ᠃                                            ᠤᠷᠴᠢᠭᠤᠯᠤᠭᠰᠠᠨ ᠨᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号