ᠰᠢᠨ᠎ᠡ ᠪᠠᠷᠭᠤ ᠪᠠᠷᠠᠭᠤᠨ ᠬᠤᠰᠢᠭᠤᠨ ᠤ ᠡᠮᠡᠭᠲᠡᠶᠢᠴᠦᠳ ᠤᠨ ᠠᠷᠪᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠠᠮᠵᠢᠯᠲᠠ ᠲᠠᠢ ᠬᠤᠷᠠᠯᠳᠤᠪᠠ
ᠨᠡᠶᠢᠲᠡᠯᠡᠭᠰᠡᠨ ᠴᠠᠭ᠄
2021/11/23
    11 ᠰᠠᠷ᠎ᠠ ᠶᠢᠨ 19 ᠤ ᠡᠳᠦᠷ᠂ ᠬᠤᠰᠢᠭᠤᠨ ᠤ ᠡᠮᠡᠭᠲᠡᠶᠢᠴᠦᠳ ᠤᠨ ᠠᠷᠪᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠦᠨᠳᠦᠰᠦᠲᠡᠨ ᠤ ᠰᠣᠶᠣᠯ ᠤᠨ ᠲᠥᠪ ᠤᠨ ᠮᠡᠳᠡᠭᠦᠯᠦᠯᠲᠡ ᠶᠢᠨ ᠲᠢᠩᠬᠢᠮ ᠳᠤ ᠠᠮᠵᠢᠯᠳᠠᠳᠠᠢ ᠬᠤᠷᠠᠯᠳᠤᠪᠠ᠃ ᠬᠤᠷᠠᠯ ᠳᠤ ᠥᠩᠭᠡᠷᠡᠭᠰᠡᠨ ᠲᠠᠪᠤᠨ ᠵᠢᠯ ᠤᠨ ᠮᠠᠨ ᠤ ᠬᠤᠰᠢᠭᠤᠨ ᠤ ᠡᠮᠡᠭᠲᠡᠶᠢᠴᠦᠳ ᠤᠨ ᠦᠢᠯᠡᠰ ᠤᠨ ᠣᠯᠤᠭᠰᠠᠨ ᠬᠥᠭᠵᠢᠯᠲᠡ ᠪᠠ ᠠᠮᠵᠢᠯᠲᠠ ᠶᠢ ᠳ᠋ᠦᠩᠨᠡᠵᠦ᠂ ᠬᠤᠶᠢᠰᠢᠳᠠ ᠶᠢᠨ ᠲᠠᠪᠤᠨ ᠵᠢᠯ ᠤᠨ ᠬᠥᠭᠵᠢᠯᠲᠡ ᠶᠢᠨ ᠴᠢᠭᠯᠡᠯ᠂ ᠠᠵᠢᠯ ᠤᠨ ᠶᠡᠷᠦᠩᠬᠡᠶ ᠱᠠᠭᠠᠷᠳᠠᠯᠭ᠎ᠠ ᠪᠠ ᠭᠤᠤᠯ ᠡᠭᠦᠷᠭᠡ ᠶᠢ ᠲᠣᠳᠣᠷᠬᠠᠶᠢᠯᠠᠪᠠ᠃ ᠬᠥᠯᠥᠨ ᠪᠤᠶᠢᠷ ᠬᠤᠲᠠ ᠶᠢᠨ ᠡᠮᠡᠭᠲᠡᠶᠢᠴᠦᠳ ᠤᠨ  ᠬᠤᠯᠪᠤᠭᠠᠳᠦ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠡᠷᠢᠭᠦᠯᠡᠭᠴᠢ ᠳ᠋ᠦ᠋ ᠬᠠᠶ ᠵᠢᠶᠤᠤ ᠬᠤᠷᠠᠯ ᠳᠤ ᠣᠷᠣᠯᠴᠠᠨ ᠵᠢᠭᠠᠨ ᠵᠢᠯᠣᠭᠤᠳᠴᠤ᠂ ᠬᠤᠰᠢᠭᠤᠨ ᠤ ᠤᠳᠤᠷᠢᠳᠤᠯᠭ᠎ᠠ ᠴᠠᠩ ᠴᠢᠩ᠂ ᠴᠧᠨ ᠯᠦᠩ᠂ ᠳᠠᠰᠢᠵᠠᠮᠰᠦ᠂ ᠵᠢᠶᠠ ᡁᠢ ᠺᠦᠶ ᠬᠤᠷᠠᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
        ᠡᠬᠢᠯᠡᠯᠲᠡ ᠶᠢᠨ ᠶᠣᠰᠣᠯᠠᠯ ᠳᠡᠭᠡᠷ᠎ᠡ ᠴᠠᠩ ᠴᠢᠩ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠲᠠᠪᠤᠨ ᠵᠢᠯ ᠪᠣᠯ ᠪᠦᠭᠦ ᠬᠤᠰᠢᠭᠤᠨ ᠤ ᠡᠮᠡᠭᠲᠡᠶᠢᠴᠦᠳ ᠤᠨ ᠪᠠᠶᠢᠷᠢ ᠰᠠᠭᠤᠷᠢ ᠦᠷᠭᠦᠯᠵᠢᠯᠡᠨ ᠳᠡᠭᠡᠭᠰᠢᠯᠡᠵᠦ᠂ ᠡᠮᠡᠭᠲᠡᠶᠢᠴᠦᠳ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠮᠡᠭᠲᠡᠶᠢᠴᠦᠳ ᠤᠨ ᠦᠢᠯᠡᠰ ᠥᠷᠨᠢᠩᠭᠦᠶ ᠪᠠᠷ ᠬᠥᠭᠵᠢᠭᠰᠡᠨ ᠲᠠᠪᠤᠨ ᠵᠢᠯ ᠪᠣᠯᠤᠨ᠎ᠠ᠃ ᠲᠠᠪᠤᠨ ᠵᠢᠯ ᠤᠨ ᠲᠤᠷᠰᠢ᠂ ᠪᠦᠭᠦ ᠬᠤᠰᠢᠭᠤᠨ ᠤ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠤᠭᠠᠳᠦ ᠬᠤᠷᠠᠯ ᠤᠨ ᠵᠣᠬᠢᠶᠠᠨ ᠪᠠᠶᠢᠭᠤᠯᠤᠯᠲᠠ ᠭᠤᠤᠯ ᠠᠵᠢᠯ ᠤᠨ ᠲᠣᠭᠤᠷᠢᠨ ᠳᠤ᠂ ᠪᠦᠭᠦ ᠲᠠᠯ᠎ᠠ ᠳᠤ ᠦᠢᠯᠡᠴᠢᠯᠡᠵᠦ᠂ ᠦᠨᠳᠦᠰᠦᠨ ᠱᠠᠲᠤᠨ ᠳᠤ ᠰᠠᠭᠤᠷᠢᠯᠠᠨ᠂ ᠡᠮᠡᠭᠲᠡᠶᠢᠴᠦᠳ ᠲᠤ ᠦᠢᠯᠡᠴᠢᠯᠡᠵᠦ᠂ ᠥᠷᠭᠡᠨ ᠤᠯᠠᠨ ᠡᠮᠡᠭᠲᠡᠶᠢᠴᠦᠳ ᠢ ᠪᠦᠯᠬᠦᠮᠳᠡᠭᠦᠯᠦᠨ ᠲᠠᠶᠢᠴᠢᠯᠠᠵᠤ ᠰᠢᠨ᠎ᠡ ᠪᠠᠷᠭᠤ ᠪᠠᠷᠠᠭᠤᠨ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃ ᠲᠠᠪᠤᠨ ᠵᠢᠯ ᠤᠨ ᠲᠤᠷᠰᠢ᠂ ᠪᠦᠭᠦ ᠬᠤᠰᠢᠭᠤᠨ ᠤ ᠥᠷᠭᠡᠨ ᠤᠯᠠᠨ ᠡᠮᠡᠭᠲᠡᠶᠢᠴᠦᠳ ᠡᠵᠡᠨ ᠬᠥᠮᠦᠨ ᠤ ᠣᠪᠣᠷ ᠢᠶᠠᠷ ᠡᠯ᠎ᠡ ᠬᠦᠷᠢᠶ᠎ᠡ ᠴᠠᠷᠠᠭ᠎ᠠ᠂ ᠡᠯ᠎ᠡ ᠹᠷᠣᠨᠲ ᠲᠤ ᠠᠪᠢᠶᠠᠰ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠰᠡᠳᠬᠢᠯ ᠬᠥᠳᠡᠯᠭᠡᠮ᠎ᠡ ᠡᠮᠡᠭᠲᠡᠶᠢᠴᠦᠳ ᠤᠨ ᠮᠠᠭᠲᠠᠭᠠᠯ ᠳᠠᠭᠤᠤ ᠶᠢ ᠪᠢᠴᠢᠭᠯᠡᠭᠰᠡᠨ ᠪᠠᠶᠢᠨ᠎ᠠ᠃
        ᠬᠥᠯᠥᠨ ᠪᠤᠶᠢᠷ ᠬᠤᠲᠠ ᠶᠢᠨ ᠡᠮᠡᠭᠲᠡᠶᠢᠴᠦᠳ ᠤᠨ ᠬᠤᠯᠪᠤᠭᠠᠳᠦ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠡᠷᠢᠭᠦᠯᠡᠭᠴᠢ ᠳ᠋ᠦ᠋ ᠬᠠᠶ ᠵᠢᠶᠤᠤ ᠮᠠᠨ ᠤ ᠬᠤᠰᠢᠭᠤᠨ ᠤ ᠡᠮᠡᠭᠲᠡᠶᠢᠴᠦᠳ ᠤᠨ ᠬᠤᠯᠪᠤᠭᠠᠳᠦ ᠬᠤᠷᠠᠯ ᠤᠨ ᠠᠵᠢᠯ ᠳᠤ ᠱᠠᠭᠠᠷᠳᠠᠯᠭ᠎ᠠ ᠳᠤᠷᠠᠳᠪᠠ᠃
        ᠬᠤᠷᠠᠯ ᠳᠤ ᠪᠠᠰᠠ ︽ᠰᠤᠳᠤᠨ ᠡᠮᠡᠭᠲᠡᠶᠢᠴᠦᠳ ᠨᠠᠮ ᠢᠶᠠᠨ ᠬᠠᠶᠢᠷᠠᠯᠠᠨ ᠰᠢᠨ᠎ᠡ ᠠᠶᠠᠨ ᠵᠠᠮ ᠢᠶᠠᠨ ᠡᠬᠢᠯᠡᠭᠦᠯᠵᠦ ᠂ ᠪᠥᠬᠦ ᠬᠤᠰᠢᠭᠤᠨ ᠤ ᠡᠮᠡᠭᠲᠡᠶᠢᠴᠦᠳ ᠢ ᠪᠦᠯᠬᠦᠮᠳᠡᠭᠦᠯᠦᠨ ᠳᠠᠭᠠᠭᠤᠯᠵᠤ ᠦᠵᠡᠰᠬᠦᠯᠡᠩᠲᠦ ᠰᠠᠶᠢᠬᠠᠨ ᠡᠶ᠎ᠡ ᠵᠣᠬᠢᠴᠠᠯ ᠲᠠᠢ ᠰᠢᠨ᠎ᠡ ᠪᠠᠷᠭᠤ ᠪᠠᠷᠠᠭᠤᠨ ᠬᠤᠰᠢᠭᠤ ᠶᠢ ᠪᠥᠲᠥᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠶ᠎ᠡ︾ ᠭᠡᠬᠦ ᠰᠡᠳᠦᠪ ᠢᠶᠠᠷ ᠮᠡᠳᠡᠭᠦᠯᠦᠯᠲᠡ ᠶᠢ ᠰᠣᠨᠣᠰᠴᠠᠶ᠃
        ᠶᠡᠭᠡ ᠬᠤᠷᠠᠯ ᠤᠨ ᠵᠥᠪᠯᠡᠬᠦ ᠵᠦᠢᠯ ᠢ ᠦᠨᠳᠦᠰᠦᠯᠡᠨ᠂ ᠬᠤᠰᠢᠭᠤᠨ ᠤ ᠡᠮᠡᠭᠲᠡᠶᠢᠴᠦᠳ ᠤᠨ ᠬᠤᠯᠪᠤᠭᠠᠳᠦ ᠬᠤᠷᠠᠯ ᠤᠨ ᠠᠷᠪᠠᠳᠤᠭᠠᠷ ᠬᠤᠭᠤᠴᠠᠭᠠᠨ ᠤ ᠭᠦᠢᠴᠡᠳᠬᠡᠬᠦ ᠵᠦᠪᠯᠡᠯ ᠤᠨ ᠪᠠᠶᠢᠩᠭᠤ ᠶᠢᠨ ᠭᠡᠰᠢᠭᠦᠨ 11 ᠬᠥᠮᠦᠨ ᠢ ᠰᠣᠩᠭᠤᠨ ᠭᠠᠷᠭᠠᠵᠤ᠂ ᠭᠦᠢᠴᠡᠳᠬᠡᠬᠦ ᠵᠦᠪᠯᠡᠯ ᠤᠨ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠲᠦᠷ ᠲᠤᠰᠢᠶᠠᠯ ᠡᠭᠦᠷᠭᠡᠯᠡᠬᠦ ᠳᠡᠳ᠋ ᠲᠡᠷᠢᠭᠦᠯᠡᠭᠴᠢ᠂ ᠲᠤᠰᠢᠶᠠᠯ  ᠬᠠᠪᠰᠤᠷᠭᠠᠬᠤ ᠳᠡᠳ᠋ ᠲᠡᠷᠢᠭᠦᠯᠡᠭᠴᠢ ᠵᠢᠴᠢ ᠪᠠᠶᠢᠩᠭᠤ ᠶᠢᠨ ᠭᠡᠰᠢᠭᠦᠨ ᠢ ᠰᠣᠩᠭᠤᠨ ᠭᠠᠷᠭᠠᠪᠠ᠃ ︽ᠰᠢᠨ᠎ᠡ ᠪᠠᠷᠭᠤ ᠪᠠᠷᠠᠭᠤᠨ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠶᠢᠰᠦᠳᠦᠭᠡᠷ ᠬᠤᠭᠤᠴᠠᠭᠠᠨ ᠤ ᠭᠦᠢᠴᠡᠳᠬᠡᠬᠦ ᠵᠦᠪᠯᠡᠯ ᠤᠨ ᠮᠡᠳᠡᠭᠦᠯᠦᠯᠲᠡ ᠶᠢᠨ ᠲᠤᠬᠠᠶ ᠰᠢᠢᠳᠪᠦᠷᠢ︾ ᠶᠢ ᠬᠢᠨᠠᠨ ᠶᠠᠷᠢᠯᠴᠠᠵᠤ ᠪᠠᠲᠤᠯᠠᠪᠠ᠃
        ᠵᠢᠶᠠ ᡁᠢ ᠺᠦᠢ ᠵᠢᠭᠠᠵᠦ ᠭᠠᠷᠭᠠᠬᠤ ᠳᠠᠭᠠᠨ᠂ ᠡᠨᠡ ᠤᠳᠠᠭᠠᠨ ᠤ ᠬᠤᠷᠠᠯ ᠪᠣᠯ ᠬᠦᠴᠦ ᠰᠡᠳᠬᠢᠯ ᠨᠢᠭᠡᠳᠦᠨ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠬᠦ ᠶᠡᠭᠡ ᠬᠤᠷᠠᠯ ᠮᠥᠨ᠂ ᠪᠠᠰᠠ ᠴᠤ ᠦᠨᠡᠨ ᠢ ᠪᠠᠷᠢᠮᠲᠠᠯᠠᠨ ᠰᠢᠨ᠎ᠡ ᠶᠢ ᠡᠭᠦᠳᠬᠦ᠂ ᠤᠷᠢᠳᠤᠬᠢ ᠶᠢ ᠵᠠᠯᠭᠠᠮᠵᠢᠯᠠᠨ ᠢᠷᠡᠭᠡᠳᠦᠶ ᠶᠢ ᠨᠡᠭᠡᠭᠡᠬᠦ ᠶᠡᠭᠡ ᠬᠤᠷᠠᠯ ᠮᠥᠨ᠂ ᠡᠨᠡ ᠨᠢ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠮᠠᠨ ᠤ ᠬᠤᠰᠢᠭᠤᠨ ᠤ ᠡᠮᠡᠭᠲᠡᠶᠢᠴᠦᠳ ᠤᠨ ᠦᠢᠯᠡᠰ ᠤᠨ ᠰᠢᠨ᠎ᠡ ᠪᠠᠶᠢᠳᠠᠯ ᠢ ᠪᠤᠢ ᠪᠣᠯᠭᠠᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠡᠭᠦᠨ ᠤ ᠬᠠᠮᠲᠤ᠂ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠤᠭᠠᠳᠦ ᠬᠤᠷᠠᠯ ᠤᠨ ᠵᠣᠬᠢᠶᠠᠨ ᠪᠠᠶᠢᠭᠤᠯᠤᠯᠲᠠ ᠤᠯᠤᠰ ᠲᠦᠷᠦᠴᠢ ᠴᠢᠨᠠᠷ ᠢᠶᠠᠨ ᠦᠨᠡᠨᠬᠦ ᠪᠠᠲᠤᠳᠬᠠᠵᠤ᠂ ᠲᠡᠷᠢᠭᠦᠨ ᠤ ᠴᠢᠨᠠᠷ ᠢᠶᠠᠨ ᠳᠤᠪᠤᠶᠢᠯᠭᠠᠨ᠂ ᠤᠯᠠᠨ ᠲᠦᠮᠡᠨᠴᠢ ᠴᠢᠨᠠᠷ ᠢᠶᠠᠨ ᠴᠢᠩᠭᠠᠳᠬᠠᠵᠤ᠂ ᠨᠠᠮ ᠪᠣᠯᠤᠨ ᠵᠠᠰᠠᠭ ᠤᠨ ᠣᠷᠳᠣᠨ ᠤ ᠡᠮᠡᠭᠲᠡᠶᠢᠴᠦᠳ ᠤᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠶᠡᠭᠡ ᠬᠤᠷᠠᠯ ᠠᠴᠠ ᠳᠤᠷᠠᠳᠤᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠬᠤ ᠬᠡᠷᠡᠭᠲᠡᠢ ᠭᠡᠵᠡᠢ᠃
        ᠬᠤᠰᠢᠭᠤᠨ ᠤ ᠡᠮᠡᠭᠲᠡᠶᠢᠴᠦᠳ ᠤᠨ ᠠᠷᠪᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠡᠯ᠎ᠡ ᠵᠦᠢᠯ ᠤᠨ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠬᠦᠯᠵᠦ ᠬᠤᠷᠠᠯ ᠳᠡᠬᠦᠰᠪᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号