ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2021/11/22
     ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ︵ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠭᠡᠵᠦ ᠲᠣᠪᠴᠢᠯᠠᠨ᠎ᠠ︶ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ ᠰᠠᠯᠠᠭᠠᠨ ᠲᠠᠰ ᠤᠨ ᠪᠠᠶᠢᠭᠤᠯᠭ᠎ᠠ ᠪᠣᠯᠤᠨ᠎ᠠ᠃      ᠨᠢᠭᠡ᠂ ᠭᠤᠣᠯ ᠡᠭᠦᠷᠭᠡ ᠬᠠᠷᠢᠭᠤᠴᠠᠯᠭ᠎ᠠ      ︵ᠨᠢᠭᠡ︶ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠡᠯ᠎ᠡ ᠰᠤᠮᠤ ᠪᠠᠯᠭᠠᠰᠤ ᠶᠢᠨ ᠡᠯ᠎ᠡ ᠰᠠᠯᠠᠭ᠎ᠠ ᠮᠥᠴᠢᠷ ᠡᠯ᠎ᠡ ᠬᠤᠯᠪᠣᠭᠳᠠᠯ ᠪᠦᠬᠦᠢ ᠨᠢᠭᠡᠴᠡ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠣᠬᠢᠴᠠᠭᠤᠯᠤᠨ ᠵᠢᠯᠣᠭᠤᠳᠬᠤ ᠶᠢ ᠬᠠᠷᠢᠭᠤᠴᠠᠨ᠎ᠠ᠃      ︵ᠬᠤᠶᠠᠷ︶ ᠵᠠᠬᠢᠳᠠᠯ ᠴᠢᠮᠡᠭᠡ ᠭᠦᠢᠴᠡᠳᠬᠡᠬᠦ ᠠᠵᠢᠯ ᠢ ᠬᠠᠷᠢᠭᠤᠴᠠᠨ᠎ᠠ᠃ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠤᠳᠤᠷᠢᠳᠬᠤ ᠨᠥᠬᠦᠳ ᠤᠨ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠳᠠᠭᠠᠭᠠᠨ ᠰᠢᠢᠳᠪᠦᠷᠢᠯᠡᠨ᠎ᠡ᠃ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ ᠪᠠ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠬᠦᠯᠢᠶᠡᠨ ᠠᠪᠬᠤ ᠠᠵᠢᠯ ᠢ ᠬᠠᠷᠢᠭᠤᠴᠠᠨ᠎ᠠ᠃ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠭ᠎ᠠ᠂ ᠵᠠᠬᠢᠳᠠᠯ ᠰᠤᠷᠪᠤᠯᠵᠢᠯᠠᠭ᠎ᠠ ᠶᠢᠨ ᠬᠠᠯᠠᠮᠰᠢᠯ ᠤᠲᠠᠰᠤ ᠶᠢ ᠬᠦᠯᠢᠶᠡᠨ ᠠᠪᠬᠤ᠂ ᠵᠣᠬᠢᠶᠠᠨ ᠪᠠᠶᠢᠭᠤᠯᠵᠤ ᠰᠢᠢᠳᠪᠦᠷᠢᠯᠡᠬᠦ ᠪᠠ ᠬᠠᠷᠢᠭᠤᠯᠲᠠ ᠥᠭᠬᠦ ᠵᠡᠷᠭᠡ ᠠᠵᠢᠯ ᠢ ᠬᠠᠷᠢᠭᠤᠴᠠᠨ᠎ᠠ᠃      ︵ᠭᠤᠷᠪᠠ︶ ᠵᠠᠬᠢᠳᠠᠯ ᠰᠤᠷᠪᠤᠯᠵᠢᠯᠠᠭ᠎ᠠ ᠶᠢᠨ ᠰᠢᠪᠠᠳᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠡᠯ᠎ᠡ ᠰᠤᠮᠤ ᠪᠠᠯᠭᠠᠰᠤ ᠶᠢᠨ ᠡᠯ᠎ᠡ ᠰᠠᠯᠠᠭ᠎ᠠ ᠮᠥᠴᠢᠷ ᠲᠤ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠯᠵᠢᠭᠦᠯᠦᠨ ᠰᠢᠢᠳᠪᠦᠷᠢᠯᠡᠭᠦᠯᠬᠦ᠂ ᠲᠤᠰᠢᠶᠠᠨ ᠰᠢᠢᠳᠪᠦᠷᠢᠯᠡᠭᠦᠯᠬᠦ ᠶᠢ ᠬᠠᠷᠢᠭᠤᠴᠠᠵᠤ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠶᠢ ᠰᠢᠪᠠᠳᠠᠨ ᠪᠠᠶᠢᠴᠠᠭᠠᠵᠤ᠂ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠵᠣᠬᠢᠴᠠᠭᠤᠯᠤᠨ ᠰᠢᠪᠠᠳᠠᠨ ᠰᠢᠢᠳᠪᠦᠷᠢᠯᠡᠬᠦ ᠶᠢ ᠬᠠᠷᠢᠭᠤᠴᠠᠨ᠎ᠠ᠃      ︵ᠳᠥᠷᠪᠡ︶ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠰᠤᠳᠤᠯᠤᠨ ᠮᠠᠭᠠᠳᠯᠠᠬᠤ ᠠᠵᠢᠯ ᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠠᠷᠢᠯᠭᠠᠬᠤ ᠳᠦᠷᠢᠮ᠂ ᠨᠠᠮ ᠵᠠᠰᠠᠭ ᠤᠨ ᠤᠳᠤᠷᠢᠳᠬᠤ ᠺᠠᠳ᠋ᠷ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠡᠳᠦᠷ ᠤᠨ ᠳᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠪᠠᠳᠠᠨ ᠪᠠᠶᠢᠴᠠᠭᠠᠬᠤ ᠶᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠵᠠᠳᠠᠯᠤᠨ ᠰᠢᠨᠵᠢᠯᠡᠵᠦ᠂ ᠲᠤᠷᠰᠢᠯᠭ᠎ᠠ ᠠᠷᠭ᠎ᠠ ᠬᠢᠳᠡᠯ ᠢᠶᠠᠨ ᠳ᠋ᠦᠩᠨᠡᠨ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠬᠠᠮᠢᠶ᠎ᠠ ᠪᠥᠬᠦᠶ ᠰᠠᠨᠠᠭᠤᠯᠭ᠎ᠠ ᠭᠠᠷᠭᠠᠬᠤ ᠶᠢ ᠬᠠᠷᠢᠭᠤᠴᠠᠨ᠎ᠠ᠃      ︵ᠲᠠᠪᠤ︶ ᠵᠠᠬᠢᠳᠠᠯ ᠰᠤᠷᠪᠤᠯᠵᠢᠯᠠᠭ᠎ᠠ ᠶᠢᠨ ᠥᠭᠡᠷᠡᠴᠢᠯᠡᠯᠲᠡ ᠶᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠪᠦᠭᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠵᠢᠯᠣᠭᠤᠳᠤᠨ᠎ᠠ᠃      ︵ᠵᠢᠷᠭᠤᠭ᠎ᠠ︶ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠬᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠲᠣᠭᠲᠠᠭᠠᠭᠰᠠᠨ ᠵᠦᠢᠯᠡᠰ ᠤᠨ ᠨᠠᠶᠢᠳᠠᠪᠤᠷᠢᠵᠢᠭᠤᠯᠤᠯᠲᠠ ᠶᠢ ᠰᠢᠪᠠᠳᠠᠨ ᠪᠠᠶᠢᠴᠠᠭᠠᠨ᠎ᠠ᠃      ︵ᠳᠣᠯᠤᠭ᠎ᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号