10 ᠰᠠᠷ᠎ᠠ ᠶᠢᠨ 31 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶᠠᠨ ᠤ | ᠳᠡᠳ᠋ ᠱᠦᠵᠢ᠂ ᠥᠪᠡᠷᠲᠡᠭᠡᠨ ᠵᠠᠰᠠᠬᠤ ᠣᠷᠤᠨ ᠤ ᠲᠡᠷᠢᠭᠦᠯᠡᠭᠴᠢ ᠸᠠᠩ ᠯᠢ ᠰᠢᠶᠠ ᠴᠡᠭᠡ ᠬᠢᠯᠢ ᠶᠢᠨ ᠪᠣᠭᠤᠮᠲᠠ ᠳᠤ | ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠠᠢ ᠶᠢᠨ ᠲᠠᠯᠠᠪᠠᠢ ᠳᠤ ᠱᠠᠯᠠᠪᠳᠠᠭᠤᠯᠤᠨ | ᠵᠢᠯᠣᠭᠤᠳᠴᠤ ᠪᠠᠶᠢᠴᠠᠭᠠᠪᠠ᠃ ᠲᠡᠷᠡ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠯᠢ ᠶᠢᠨ ᠪᠣᠭᠤᠮᠲᠠ ᠶᠢᠨ ᠬᠥᠮᠦᠨ᠂ ᠪᠣᠳᠠᠰ᠂ ᠣᠷᠴᠢᠨ | ᠲᠣᠭᠤᠷᠢᠨ ᠤ ᠪᠦᠬᠦ ᠶᠠᠪᠤᠴᠠ ᠶᠢᠨ ᠪᠢᠲᠡᠭᠦᠮᠵᠢᠯᠡᠭᠰᠡᠨ ᠬᠠᠮᠢᠶᠠᠷᠤᠯᠲᠠ ᠶᠢ ᠤᠯᠠᠮ ᠴᠢᠨᠠᠭᠰᠢᠳᠠ ᠴᠢᠩᠭᠠᠳᠬᠠᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠳᠠᠲᠤ ᠦᠷ᠎ᠡ ᠪᠦᠲᠦᠮᠵᠢ ᠪᠠᠷ ᠡᠭᠡ ᠤᠯᠤᠰ ᠤᠨ ᠤᠮᠠᠷᠠᠲᠤ ᠶᠢᠨ | ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | | | | | | | | | | | | | | ᠸᠠᠩ ᠯᠢ ᠰᠢᠶᠠ ᠤᠷᠢᠳ ᠬᠤᠵᠢᠳ ᠪᠥᠸᠧ ᠶᠤᠸᠠᠨ ᠺᠤᠮᠫᠠᠨᠢ ᠶᠢᠨ ᠪᠣᠭᠤᠮᠲᠠ ᠶᠢᠨ ᠬᠢᠨᠠᠯᠲᠠ | ᠬᠠᠮᠢᠶᠠᠷᠤᠯᠲᠠ ᠶᠢᠨ ᠲᠣᠭᠤᠷᠢᠭ᠂ ᠠᠨ ᠳ᠋ᠧ ᠲᠠᠢ ᠰᠠᠭᠤᠭᠠᠯᠢ ᠠᠷᠠᠳ ᠤᠨ ᠲᠣᠭᠤᠷᠢᠭ᠂ ᠲᠥᠪᠯᠡᠷᠡᠭᠦᠯᠦᠨ | ᠲᠤᠰᠠᠭᠠᠷᠯᠠᠬᠤ ᠴᠡᠭ ᠪᠣᠯᠤᠨ ᠡᠳ᠋ ᠪᠣᠳᠠᠰ ᠨᠥᠭᠡᠴᠡᠯᠡᠬᠦ ᠬᠦᠮᠦᠷᠭᠡ ᠳᠤ ᠬᠦᠷᠴᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠡᠯ᠎ᠡ ᠲᠥᠷᠥᠯ ᠤᠨ ᠡᠳ᠋ ᠪᠣᠳᠠᠰ | ᠨᠦᠭᠡᠴᠡᠯᠡᠭᠰᠡᠨ ᠵᠢᠴᠢ ᠬᠡᠷᠡᠭᠯᠡᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠪᠠ᠃ ᠸᠠᠩ ᠯᠢ ᠰᠢᠶᠠ | ᠵᠢᠵᠢᠭᠦᠷᠯᠡᠵᠦ ᠪᠠᠶᠢᠭ᠎ᠠ ᠬᠥᠮᠦᠰ ᠤᠨ ᠰᠠᠭᠤᠵᠤ ᠪᠠᠶᠢᠭ᠎ᠠ ᠲᠦᠷ ᠴᠠᠭ ᠤᠨ ᠮᠠᠶᠢᠬᠠᠨ ᠳᠤ ᠣᠷᠣᠵᠤ᠂ ᠣᠷᠣ | ᠳᠡᠪᠢᠰᠭᠡᠷ ᠢ ᠨᠢ ᠲᠡᠮᠳᠡᠷᠢᠨ ᠦᠵᠡᠵᠦ᠂ ᠬᠦᠢᠳᠡᠨ ᠬᠠᠯᠠᠭᠤᠨ ᠢ ᠨᠢ ᠪᠤᠯᠭᠤᠭᠠᠨ ᠠᠰᠠᠭᠤᠪᠠ᠃ ᠲᠡᠷᠡ ᠨᠦᠬᠦᠳ | ᠨᠡᠷ ᠤᠨ ᠰᠢᠷᠭᠠᠭᠤ ᠬᠠᠳᠠᠭᠤᠵᠢᠯᠳᠠᠢ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠭᠡᠵᠦ᠂ ᠣᠯᠠᠨ ᠢᠶᠠᠷ ᠢᠶᠠᠨ | ᠦᠷᠭᠦᠯᠵᠢᠯᠡᠨ ᠪᠠᠶᠢᠯᠳᠤᠬᠤ᠂ ᠬᠠᠷᠠᠮ ᠦᠭᠡᠢ ᠵᠣᠷᠢᠭᠤᠯᠬᠤ ᠰᠤᠷᠲᠠᠯ ᠢ ᠪᠠᠳᠠᠷᠠᠭᠤᠯᠵᠤ᠂ ᠡᠭᠦᠷᠭᠡ | ᠬᠠᠷᠢᠭᠤᠴᠠᠯᠭ᠎ᠠ ᠪᠠᠨ ᠬᠢᠴᠢᠶᠡᠩᠭᠦ᠋ᠢᠯᠡᠨ ᠭᠦᠢᠴᠡᠳᠭᠡᠵᠦ᠂ ᠦᠨᠡᠨᠴᠢ ᠰᠢᠳᠤᠷᠭᠤ ᠪᠠᠷ ᠬᠠᠷᠢᠭᠤᠴᠠᠯᠭ᠎ᠠ ᠪᠠᠨ | ᠭᠦᠢᠴᠡᠳᠭᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠲᠣᠭᠲᠠᠭᠠᠯ ᠢ ᠴᠢᠩᠭ᠎ᠠ | ᠨᠠᠶᠢᠳᠠᠪᠤᠷᠢᠵᠢᠭᠤᠯᠵᠤ᠂ ᠲᠤᠰ ᠪᠡᠶ᠎ᠡ ᠶᠢᠨ ᠬᠠᠮᠠᠭᠠᠯᠠᠯᠲᠠ ᠪᠠᠨ ᠨᠠᠷᠢᠨ ᠬᠢᠨᠠᠮᠠᠭᠠᠢ ᠰᠠᠶᠢᠲᠤᠷ ᠬᠢᠵᠦ᠂ ᠵᠠᠪᠠᠯ ᠠᠮᠤᠷ | ᠠᠮᠤᠭᠤᠯᠠᠩ ᠢᠶᠠᠷ ᠪᠤᠴᠠᠬᠤ ᠬᠡᠷᠡᠭᠲᠡᠢ ᠭᠡᠵᠦ ᠵᠠᠬᠢᠪᠠ᠃ ᠡᠭᠦᠨ ᠤ ᠬᠠᠮᠲᠤ ᠲᠤᠬᠠᠶ ᠶᠢᠨ ᠭᠠᠵᠠᠷ ᠤᠨ | ᠬᠠᠷᠢᠭᠤᠴᠠᠯᠭᠠᠲᠠᠨ ᠨᠥᠬᠦᠳ ᠬᠢᠵᠢᠭ ᠲᠠᠢ ᠲᠡᠮᠡᠴᠡᠬᠦ ᠡᠮᠦᠨ᠎ᠡ ᠹᠷᠤᠨᠲ ᠤᠨ ᠠᠵᠢᠯᠲᠠᠳ ᠢ ᠬᠠᠯᠠᠮᠵᠢᠯᠠᠨ ᠬᠠᠶᠢᠷᠠᠯᠠᠵᠤ᠂ | ᠲᠡᠳᠡᠨ ᠤ ᠢᠳᠡᠵᠥ ᠤᠤᠭᠤᠬᠤ᠂ ᠡᠭᠡᠯᠵᠢᠯᠡᠨ ᠠᠮᠠᠷᠠᠬᠤ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ | ᠲᠣᠬᠢᠷᠠᠭᠤᠯᠵᠤ᠂ ᠣᠯᠠᠨ ᠢ ᠴᠤᠭ ᠵᠢᠪᠬᠤᠭ᠎ᠠ ᠲᠡᠭᠦᠯᠳᠡᠷ᠂ ᠲᠤᠷᠪᠢᠯᠢᠭ ᠣᠶᠤᠨ ᠴᠢᠳᠠᠯ ᠲᠠᠢ ᠪᠠᠷ ᠪᠥᠬᠦ ᠰᠡᠳᠭᠢᠯ | ᠪᠥᠬᠦ ᠵᠣᠷᠢᠭ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠥᠨᠥᠭᠡᠯᠳᠠ ᠶᠢᠨ ᠳᠠᠶᠢᠯᠠᠯᠳᠤᠭᠠᠨ ᠳᠤ | ᠣᠷᠣᠯᠴᠠᠭᠤᠯᠬᠤ ᠬᠡᠷᠡᠭᠲᠡᠢ ᠭᠡᠵᠦ ᠱᠠᠭᠠᠷᠳᠠᠪᠠ᠃ | | | | | | | | | | | ᠪᠣᠭᠤᠮᠲᠠ ᠶᠢᠨ ᠬᠤᠯᠪᠤᠭᠠᠯᠠᠨ ᠪᠠᠶᠢᠴᠠᠭᠠᠬᠤ ᠶᠡᠷᠦᠩᠬᠡᠶᠢᠯᠡᠭᠰᠡᠨ ᠲᠣᠮᠣ ᠠᠰᠠᠷ ᠪᠠ ᠬᠢᠯᠢ ᠶᠢᠨ ᠪᠣᠭᠤᠮᠲᠠ ᠶᠢᠨ | ᠬᠠᠮᠢᠶᠠᠷᠤᠯᠲᠠ ᠶᠢᠨ ᠵᠥᠪᠯᠡᠯ ᠤᠨ ᠲᠣᠮᠣ ᠳ᠋ᠠᠶᠢᠲ᠋ᠠ ᠶᠢᠨ ᠲᠦᠪ ᠲᠤ᠂ ᠸᠠᠩ ᠯᠢ ᠰᠢᠶᠠ ᠬᠢᠯᠢ ᠶᠢᠨ ᠪᠣᠭᠤᠮᠲᠠ ᠪᠠᠷ | ᠬᠢᠯᠢ ᠳᠤ ᠣᠷᠣᠵᠤ ᠢᠷᠡᠬᠦ ᠪᠥᠬᠦ ᠶᠠᠪᠤᠴᠠ ᠶᠢᠨ ᠬᠢᠵᠢᠭ ᠤᠨ ᠪᠠᠶᠢᠳᠠᠯ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ | ᠬᠡᠷᠡᠭᠵᠢᠭᠦᠯᠦᠭᠰᠡᠨ ᠪᠠᠶᠢᠳᠠᠯ ᠢ ᠨᠠᠷᠢᠨ ᠠᠰᠠᠭᠤᠪᠠ᠃ ᠲᠡᠷᠡ᠂ ᠬᠢᠯᠢ ᠶᠢᠨ ᠪᠣᠭᠤᠮᠲᠠ ᠪᠣᠯ ᠭᠠᠳᠠᠨ᠎ᠠ ᠠᠴᠠ | ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠪᠤᠯᠬᠤᠷ ᠡᠷᠬᠡᠪᠰᠢ | ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠲᠦᠷᠦ ᠶᠢᠨ ᠶᠠᠪᠤᠳᠠᠯ ᠤᠨ ᠬᠤᠷᠢᠶᠠᠨ ᠤ | ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠠᠵᠢᠯ ᠤᠨ ᠱᠠᠭᠠᠷᠳᠠᠯᠭ᠎ᠠ ᠶᠢ ᠡᠷᠡᠰ | ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠤᠨ ᠤ | ᠪᠣᠳᠠᠲᠠᠶ ᠪᠠᠶᠢᠷᠢᠯᠠᠭᠤᠯᠤᠯᠲᠠ ᠶᠣᠰᠣᠭᠠᠷ ᠬᠢᠯᠢ ᠶᠢᠨ ᠪᠣᠭᠤᠮᠲᠠ ᠶᠢᠨ ᠡᠷᠡᠭᠦᠯ ᠬᠠᠮᠠᠭᠠᠯᠠᠯ ᠬᠢᠵᠢᠭ ᠤᠨ | ᠪᠠᠶᠢᠴᠠᠭᠠᠯᠲᠠ ᠶᠢ ᠴᠢᠩᠭᠠᠳᠬᠠᠵᠤ᠂ ᠬᠢᠯᠢ ᠪᠠᠷ ᠣᠷᠣᠵᠤ ᠪᠣᠭᠤᠮᠲᠠ ᠪᠠᠷ ᠥᠩᠭᠡᠷᠡᠬᠦ ᠶᠠᠪᠤᠴᠠ ᠶᠢ ᠰᠢᠯᠢᠳᠡᠭᠵᠢᠭᠦᠯᠵᠦ᠂ | ᠬᠢᠯᠢ ᠶᠢᠨ ᠪᠣᠭᠤᠮᠲᠠ ᠶᠢᠨ ᠬᠥᠮᠦᠨ᠂ ᠪᠣᠳᠠᠰ᠂ ᠣᠷᠴᠢᠨ ᠲᠣᠭᠤᠷᠢᠨ ᠤ ᠪᠥᠬᠦ ᠶᠠᠪᠤᠴᠠ ᠶᠢᠨ ᠪᠢᠲᠡᠭᠦᠮᠵᠢᠯᠡᠭᠰᠡᠨ | ᠬᠠᠮᠢᠶᠠᠷᠤᠯᠲᠠ ᠶᠢ ᠴᠢᠨᠠᠭᠰᠢᠳᠠ ᠴᠢᠩᠭᠠᠳᠬᠠᠵᠤ᠂ ᠬᠢᠯᠢ ᠶᠢᠨ ᠪᠣᠭᠤᠮᠲᠠ ᠶᠢᠨ ᠣᠷᠴᠢᠨ ᠲᠣᠭᠤᠷᠢᠨ ᠢ ᠪᠠᠶᠢᠩᠭᠤ ᠶᠢᠨ | ᠴᠢᠨᠠᠷᠲᠠᠶ᠂ ᠣᠷᠳᠣ ᠬᠤᠭᠤᠴᠠᠭᠠᠨ ᠤ ᠴᠢᠨᠠᠷᠲᠠᠶ ᠪᠠᠷ ᠪᠥᠬᠦ ᠲᠠᠯ᠎ᠠ ᠪᠠᠷ ᠠᠷᠢᠭᠤᠳᠬᠠᠨ ᠴᠡᠪᠡᠷᠯᠡᠵᠦ᠂ ᠣᠷᠴᠢᠨ | ᠲᠣᠭᠤᠷᠢᠨ ᠢ ᠠᠷᠢᠭᠤᠨ ᠴᠡᠪᠡᠷ ᠪᠠᠶᠢᠯᠭᠠᠵᠤ ᠬᠥᠮᠦᠰ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ | ᠮᠣᠩᠭᠤᠯ ᠤᠯᠤᠰ ᠯᠤᠭ᠎ᠠ ᠶᠢᠨ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠬᠢᠯᠢ ᠶᠢᠨ ᠪᠣᠭᠤᠮᠲᠠ ᠶᠢᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠠᠮᠲᠤ ᠪᠠᠷ ᠰᠠᠶᠢᠲᠤᠷ ᠬᠢᠬᠦ ᠬᠡᠷᠡᠭᠲᠡᠢ᠃ | ᠬᠠᠷᠢᠭᠤᠴᠠᠯᠭ᠎ᠠ ᠪᠠᠨ ᠮᠡᠳᠡᠵᠦ ᠬᠠᠷᠢᠭᠤᠴᠠᠯᠭ᠎ᠠ ᠪᠠᠨ ᠲᠣᠳᠣᠷᠬᠠᠢᠯᠠᠵᠤ᠂ ᠬᠠᠷᠢᠭᠤᠴᠠᠯᠭ᠎ᠠ ᠡᠭᠦᠷᠭᠡᠯᠡᠵᠦ᠂ ᠲᠦᠢᠯ ᠤᠨ | ᠴᠢᠩᠭ᠎ᠠ ᠨᠢᠬᠳᠠ᠂ ᠲᠦᠢᠯ ᠤᠨ ᠨᠠᠷᠢᠨ ᠨᠢᠮᠪᠠᠶ ᠣᠪᠣᠷ ᠢᠶᠠᠷ ᠭᠤᠭᠴᠤᠭ᠎ᠠ ᠨᠢᠭᠡ ᠪᠦᠷᠢ᠂ ᠨᠠᠷᠢᠨ ᠵᠦᠢᠯᠡᠰ ᠨᠢᠭᠡ | ᠪᠦᠷᠢ ᠶᠢ ᠪᠣᠳᠠᠲᠠᠶ ᠨᠠᠷᠢᠯᠢᠭ ᠲᠤᠭᠤᠰᠢᠲᠠᠢ ᠠᠳᠬᠤᠵᠤ᠂ ᠳᠤᠲᠠᠭᠤᠳᠠᠯ ᠢᠶᠠᠨ ᠪᠠᠶᠢᠴᠠᠭᠠᠵᠤ᠂ ᠠᠯᠳᠠᠰᠢ ᠭᠠᠷᠬᠤ ᠶᠢ | ᠬᠤᠷᠢᠭᠯᠠᠵᠤ᠂ ᠬᠡᠮ ᠰᠤᠭᠤᠭ ᠢ ᠠᠷᠢᠯᠭᠠᠵᠤ᠂ ᠬᠢᠵᠢᠭ ᠤᠨ ᠲᠠᠷᠬᠠᠨ ᠲᠡᠯᠭᠡᠷᠡᠬᠦ ᠬᠡᠯᠬᠢᠶ᠎ᠡ ᠶᠢ ᠡᠷᠡᠰ ᠲᠡᠰᠦᠯᠵᠦ᠂ | ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ︽ᠲᠡᠮᠦᠷ ᠬᠡᠷᠡᠮ ᠪᠤᠯᠤᠳ ᠬᠠᠨ᠎ᠠ︾ ᠶᠢ | ᠴᠣᠭᠴᠠᠯᠠᠬᠤ ᠬᠡᠷᠡᠭᠲᠡᠢ ᠬᠡᠵᠥ ᠵᠢᠭᠠᠵᠥ ᠭᠠᠷᠭᠠᠪᠠ᠃ | ᠥᠪᠡᠷᠲᠡᠭᠡᠨ ᠵᠠᠰᠠᠬᠤ ᠣᠷᠤᠨ ᠤ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ | ᠪᠠᠶᠢᠴᠠᠭᠠᠨ ᠰᠣᠳᠤᠯᠤᠯᠲᠠ ᠳᠤ ᠣᠷᠣᠯᠴᠠᠵᠠᠢ᠃ | |