ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2021/11/22
     ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ︵ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠭᠡᠵᠦ ᠲᠣᠪᠴᠢᠯᠠᠨ᠎ᠠ︶ ᠪᠣᠯ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠳᠦᠷ ᠲᠤᠲᠤᠮ ᠤᠨ ᠠᠵᠢᠯ ᠢ ᠬᠠᠷᠢᠭᠤᠴᠠᠬᠤ ᠶᠡᠷᠦᠩᠬᠡᠶᠢᠯᠡᠭᠰᠡᠨ ᠴᠢᠨᠠᠷᠲᠠᠶ ᠬᠡᠷᠡᠭ ᠡᠷᠭᠢᠯᠡᠬᠦ ᠪᠠᠶᠢᠭᠤᠯᠤᠮᠵᠢ ᠪᠠᠶᠢᠵᠤ᠂ ᠵᠢᠩᠬᠢᠨᠢ ᠰᠠᠯᠠᠭᠠᠨ ᠲᠠᠰ ᠤᠨ ᠪᠠᠶᠢᠭᠤᠯᠭ᠎ᠠ ᠪᠣᠯᠤᠨ᠎ᠠ᠃      ᠨᠢᠭᠡ᠂ ᠭᠤᠤᠯ ᠡᠭᠦᠷᠭᠡ ᠬᠠᠷᠢᠭᠤᠴᠠᠯᠭ᠎ᠠ      1. ᠬᠠᠮᠢᠶ᠎ᠠ ᠪᠥᠬᠦᠢ ᠪᠢᠴᠢᠭ ᠮᠠᠲ᠋ᠧᠷᠢᠶᠠᠯ ᠪᠠ ᠴᠢᠬᠤᠯᠠ ᠮᠠᠲ᠋ᠧᠷᠢᠶᠠᠯ ᠢ ᠲᠤᠭᠤᠷᠪᠢᠨ ᠪᠢᠴᠢᠬᠦ ᠶᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠬᠤᠰᠢᠭᠤᠨ ᠤ ᠵᠠᠰᠠᠭ ᠤᠨ ᠣᠷᠳᠣᠨ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ᠂ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ᠂ ᠬᠤᠰᠢᠭᠤᠨ ᠤ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠨᠡᠷ᠎ᠡ ᠪᠠᠷ ᠨᠡᠶᠢᠲᠡᠯᠡᠭᠰᠡᠨ ᠠᠯᠪᠠᠨ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠬᠤ ᠪᠤᠶᠤ ᠬᠢᠨᠠᠨ ᠬᠠᠷᠭᠤᠭᠤᠯᠤᠨ᠎ᠠ︔ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠶᠠᠷᠢᠶ᠎ᠠ ᠵᠡᠷᠭᠡ ᠡᠬᠡ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠨ᠎ᠠ᠃      2. ᠵᠢᠭᠠᠪᠤᠷᠢ ᠠᠪᠬᠤ ᠵᠦᠢᠯᠡᠰ ᠢ ᠲᠤᠭᠤᠷᠪᠢᠭᠰᠠᠨ ᠰᠠᠨᠠᠯ ᠢ ᠰᠤᠳᠤᠯᠤᠨ᠎ᠠ᠃ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠬᠤᠰᠢᠭᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠤᠰᠢᠭᠤᠨ ᠤ ᠵᠠᠰᠠᠭ ᠤᠨ ᠣᠷᠳᠣᠨ ᠠᠴᠠ ᠵᠢᠭᠠᠪᠤᠷᠢ ᠠᠪᠬᠤ ᠵᠦᠢᠯᠡᠰ ᠢ ᠰᠤᠳᠤᠯᠵᠤ᠂ ᠭᠦᠢᠴᠡᠳᠬᠡᠬᠦ ᠰᠠᠨᠠᠯ ᠢᠶᠠᠨ ᠳᠤᠷᠠᠳᠴᠤ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠬᠤ ᠨᠥᠬᠦᠳ ᠲᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃      3. ᠴᠢᠬᠤᠯᠠ ᠠᠰᠠᠭᠤᠳᠠᠯ ᠢ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠴᠣᠬᠤᠯᠠᠪᠤᠷᠢ ᠶᠢ ᠦᠨᠳᠦᠰᠦᠯᠡᠨ᠂ ᠬᠤᠰᠢᠭᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠨᠢᠭᠡᠴᠡ ᠶᠢᠨ ᠬᠤᠭᠤᠷᠣᠨᠳᠣᠬᠢ ᠮᠠᠷᠭᠤᠯᠳᠤᠭᠠᠨ ᠲᠠᠢ ᠴᠢᠬᠤᠯᠠ ᠠᠰᠠᠭᠤᠳᠠᠯ ᠢ ᠵᠣᠬᠢᠴᠠᠭᠤᠯᠵᠤ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠮᠡᠳᠡᠭᠦᠯᠦᠨ ᠲᠣᠭᠲᠠᠭᠠᠯᠭᠠᠨ᠎ᠠ᠃      4. ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠶᠢ ᠭᠦᠢᠴᠡᠳᠬᠡᠬᠦ ᠪᠠ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠶᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠣᠷᠳᠣᠨ ᠪᠠ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠶᠢ ᠭᠦᠢᠴᠡᠭᠳᠡᠬᠦ ᠠᠵᠢᠯ ᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠣᠷᠳᠣᠨ ᠵᠢᠴᠢ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠵᠣᠬᠢᠶᠠᠵᠤ ᠲᠠᠷᠬᠠᠭᠠᠬᠤ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠬᠠᠤᠯᠢ ᠶᠣᠰᠣᠨ ᠤ ᠴᠢᠨᠠᠷᠲᠠᠶ ᠬᠢᠨᠠᠨ ᠪᠠᠶᠢᠴᠠᠭᠠᠯᠲᠠ ᠬᠢᠬᠦ ᠶᠢ ᠬᠠᠷᠢᠭᠤᠴᠠᠨ᠎ᠠ᠃      5. ᠬᠤᠷᠠᠯ ᠤᠨ ᠶᠠᠪᠤᠳᠠᠯ ᠵᠢᠴᠢ ᠬᠤᠷᠠᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠳᠣᠲᠣᠭᠠᠳᠤ ᠶᠠᠪᠤᠳᠠᠯ ᠤᠨ ᠠᠵᠢᠯᠯᠠᠭ᠎ᠠ ᠶᠢᠨ ᠬᠤᠷᠠᠯ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ᠃ ᠬᠤᠷᠠᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠬᠤᠷᠠᠯ ᠤᠨ ᠲᠣᠭᠲᠠᠭᠠᠯ ᠤᠨ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      6. ᠬᠤᠰᠢᠭᠤᠨ ᠤ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠠᠵᠢᠯ ᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠣᠷᠳᠣᠨ ᠤ ᠨᠡᠷ᠎ᠡ ᠪᠠᠷ ᠶᠠᠪᠤᠭᠳᠠᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠠᠵᠢᠯᠯᠠᠭ᠎ᠠ ᠶᠢ ᠳᠠᠭᠠᠭᠠᠨ ᠭᠦᠢᠴᠡᠳᠬᠡᠨ᠎ᠡ᠃      7. ᠴᠢᠬᠤᠯᠠ ᠠᠵᠢᠯ ᠢ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃ ᠪᠥᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠪᠣᠯᠤᠨ ᠬᠤᠰᠢᠭᠤᠨ ᠤ ᠵᠠᠰᠠᠭ ᠤᠨ ᠣᠷᠳᠣᠨ ᠤ ᠲᠣᠭᠲᠠᠭᠠᠭᠰᠠᠨ ᠵᠦᠢᠯᠡᠰ ᠵᠢᠴᠢ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠴᠣᠬᠤᠯᠠᠪᠤᠷᠢ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠴᠠᠭ ᠲᠤᠬᠠᠶ ᠳᠤᠨᠢ ᠮᠡᠳᠡᠭᠦᠯᠦᠨ᠎ᠡ᠃ ᠬᠤᠰᠢᠭᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ᠂ ᠰᠢᠪᠠᠳᠠᠨ ᠰᠢᠢᠳᠪᠦᠷᠢᠯᠡᠭᠦᠯᠬᠦ ᠂ ᠬᠠᠷᠢᠭᠤ ᠲᠤᠰᠬᠠᠬᠤ ᠵᠡᠷᠭᠡ ᠠᠵᠢᠯ ᠢ ᠬᠠᠷᠢᠭᠤᠴᠠᠨ᠎ᠠ᠃      8. ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠪᠣᠯᠤᠨ ᠪᠠᠶᠢᠴᠠᠭᠠᠨ ᠰᠤᠳᠤᠯᠤᠯᠲᠠ ᠬᠢᠬᠦ ᠶᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠨᠠᠶᠢᠷᠠᠭᠤᠯᠬᠤ᠂ ᠮᠡᠳᠡᠭᠦᠯᠦᠨ ᠬᠦᠷᠭᠡᠬᠦ ᠵᠡᠷᠭᠡ ᠠᠵᠢᠯ ᠢ ᠬᠠᠷᠢᠭᠤᠴᠠᠵᠤ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠢᠯᠡᠴᠢᠯᠡᠭᠡ ᠬᠠᠩᠭᠠᠨ᠎ᠠ᠃ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠪᠠᠶᠢᠴᠠᠭᠠᠨ ᠰᠤᠳᠤᠯᠬᠤ ᠠᠵᠢᠯ ᠢ ᠵᠣᠬᠢᠶᠠᠨ ᠪᠠᠶᠢᠭᠤᠯᠵᠤ ᠳᠣᠭᠢᠷᠠᠭᠤᠯᠬᠤ ᠶᠢ ᠬᠠᠷᠢᠭᠤᠴᠠᠨ᠎ᠠ᠃      9. ᠮᠣᠩᠭᠤᠯ ᠬᠡᠯᠡᠨ ᠤ ᠣᠷᠴᠢᠭᠤᠯᠭ᠎ᠠ ᠶᠢᠨ ᠠᠵᠢᠯ ᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠣᠷᠳᠣᠨ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠪᠠ ᠬᠤᠷᠠᠯ ᠤᠨ ᠮᠠᠲ᠋ᠧᠷᠢᠶᠠᠯ ᠤᠨ ᠮᠣᠩᠭᠤᠯ ᠬᠡᠯᠡ ᠪᠠᠷ ᠣᠷᠴᠢᠭᠤᠯᠬᠤ ᠠᠵᠢᠯ ᠢ ᠬᠠᠷᠢᠭᠤᠴᠠᠵᠤ᠂ ᠮᠣᠩᠭᠤᠯ ᠬᠡᠯᠡᠨ ᠤ ᠰᠦᠯᠵᠢᠶ᠎ᠡ ᠶᠢᠨ ᠪᠥᠲᠥᠭᠡᠨ ᠪᠠᠶᠢᠭᠤᠯᠤᠯᠲᠠ ᠬᠠᠮᠠᠭᠠᠯᠠᠯᠲᠠ ᠶᠢᠨ ᠠᠵᠢᠯ ᠢ ᠬᠠᠷᠢᠭᠤᠴᠠᠨ᠎ᠠ᠃      10. ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠮᠥᠩᠭᠦᠨ ᠭᠦᠢᠯᠭᠡᠭᠡᠨ ᠤ ᠠᠵᠢᠯ ᠤᠨ ᠲᠣᠭᠲᠠᠭᠠᠯ ᠪᠠ ᠠᠵᠢᠯ ᠤᠨ ᠪᠠᠶᠢᠷᠢᠯᠠᠭᠤᠯᠤᠯᠲᠠ ᠶᠢ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠳᠠᠯ ᠪᠠ ᠮᠥᠩᠭᠦᠨ ᠭᠦᠢᠯᠭᠡᠭᠡᠨ ᠤ ᠠᠵᠢᠯᠯᠠᠭᠠᠨ ᠤ ᠪᠠᠶᠢᠳᠠᠯ ᠢ ᠰᠤᠳᠤᠯᠤᠨ ᠵᠠᠳᠠᠯᠬᠤ ᠶᠢ ᠬᠠᠷᠢᠭᠤᠴᠠᠨ᠎ᠠ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠪᠠ ᠠᠷᠢᠯᠭᠠᠬᠤ ᠠᠵᠢᠯ ᠢ ᠵᠣᠬᠢᠴᠠᠭᠤᠯᠤᠨ ᠰᠢᠢᠳᠪᠦᠷᠢᠯᠡᠵᠦ᠂ ᠬᠠᠷᠢᠶ᠎ᠠ ᠣᠷᠣᠨ ᠤ ᠲᠦᠭᠰᠢᠭᠦᠷᠢ ᠶᠢ ᠰᠢᠢᠳᠪᠦᠷᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠣᠭᠲᠠᠭᠤᠨ ᠪᠠ ᠠᠮᠤᠷ ᠲᠦᠪᠰᠢᠨ ᠢ ᠬᠠᠮᠠᠭᠠᠯᠠᠨ᠎ᠠ᠃ ᠬᠤᠰᠢᠭᠤᠨ ᠤ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠵᠢᠴᠢ ᠪᠥᠬᠦ ᠬᠤᠰᠢᠭᠤᠨ ᠤ ᠠᠵᠤ ᠠᠬᠤᠶᠢᠯᠠᠯ ᠬᠢᠭᠡᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠳᠦᠷ ᠲᠤᠲᠤᠮ ᠤᠨ ᠬᠠᠷᠢᠯᠴᠠᠭ᠎ᠠ ᠪᠠ ᠬᠠᠮᠲᠤᠷᠠᠯᠴᠠᠭ᠎ᠠ ᠶᠢ ᠬᠠᠷᠢᠭᠤᠴᠠᠵᠤ᠂ ᠬᠠᠮᠵᠢᠯᠴᠠᠬᠤ᠂ ᠵᠣᠬᠢᠴᠠᠭᠤᠯᠬᠤ᠂ ᠰᠢᠯᠭᠠᠨ ᠦᠨᠡᠯᠡᠬᠦ ᠪᠠ ᠮᠡᠳᠡᠭᠡ ᠵᠠᠩᠭᠢ ᠰᠣᠯᠢᠯᠴᠠᠬᠤ ᠠᠵᠢᠯ ᠢ ᠰᠠᠶᠢᠲᠤᠷ ᠬᠢᠨ᠎ᠠ᠃      11. ᠠᠵᠤ ᠠᠬᠤᠶ ᠠᠮᠢ ᠠᠬᠤᠶ ᠶᠢᠨ ᠬᠦᠷᠢᠶᠡᠨ ᠤ ᠥᠭᠡᠷᠡᠴᠢᠯᠡᠯᠲᠡ ᠶᠢᠨ ᠠᠵᠢᠯ ᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠠᠵᠤ ᠠᠬᠤᠶ ᠶᠢᠨ ᠠᠮᠢ ᠠᠬᠤᠶ ᠶᠢᠨ ᠬᠦᠷᠢᠶᠡᠨ ᠳᠠᠬᠢ ᠴᠢᠬᠤᠯᠠ ᠶᠡᠭᠡ ᠥᠭᠡᠷᠡᠴᠢᠯᠡᠯᠲᠡ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠵᠤ᠂ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠰᠤᠳᠤᠯᠤᠨ ᠲᠤᠭᠤᠷᠪᠢᠵᠤ᠂ ᠪᠠᠶᠢᠴᠠᠭᠠᠨ ᠰᠤᠳᠤᠯᠵᠤ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃      12. ᠬᠤᠰᠢᠭᠤᠨ ᠤ ᠵᠠᠰᠠᠭ ᠤᠨ ᠣᠷᠳᠣᠨ ᠤ ᠶᠡᠷᠦᠩᠬᠡᠶ ᠵᠢᠵᠢᠭᠦᠷᠯᠡᠬᠦ ᠠᠵᠢᠯ ᠢ ᠬᠠᠷᠢᠭᠤᠴᠠᠨ᠎ᠠ᠃ ᠴᠢᠬᠤᠯᠠ ᠪᠠᠶᠢᠳᠠᠯ ᠢ ᠴᠠᠭ ᠲᠤᠬᠠᠶ ᠳᠤᠨᠢ ᠮᠡᠳᠡᠭᠦᠯᠵᠦ᠂ ᠬᠠᠮᠢᠶ᠎ᠠ ᠪᠥᠬᠦᠶ ᠤᠴᠢᠷ ᠶᠠᠪᠤᠳᠠᠯ ᠢ ᠬᠠᠮᠵᠢᠨ ᠰᠢᠢᠳᠪᠦᠷᠢᠯᠡᠨ᠎ᠡ᠃      13. ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠳᠤ ᠬᠢᠨᠠᠯᠲᠠ ᠲᠠᠯᠪᠢᠬᠤ᠂ ᠠᠯᠪᠠᠨ ᠳᠤ ᠬᠡᠷᠡᠭᠯᠡᠬᠦ ᠬᠡᠷ ᠪᠠᠶᠢᠰᠢᠩ᠂ ᠠᠯᠪᠠᠨ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠵᠡᠷᠭᠡ ᠠᠵᠢᠯ ᠢ ᠵᠢᠯᠣᠭᠤᠳᠤᠨ᠎ᠠ᠃      14. ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号