ᠮᠠᠨ ᠤ ᠬᠤᠰᠢᠭᠤᠨ ᠤ ᠠᠩᠬᠠᠳᠠᠭᠴᠢ ᠦᠨᠳᠦᠰᠦᠨ ᠱᠠᠲᠤᠨ ᠤ ︽ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠠᠵᠢᠯᠯᠠᠬᠤ ᠳᠠᠰᠤᠭ ︵ᠥᠷᠲᠡᠭᠡ︶︾ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2021/11/23
    11 ᠰᠠᠷ᠎ᠠ ᠶᠢᠨ 19 ᠤ ᠡᠳᠦᠷ᠂ ᠮᠠᠨ ᠤ ᠬᠤᠰᠢᠭᠤᠨ ᠤ ᠠᠩᠬᠠᠳᠠᠭᠴᠢ ᠦᠨᠳᠦᠰᠦᠨ ᠱᠠᠲᠤᠨ ᠤ ︽ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠠᠵᠢᠯᠯᠠᠬᠤ ᠳᠠᠰᠤᠭ ︵ᠥᠷᠲᠡᠭᠡ︶︾ — ᠦᠢᠯᠡᠳᠪᠦᠷᠢ ᠬᠤᠳᠠᠯᠳᠤᠭᠠᠨ ᠤ ᠬᠤᠯᠪᠤᠭᠠᠳᠦ ᠬᠤᠷᠠᠯ ᠤᠨ ︽ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠠᠵᠢᠯᠯᠠᠬᠤ ᠳᠠᠰᠤᠭ︾ ᠪᠠᠶᠢᠭᠤᠯᠤᠭᠳᠠᠪᠠ᠃ ᠠᠵᠢᠯᠯᠠᠬᠤ ᠳᠠᠰᠤᠭ ᠨᠢ ︽︿ᠪᠠᠭᠤᠯᠭᠠᠬᠤ ᠬᠠᠮᠢᠶᠠᠷᠬᠤ ᠦᠢᠯᠡᠴᠢᠯᠡᠬᠦ﹀ ᠥᠭᠡᠷᠡᠴᠢᠯᠡᠯᠲᠡ ᠶᠢ ᠠᠬᠢᠭᠤᠯᠵᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠴᠢᠨᠠᠭᠰᠢᠳᠠ ᠰᠢᠯᠢᠳᠡᠭᠵᠢᠭᠦᠯᠬᠦ﹀ ᠵᠥᠪᠯᠡᠬᠦ ᠰᠡᠳᠦᠪ ᠤᠨ ᠲᠣᠭᠤᠷᠢᠨ ᠳᠤ᠂ ᠠᠩᠬᠠᠳᠤᠭᠠᠷ ᠤᠳᠠᠭ᠎ᠠ ᠶᠢᠨ ᠵᠦᠪᠳᠡᠯᠴᠡᠬᠦ ᠪᠠ ᠭᠡᠷᠡᠭ ᠵᠥᠪᠯᠡᠬᠦ ᠬᠤᠷᠠᠯ ᠬᠤᠷᠠᠯᠳᠤᠭᠤᠯᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠢᠨ ᠨᠡᠷ᠎ᠡ ᠳᠤᠷᠠᠳᠤᠭᠳᠠᠭᠴᠢ ᠳᠠᠰᠢᠵᠠᠮᠰᠦ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠧᠨ ᠱᠸᠤ ᡁᠢ ᠵᠢᠴᠢ ᠬᠡᠰᠡᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠤᠰᠢᠭᠤᠨ ᠤ ᠬᠤᠳᠠᠯᠳᠤᠭᠠᠴᠢᠳ ᠤᠨ ᠶᠡᠷᠦᠩᠬᠡᠶ ᠡᠪᠯᠡᠯ ᠤᠨ ᠭᠡᠰᠢᠭᠦᠨ ᠤ ᠲᠥᠯᠥᠭᠡᠯᠡᠭᠴᠢ ᠬᠤᠷᠠᠯ ᠳᠤ ᠣᠷᠣᠯᠴᠠᠵᠠᠶ
        ᠬᠤᠷᠠᠯ ᠠᠴᠠ ︽ᠤᠯᠤᠰ ᠲᠦᠷᠦ ᠶᠢᠨ ᠵᠥᠪᠯᠡᠯᠭᠡᠨ ᠤ ᠬᠤᠷᠢᠶᠠᠨ ᠤ ᠠᠵᠢᠯᠯᠠᠬᠤ ᠳᠠᠰᠤᠭ ︵ᠦᠷᠲᠡᠭᠡ︶︾ ᠢ ᠪᠠᠶᠢᠭᠤᠯᠬᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠬᠦᠯᠢᠶᠡᠨ ᠰᠣᠨᠣᠰᠪᠠ︔ ︽︿ᠪᠠᠭᠤᠯᠭᠠᠬᠤ ᠬᠠᠮᠢᠶᠠᠷᠬᠤ ᠦᠢᠯᠡᠴᠢᠯᠡᠬᠦ﹀ ᠥᠭᠡᠷᠡᠴᠢᠯᠡᠯᠲᠡ ᠶᠢ ᠲᠦᠯᠬᠢᠨ ᠠᠬᠢᠭᠤᠯᠵᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠴᠢᠨᠠᠭᠰᠢᠳᠠ ᠰᠢᠯᠢᠳᠡᠭᠵᠢᠭᠦᠯᠬᠦ︾ ᠵᠥᠪᠯᠡᠬᠦ ᠰᠡᠳᠦᠪ ᠢ ᠬᠢᠨᠠᠨ ᠶᠠᠷᠢᠯᠴᠠᠪᠠ᠃    ᠳᠠᠰᠢᠵᠠᠮᠰᠤ ᠦᠢᠯᠡᠳᠪᠦᠷᠢ ᠬᠤᠳᠠᠯᠳᠤᠭᠠᠨ ᠤ ᠬᠤᠯᠪᠤᠭᠠᠳᠦ ᠬᠤᠷᠠᠯ ᠤᠨ ︽ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠠᠵᠢᠯᠯᠠᠬᠤ ᠳᠠᠰᠤᠭ︾ ᠪᠠᠶᠢᠭᠤᠯᠤᠭᠳᠠᠭᠰᠠᠨ ᠳᠤ ᠪᠠᠶᠠᠷ ᠬᠦᠷᠭᠡᠵᠦ ᠪᠠᠶᠢᠬᠤ ᠪᠠᠨ ᠢᠯᠡᠳᠭᠡᠵᠦ᠂ ᠬᠤᠷᠠᠯ ᠤᠨ ᠵᠥᠪᠯᠡᠬᠦ ᠰᠡᠳᠦᠪ ᠤᠨ ᠲᠣᠭᠤᠷᠢᠨ ᠳᠤ ᠴᠢᠬᠤᠯᠠᠴᠢᠯᠠᠬᠤ ᠳᠠᠭᠠᠨ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠠᠵᠢᠯᠯᠠᠬᠤ ᠲᠠᠰᠤᠭ ᠨᠢ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠰᠢᠨ᠎ᠡ ᠲᠠᠪᠴᠠᠩ ᠪᠣᠯᠤᠭᠰᠠᠨ ᠤ ᠬᠤᠪᠢ ᠳᠤ᠂ ᠡᠭᠦᠨ ᠤ ᠳᠠᠪᠠᠭᠤᠯᠢᠭ ᠢ ᠦᠨᠡᠨ ᠬᠦ ᠪᠠᠳᠠᠷᠠᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠠᠵᠢᠯ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠥᠷᠭᠡᠳᠬᠡᠨ ᠳᠡᠭᠡᠭᠰᠢᠯᠡᠭᠦᠯᠬᠦ ᠬᠡᠷᠡᠭᠲᠡᠶ᠃ ᠡᠯ᠎ᠡ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠬᠢᠨ ᠢᠯᠡᠭᠦᠬᠡᠨ ᠨᠡᠪᠲᠡᠷᠡᠯᠴᠡᠵᠦ᠂ ᠰᠠᠨᠠᠯ ᠢᠶᠠᠨ ᠰᠣᠯᠢᠯᠴᠠᠨ᠂ ᠬᠠᠮᠲᠤ ᠪᠠᠷ ᠳᠡᠭᠡᠭᠰᠢᠯᠡᠭᠦᠯᠦᠨ ᠬᠠᠮᠲᠤ ᠪᠠᠷ ᠬᠥᠭᠵᠢᠭᠦᠯᠵᠦ᠂ ᠬᠦᠴᠦ ᠰᠡᠳᠬᠢᠯ ᠨᠢᠭᠡᠳᠦᠨ᠂ ᠮᠠᠨ ᠤ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠬᠦᠬᠦ ᠭᠡᠷᠡᠭᠳᠡᠢ ᠭᠡᠵᠡᠢ᠃     ᠳᠠᠰᠢᠵᠠᠮᠰᠦ᠂ ᠳᠠᠷᠠᠭᠠᠴᠢ ᠶᠢᠨ ᠠᠯᠬᠤᠮ ᠤᠨ ᠠᠵᠢᠯ ᠳᠤ᠂ ᠦᠢᠯᠡᠳᠪᠦᠷᠢ ᠬᠤᠳᠠᠯᠳᠤᠭᠠᠨ ᠤ ᠬᠤᠯᠪᠤᠭᠠᠳᠦ ᠬᠤᠷᠠᠯ ᠤᠨ ︽ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠠᠵᠢᠯᠯᠠᠬᠤ ᠳᠠᠰᠤᠭ︾ ᠰᠤᠷᠤᠯᠴᠠᠵᠦ ᠰᠡᠳᠬᠢᠬᠦ᠂ ᠪᠠᠶᠢᠴᠠᠭᠠᠨ ᠰᠤᠳᠤᠯᠤᠯᠲᠠ ᠬᠢᠬᠦ ᠶᠢ ᠳᠤᠪᠤᠶᠢᠮ᠎ᠠ ᠪᠠᠶᠢᠷᠢᠨ ᠳᠤ ᠲᠠᠯᠪᠢᠵᠤ᠂ ᠵᠥᠪᠳᠡᠯᠴᠡᠨ ᠬᠢᠨᠠᠯᠲᠠ ᠲᠠᠯᠪᠢᠬᠤ ᠶᠢ ᠨᠡᠩ ᠦᠨᠳᠦᠰᠦ ᠪᠠᠷᠢᠮᠲᠠ ᠲᠠᠢ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠳᠤ ᠨᠡᠩ ᠰᠠᠭᠤᠷᠢ ᠲᠠᠢ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠶᠢ ᠨᠡᠩ ᠶᠠᠰᠤ ᠴᠢᠨᠠᠷ ᠲᠠᠢ ᠪᠣᠯᠭᠠᠬᠤ ᠬᠡᠷᠡᠭᠲᠡᠢ᠃ ᠤᠬᠠᠮᠰᠠᠷ ᠠᠴᠠ ᠪᠠᠨ ︽ᠬᠢᠨᠠᠯᠲᠠ ᠲᠠᠯᠪᠢᠬᠤ ᠬᠡᠯᠪᠡᠷᠢ ᠪᠠᠷ ᠵᠥᠪᠳᠡᠯᠴᠡᠬᠦ︾ ᠪᠠᠷ ᠭᠤᠤᠯᠯᠠᠭᠤᠯᠤᠨ᠂ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠲᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠤᠯᠤᠰ ᠲᠥᠷᠥ ᠶᠢᠨ ᠵᠥᠪᠯᠡᠯᠭᠡᠨ ᠤ ᠵᠢᠳᠬᠦᠯ ᠴᠢᠷᠮᠠᠶᠢᠯᠭ᠎ᠠ ᠶᠢ ᠢᠯᠡᠷᠡᠭᠦᠯᠦᠨ᠂ ᠭᠡᠰᠢᠭᠦᠳ ᠤᠨ ᠴᠤᠭ ᠵᠢᠪᠬᠤᠭ᠎ᠠ ᠶᠢ ᠢᠯᠡᠷᠡᠭᠦᠯᠬᠦ ᠬᠡᠷᠡᠭᠲᠡᠶ ᠭᠡᠵᠦ ᠱᠠᠭᠠᠷᠳᠠᠪᠠ᠃    ᠴᠧᠨ ᠱᠸᠤ ᡁᠢ ᠢᠯᠡᠷᠬᠡᠶᠢᠯᠡᠬᠦ ᠳᠡᠭᠡᠨ᠂ ︽ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠠᠵᠢᠯᠯᠠᠬᠤ ᠦᠷᠦᠭᠡ ︵ᠳᠠᠰᠤᠭ︶︾ ᠤᠨ ᠪᠠᠶᠢᠭᠤᠯᠤᠭᠳᠠᠭᠰᠠᠨ ᠨᠢ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ  ᠬᠦᠢᠴᠡᠳᠭᠡᠬᠦ ᠠᠴᠢᠶᠠᠯᠠᠪᠤᠷᠢ ᠶᠢᠨ ᠰᠢᠨ᠎ᠡ ᠶᠢ ᠡᠭᠦᠳᠬᠦ᠂ ᠡᠭᠦᠷᠭᠡ ᠲᠤᠰᠢᠶᠠᠯ ᠢᠶᠠᠨ ᠬᠦᠢᠴᠡᠳᠭᠡᠬᠦ ᠬᠡᠪᠴᠢᠶ᠎ᠡ ᠶᠢ ᠥᠷᠭᠡᠳᠬᠡᠬᠦ᠂ ᠡᠭᠦᠷᠭᠡ ᠲᠤᠰᠢᠶᠠᠯ ᠢᠶᠠᠨ ᠬᠦᠢᠴᠡᠳᠭᠡᠬᠦ ᠠᠷᠭ᠎ᠠ ᠵᠠᠮ ᠢ ᠥᠷᠭᠡᠳᠬᠡᠬᠦ ᠴᠢᠬᠤᠯᠠ ᠠᠷᠭ᠎ᠠ ᠬᠡᠮᠵᠢᠶ᠎ᠡ ᠮᠥᠨ᠂ ᠮᠠᠨ ᠤ ᠬᠤᠰᠢᠭᠤᠨ ᠤ ᠠᠩᠬᠠᠳᠠᠭᠴᠢ ︽ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠠᠵᠢᠯᠯᠠᠬᠤ ᠳᠠᠰᠤᠭ︾ ᠤᠨ ᠪᠠᠶᠢᠭᠤᠯᠤᠭᠳᠠᠭᠰᠠᠨ ᠨᠢ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠰᠢᠨ᠎ᠡ ᠬᠥᠭᠵᠢᠯᠲᠡ ᠶᠢᠨ ᠱᠠᠲᠤᠨ ᠳᠤ ᠤᠷᠤᠭᠰᠠᠨ ᠢ ᠬᠠᠷᠠᠭᠤᠯᠵᠤ ᠪᠤᠢ ᠭᠡᠵᠡᠢ᠃    ᠣᠶᠢᠯᠠᠭᠠᠭᠰᠠᠨ ᠢᠶᠠᠷ᠂ ᠣᠳᠣᠬᠠᠨ ᠳᠤ᠂ ᠮᠠᠨ ᠤ ᠬᠤᠰᠢᠭᠤ ᠨᠡᠶᠢᠲᠡ 8 ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠠᠵᠢᠯ ᠤᠨ ᠳᠠᠰᠤᠭ ᠪᠠ 2 ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠠᠵᠢᠯ ᠤᠨ ᠥᠷᠲᠡᠭᠡ ᠶᠢ ᠪᠠᠶᠢᠭᠤᠯᠬᠤ ᠪᠠᠷ ᠪᠡᠯᠡᠳᠬᠡᠵᠦ ᠪᠣᠶ᠂ ᠡᠭᠦᠨ ᠳᠤ᠂ ᠦᠢᠯᠡᠳᠪᠦᠷᠢ ᠬᠤᠳᠠᠯᠳᠤᠭᠠᠨ ᠤ ᠬᠤᠯᠪᠤᠭᠠᠳᠦ ᠬᠤᠷᠠᠯ ᠤᠨ ︽ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠲᠠᠰᠤᠭ︾ ᠪᠣᠯ ᠪᠥᠬᠦ ᠬᠤᠰᠢᠭᠤᠨ ᠤ ᠠᠩᠬᠠᠳᠠᠭᠴᠢ ᠵᠥᠪᠳᠡᠯᠴᠡᠬᠦ ᠪᠠ ᠬᠡᠷᠡᠭ ᠵᠥᠪᠯᠡᠬᠦ ᠠᠵᠢᠯᠯᠠᠭ᠎ᠠ ᠥᠷᠨᠢᠭᠦᠯᠬᠦ ᠠᠵᠢᠯ ᠤᠨ ᠲᠠᠰᠤᠭ ᠪᠣᠯᠤᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号