ᠰᠢᠨ᠎ᠡ ᠪᠠᠷᠭᠤ ᠪᠠᠷᠠᠭᠤᠨ ᠬᠤᠰᠢᠭᠤᠨ ᠤ ᠬᠡᠷᠦᠯᠦᠨ ᠰᠣᠮᠣ ᠶᠢᠨ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2021/11/22
     ᠰᠢᠨ᠎ᠡ ᠪᠠᠷᠭᠤ ᠪᠠᠷᠠᠭᠤᠨ ᠬᠤᠰᠢᠭᠤᠨ ᠤ ᠬᠡᠷᠦᠯᠦᠨ ᠰᠤᠮᠤ ᠪᠣᠯ ᠦᠨᠳᠦᠰᠦᠨ ᠱᠠᠲᠤᠨ ᠤ ᠲᠥᠷᠥ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠪᠠᠶᠢᠵᠤ᠂ ᠵᠢᠩᠬᠢᠨᠢ ᠰᠠᠯᠠᠭᠠᠨ ᠲᠠᠰ ᠪᠣᠯᠤᠨ᠎ᠠ᠃      ᠨᠢᠭᠡ᠂ ᠭᠤᠤᠯ ᠡᠭᠦᠷᠭᠡ ᠬᠠᠷᠢᠭᠤᠴᠠᠯᠭ᠎ᠠ      ︵ᠨᠢᠭᠡ︶ ᠰᠣᠮᠣ ᠶᠢᠨ ᠨᠠᠮ ᠤᠨ ᠬᠤᠷᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ      1. ᠨᠠᠮ ᠪᠠ ᠤᠯᠤᠰ ᠤᠨ ᠬᠤᠯᠪᠣᠭᠳᠠᠯ ᠪᠥᠬᠦᠶ ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ᠂ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠢᠴᠢ ᠰᠣᠮᠣᠨ ᠤ ᠨᠠᠮ ᠤᠨ ᠭᠡᠰᠢᠭᠦᠨ ᠤ ᠲᠥᠯᠥᠭᠡᠯᠡᠭᠴᠢᠳ ᠤᠨ ᠶᠡᠭᠡ ᠬᠤᠷᠠᠯ ︵ᠨᠠᠮ ᠤᠨ ᠭᠡᠰᠢᠭᠦᠳ ᠤᠨ ᠶᠡᠭᠡ ᠬᠤᠷᠠᠯ︶ ᠤᠨ ᠰᠢᠢᠳᠪᠦᠷᠢ ᠶᠢ ᠪᠥᠬᠦ ᠲᠠᠯ᠎ᠠ ᠪᠠᠷ ᠲᠤᠤᠱᠯᠠᠭᠤᠯᠤᠨ᠎ᠠ︔ ᠰᠤᠮᠤᠨ ᠤ ᠠᠵᠤ ᠠᠬᠤᠶ ᠶᠢᠨ ᠪᠦᠳᠦᠭᠡᠨ ᠪᠠᠶᠢᠭᠤᠯᠤᠯᠲᠠ ᠪᠠ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠶᠠᠷᠢᠯᠴᠠᠨ ᠲᠣᠭᠲᠠᠭᠠᠨ᠎ᠠ᠃      2. ᠰᠤᠮᠤ ᠶᠢᠨ ᠵᠠᠰᠠᠭ ᠤᠨ ᠡᠷᠬᠡᠲᠦ ᠪᠠᠶᠢᠭᠤᠯᠭ᠎ᠠ ᠪᠠ ᠤᠯᠠᠨ ᠲᠦᠮᠡᠨ ᠤ ᠵᠣᠬᠢᠶᠠᠨ ᠪᠠᠶᠢᠭᠤᠯᠤᠯᠲᠠ ᠶᠢ ᠤᠳᠤᠷᠢᠳᠬᠤ ᠪᠠ ᠲᠡᠭᠦᠨ ᠳᠤ ᠬᠢᠨᠠᠯᠲᠠ ᠲᠠᠯᠪᠢᠵᠤ᠂ ᠡᠳᠡᠭᠡᠷ ᠪᠠᠶᠢᠭᠤᠯᠭ᠎ᠠ ᠪᠠ ᠵᠣᠬᠢᠶᠠᠨ ᠪᠠᠶᠢᠭᠤᠯᠤᠯᠲᠠ ᠶᠢᠨ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠡᠷᠬᠡ ᠲᠤᠰᠢᠶᠠᠯ ᠢᠶᠠᠨ ᠵᠥᠪ ᠢᠶᠠᠷ ᠬᠡᠷᠡᠭᠵᠢᠭᠦᠯᠬᠦ ᠶᠢ ᠳᠡᠮᠵᠢᠬᠦ ᠪᠠ ᠪᠠᠲᠤᠯᠠᠨ᠎ᠠ᠃      3. ᠨᠠᠮ ᠤᠨ ᠬᠤᠷᠢᠶ᠎ᠠ ᠶᠢᠨ ᠲᠣᠰ ᠪᠡᠶ᠎ᠡ ᠶᠢᠨ ᠪᠠᠶᠢᠭᠤᠯᠤᠯᠲᠠ ᠪᠠ ᠨᠠᠮ ᠤᠨ ᠡᠭᠦᠷ ᠢᠶᠠᠷ ᠭᠤᠤᠯᠯᠠᠭᠤᠯᠤᠭᠰᠠᠨ ᠭᠠᠴᠠᠭ᠎ᠠ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠄ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ᠂ ᠺᠠᠳ᠋ᠷ ᠢ ᠬᠥᠮᠦᠵᠢᠭᠦᠯᠬᠦ᠂ ᠰᠢᠯᠢᠨ ᠳᠡᠪᠰᠢᠭᠦᠯᠬᠦ᠂ ᠬᠡᠷᠡᠭᠯᠡᠬᠦ ᠪᠠ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃      4. ᠰᠤᠮᠤ ᠶᠢᠨ ᠨᠡᠶᠢᠭᠡᠮ ᠵᠢᠷᠤᠮ ᠤᠨ ᠤᠯᠤᠰ ᠲᠦᠷᠦ ᠶᠢᠨ ᠪᠣᠯᠪᠠᠰᠤᠨ᠂ ᠪᠣᠳᠠᠰ ᠤᠨ ᠪᠣᠯᠪᠠᠰᠤᠨ᠂ ᠤᠶᠤᠨ ᠤ ᠪᠣᠯᠪᠠᠰᠤᠨ ᠪᠠ ᠨᠡᠶᠢᠭᠡᠮ ᠤᠨ ᠪᠣᠯᠪᠠᠰᠤᠨ ᠤ ᠪᠠᠶᠢᠭᠤᠯᠤᠯᠲᠠ ᠶᠢ ᠤᠳᠤᠷᠢᠳᠴᠤ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠰᠤᠮᠤ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠢ ᠤᠳᠤᠷᠢᠳᠤᠨ᠎ᠠ᠃      5. ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠠᠴᠠᠭ᠎ᠠ ᠨᠡᠶᠢᠭᠡᠮ ᠲᠣᠭᠤᠷᠢᠭ ᠤᠨ ︵ᠮᠠᠯᠴᠢᠨ︶ ᠠᠷᠠᠳ ᠤᠨ ᠵᠥᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠬᠠᠷᠢᠭᠤᠴᠠᠵᠤ᠂ ᠰᠤᠮᠤ ᠪᠠ ᠭᠠᠴᠠᠭ᠎ᠠ ᠨᠡᠶᠢᠭᠡᠮ ᠲᠣᠭᠤᠷᠢᠭ ᠤᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠢ ᠵᠣᠬᠢᠴᠠᠭᠤᠯᠤᠨ ᠵᠣᠬᠢᠶᠠᠨ ᠪᠠᠶᠢᠭᠤᠯᠵᠤ᠂ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠦᠢᠯᠡᠳᠦᠯ ᠢ ᠪᠠᠳᠠᠷᠠᠭᠤᠯᠤᠨ᠎ᠠ︔ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ ᠬᠠᠮᠵᠢᠨ ᠠᠵᠢᠯᠯᠠᠨ᠎ᠠ᠃      6. ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ︵ᠬᠤᠶᠠᠷ︶ ᠰᠤᠮᠤ ᠶᠢᠨ ᠵᠠᠰᠠᠭ ᠤᠨ ᠣᠷᠳᠣᠨ ᠤ ᠭᠤᠤᠯ ᠡᠭᠦᠷᠭᠡ ᠬᠠᠷᠢᠭᠤᠴᠠᠯᠭ᠎ᠠ      1. ᠨᠠᠮ ᠪᠠ ᠤᠯᠤᠰ ᠤᠨ ᠮᠠᠯᠵᠢᠬᠤ ᠣᠷᠣᠨ ᠳᠠᠬᠢ ᠡᠯ᠎ᠡ ᠵᠦᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠠᠵᠢᠯ ᠤᠨ ᠲᠤᠬᠠᠶ ᠰᠤᠮᠤ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢᠲᠦ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃      2. ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶ ᠶᠢᠨ ᠠᠵᠢᠯ ᠤᠨ ᠬᠠᠮᠢᠶᠠᠷᠤᠯᠲᠠ ᠪᠠ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠶ ᠶᠢᠨ ᠪᠦᠲᠦᠴᠡ ᠶᠢᠨ ᠲᠤᠬᠢᠷᠠᠭᠤᠯᠤᠯᠳᠠ ᠶᠢ ᠲᠥᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠥᠢᠯᠡᠰᠴᠢᠯᠡᠬᠦ ᠠᠬᠢᠴᠠ ᠶᠢ ᠲᠦᠷᠭᠡᠳᠬᠡᠨ᠂ ᠮᠠᠯᠵᠢᠬᠤ ᠣᠷᠣᠨ ᠤ ᠬᠥᠳᠡᠯᠮᠦᠷᠢ ᠬᠦᠴᠦᠨ ᠢ ᠬᠥᠲᠥᠯᠥᠨ ᠵᠢᠯᠣᠭᠤᠳᠴᠤ ᠪᠠᠶᠢᠭᠠᠳ ᠬᠤᠲᠠ ᠪᠠᠯᠭᠠᠰᠤ ᠪᠠ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠲᠡᠰᠢ ᠰᠢᠯᠵᠢᠭᠦᠯᠵᠦ᠂ ᠨᠡᠶᠢᠭᠡᠮ ᠵᠢᠷᠤᠮ ᠤᠨ ᠰᠢᠨ᠎ᠡ ᠮᠠᠯᠵᠢᠬᠤ ᠣᠷᠣᠨ ᠤ ᠪᠥᠳᠥᠭᠡᠨ ᠪᠠᠶᠢᠭᠤᠯᠤᠯᠲᠠ ᠶᠢ ᠬᠥᠲᠥᠯᠥᠨ ᠵᠢᠯᠣᠭᠤᠳᠬᠤ ᠪᠠ ᠲᠥᠯᠬᠢᠨ ᠠᠬᠢᠭᠤᠯᠵᠤ᠂ ᠮᠠᠯᠵᠢᠬᠤ ᠣᠷᠣᠨ ᠤ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃      3. ᠤᠯᠤᠰ ᠤᠨ ᠥᠮᠴᠢᠯᠡᠯ ᠤᠨ ᠪᠠ ᠬᠠᠮᠲᠤ ᠶᠢᠨ ᠥᠮᠴᠢᠯᠡᠯ ᠤᠨ ᠡᠳ᠋ ᠬᠦᠷᠦᠩᠭᠡ ᠶᠢ ᠬᠠᠮᠠᠭᠠᠯᠠᠵᠤ᠂ ᠠᠷᠠᠳ ᠢᠷᠭᠡᠨ ᠤ ᠬᠤᠪᠢ ᠶᠢᠨ ᠥᠮᠴᠢᠯᠡᠯ ᠤᠨ ᠬᠠᠤᠯᠢ ᠶᠣᠰᠣᠨ ᠤ ᠡᠳ᠋ ᠬᠦᠷᠦᠩᠭᠡ ᠶᠢ ᠬᠠᠮᠠᠭᠠᠯᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠪᠠ ᠬᠠᠤᠯᠢ ᠴᠠᠭᠠᠵᠠ ᠶᠢᠨ ᠦᠢᠯᠡᠴᠢᠯᠡᠭᠡ ᠶᠢ ᠥᠷᠨᠢᠭᠦᠯᠵᠦ᠂ ᠨᠡᠶᠢᠭᠡᠮ ᠤᠨ ᠵᠥᠷᠢᠴᠡᠯ ᠪᠠ ᠵᠢᠭᠤᠷᠠᠯᠳᠤᠭᠠᠨ ᠢ ᠠᠷᠢᠯᠭᠠᠵᠤ᠂ ᠨᠡᠶᠢᠭᠡᠮ ᠤᠨ ᠡᠮᠬᠢ ᠵᠢᠷᠤᠮ ᠪᠠ ᠲᠣᠭᠲᠠᠭᠤᠨ ᠪᠠᠶᠢᠳᠠᠯ ᠢ ᠬᠠᠮᠠᠭᠠᠯᠠᠵᠤ᠂ ᠠᠷᠠᠳ ᠢᠷᠭᠡᠨ ᠤ ᠠᠵᠢᠯᠳᠠᠨ ᠤ ᠶᠠᠪᠤᠳᠠᠯ ᠤᠨ ᠡᠷᠬᠡ᠂ ᠠᠷᠠᠳᠴᠢᠯᠠᠯ ᠤᠨ ᠡᠷᠬᠡ ᠪᠠ ᠪᠤᠰᠤᠳ ᠡᠷᠬᠡ ᠶᠢ ᠪᠠᠲᠤᠯᠠᠨ᠎ᠠ᠃      4. ᠮᠠᠯᠴᠢᠳ ᠲᠤ ᠮᠡᠳᠡᠭᠡ ᠵᠠᠩᠭᠢ ᠶᠢᠨ ᠦᠢᠯᠡᠴᠢᠯᠡᠭᠡ᠂ ᠠᠵᠢᠯ ᠣᠯᠭᠤᠯᠲᠠ ᠶᠢᠨ ᠦᠢᠯᠡᠴᠢᠯᠡᠭᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠬᠠᠩᠭᠠᠵᠤ᠂ ᠰᠣᠶᠣᠯ᠂ ᠪᠡᠶ᠎ᠡ ᠶᠢᠨ ᠲᠠᠮᠢᠷ᠂ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ ᠪᠠ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ ᠤᠨ ᠦᠢᠯᠡᠴᠢᠯᠡᠭᠡ ᠶᠢ ᠥᠷᠨᠢᠭᠦᠯᠦᠨ᠎ᠡ︔ ᠮᠠᠯᠴᠢᠳ ᠤᠨ ᠦᠨᠳᠦᠰᠦᠨ ᠨᠠᠰᠤᠵᠢᠯ ᠤᠨ ᠳᠠᠭᠠᠳᠬᠠᠯ᠂ ᠡᠮᠨᠡᠯᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠵᠡᠷᠭᠡ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠬᠥᠭᠵᠢᠯᠲᠡ ᠶᠢ ᠲᠥᠯᠬᠢᠨ ᠠᠬᠢᠭᠤᠯᠤᠨ᠎ᠠ᠃      5. ︽ᠲᠣᠰᠬᠤᠨ ᠤ ᠠᠷᠠᠳ ᠤ ᠵᠥᠪᠯᠡᠯ ᠤᠨ ᠵᠣᠬᠢᠶᠠᠨ ᠪᠠᠶᠢᠭᠤᠯᠬᠤ ᠬᠠᠤᠯᠢ︾ ᠬᠢᠭᠡᠳ ᠬᠤᠯᠪᠣᠭᠳᠠᠯ ᠪᠥᠬᠦᠢ ᠲᠣᠭᠲᠠᠭᠠᠯ ᠶᠣᠰᠣᠭᠠᠷ᠂ ᠭᠠᠴᠠᠭ᠎ᠠ ᠨᠡᠶᠢᠭᠡᠮ ᠲᠣᠭᠤᠷᠢᠭ ᠤᠨ ᠠᠵᠢᠯ ᠤᠨ ᠵᠢᠯᠤᠭᠤᠳᠤᠯᠭ᠎ᠠ ᠪᠠᠨ ᠴᠢᠩᠭᠠᠳᠬᠠᠨ᠂ ᠭᠠᠴᠠᠭ᠎ᠠ ᠨᠡᠶᠢᠭᠡᠮ ᠲᠣᠭᠤᠷᠢᠭ ᠤᠨ ᠭᠠᠴᠠᠭᠠᠨ ︵ᠮᠠᠯᠴᠢᠨ︶ ᠤ ᠠᠷᠠᠳ ᠤᠨ ᠵᠥᠪᠯᠡᠯ ᠤᠨ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠴᠠᠭ᠎ᠠ ᠮᠠᠯᠴᠢᠳ ᠤᠨ ᠵᠥᠪᠯᠡᠯ ᠪᠣᠯᠤᠨ ᠮᠠᠯᠴᠢᠳ ᠤᠨ ᠥᠪᠡᠷ ᠢ ᠪᠠᠨ ᠬᠠᠮᠢᠶᠠᠷᠴᠤ ᠥᠪᠡᠷ ᠢ ᠪᠠᠨ ᠦᠢᠯᠡᠴᠢᠯᠡᠬᠦ ᠰᠠᠨᠠᠭᠠᠴᠢᠯᠠᠭᠠᠲᠤ ᠴᠢᠨᠠᠷ᠂ ᠢᠳᠡᠪᠬᠢᠵᠢᠯ ᠪᠣᠯᠤᠨ ᠪᠦᠲᠦᠭᠡᠯᠴᠢ ᠴᠢᠨᠠᠷ ᠢ ᠳᠠᠶᠢᠴᠢᠯᠠᠨ᠎ᠠ᠃      6. ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠦᠢᠯᠡᠴᠢᠯᠡᠭᠡᠨ ᠤ ᠣᠷᠴᠢᠨ ᠨᠥᠬᠦᠴᠡᠯ᠂ ᠠᠮᠢᠳᠤᠷᠠᠯ ᠤᠨ ᠣᠷᠴᠢᠨ ᠨᠥᠬᠦᠴᠡᠯ ᠢ ᠰᠠᠶᠢᠵᠢᠷᠠᠭᠤᠯᠤᠨ ᠰᠢᠯᠢᠳᠡᠭᠵᠢᠭᠦᠯᠦᠨ᠎ᠡ᠃      7. ᠳᠡᠭᠡᠳᠦ ᠱᠠᠲᠤᠨ ᠤ ᠡᠯ᠎ᠡ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠯᠦᠭᠡ ᠶᠢᠨ ᠬᠠᠷᠢᠴᠠᠭ᠎ᠠ ᠶᠢ ᠵᠣᠬᠢᠴᠠᠭᠤᠯᠵᠤ᠂ ᠰᠤᠮᠤᠨ ᠤ ᠡᠯ᠎ᠡ ᠵᠦᠢᠯ ᠤᠨ ᠠᠵᠢᠯ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠤᠨ᠎ᠠ᠃      8. ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号