ᠰᠣᠶᠣᠯ ᠵᠢᠭᠤᠯᠴᠢᠯᠠᠯ ᠤᠨ ᠶᠠᠮᠤᠨ ᠣᠷᠴᠢᠮᠬᠠᠨ ᠳᠤ ︽ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ | ᠢᠲᠡᠭᠡᠮᠵᠢ ᠶᠢᠨ ᠬᠠᠮᠢᠶᠠᠷᠤᠯᠲᠠ ᠶᠢᠨ ᠲᠣᠭᠲᠠᠭᠠᠯ︾ ︵ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠷᠯᠢᠭ 7 ᠳ᠋ᠤᠭᠠᠷ | ᠨᠤᠮᠧᠷᠲᠤ᠂ ᠲᠤᠭᠤᠭᠰᠢ ︽ᠲᠤᠭᠲᠠᠭᠠᠯ︾ ᠭᠡᠵᠦ ᠲᠤᠪᠴᠢᠯᠠᠨ᠎ᠠ︶ ᠢ ᠨᠡᠶᠢᠲᠡᠯᠡᠵᠦ᠂ 2022 ᠣᠨ ᠤ 1 ᠰᠠᠷ᠎ᠠ ᠶᠢᠨ | 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢ ᠪᠦᠷᠢᠨᠰᠢᠭᠦᠯᠬᠦ ᠲᠤᠬᠠᠶ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠬᠠᠮᠢᠶᠠᠷᠤᠯᠲᠠ ᠶᠢ | ᠴᠢᠩᠭᠠᠳᠬᠠᠨ ᠵᠢᠷᠤᠮᠵᠢᠭᠤᠯᠵᠤ᠂ ᠢᠲᠡᠭᠡᠮᠵᠢ ᠪᠠᠷ ᠰᠠᠭᠤᠷᠢ ᠪᠣᠯᠭᠠᠭᠰᠠᠨ ᠰᠢᠨ᠎ᠡ ᠬᠡᠯᠪᠡᠷᠢ ᠶᠢᠨ ᠬᠢᠨᠠᠯᠲᠠ | ᠬᠠᠮᠢᠶᠠᠷᠤᠯᠲᠠ ᠶᠢᠨ ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ | ᠴᠣᠭᠴᠠ᠂ ᠠᠵᠢᠯ ᠡᠷᠭᠢᠯᠡᠭᠰᠡᠳ ᠪᠠ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ | ᠲᠤᠰᠠᠳᠠ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠰᠣᠶᠣᠯ ᠪᠠ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠰᠣᠶᠣᠯ ᠪᠠ ᠵᠢᠭᠤᠯᠴᠢᠯᠠᠯ ᠤᠨ | ᠶᠠᠮᠤᠨ ᠠᠴᠠ ︽ᠲᠣᠭᠲᠠᠭᠠᠯ︾ ᠢ ᠨᠡᠶᠢᠲᠡᠯᠡᠪᠡ᠃ | ︽ᠲᠣᠭᠲᠠᠭᠠᠯ︾ ᠨᠢ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠪᠥᠬᠦ ᠠᠮᠢ ᠨᠠᠰᠤᠨ ᠤ ᠦᠶᠡᠯᠡᠯ ᠳᠤ | ᠲᠤᠭᠤᠰᠢᠯᠠᠭᠳᠠᠭᠰᠠᠨ᠂ ᠬᠡᠷᠡᠭ ᠤᠨ ᠡᠮᠦᠨᠡᠬᠢ᠂ ᠭᠡᠷᠡᠭ ᠤᠨ ᠳᠤᠮᠳᠠᠬᠢ᠂ ᠬᠡᠷᠡᠭ ᠤᠨ ᠳᠠᠷᠠᠭᠠᠬᠢ ᠪᠦᠬᠦ ᠬᠢᠨᠠᠯᠲᠠ | ᠬᠠᠮᠢᠶᠠᠷᠤᠯᠲᠠ ᠶᠢᠨ ᠭᠤᠭᠴᠤᠭ᠎ᠠ ᠶᠢ ᠵᠣᠯᠭᠠᠭᠤᠯᠬᠤ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ | ᠲᠣᠭᠲᠠᠴᠠ ᠶᠢ ᠴᠣᠭᠴᠠᠯᠠᠬᠤ ᠳᠤ ᠰᠠᠭᠤᠷᠢᠯᠠᠵᠤ᠂ ᠨᠡᠶᠢᠲᠡ 9 ᠪᠦᠯᠦᠭ 37 ᠵᠦᠢᠯ ᠲᠠᠢ᠂ ᠰᠣᠶᠣᠯ ᠪᠠ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠢᠲᠡᠭᠡᠮᠵᠢ ᠠᠯᠳᠠᠭᠰᠠᠨ ᠭᠤᠤᠯ ᠴᠣᠭᠴᠠ ᠶᠢ ᠮᠠᠭᠠᠳᠯᠠᠨ ᠲᠣᠭᠲᠠᠭᠠᠬᠤ ᠪᠠ | ᠬᠠᠮᠢᠶᠠᠷᠬᠤ ᠲᠦᠷᠢᠮ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠵᠦ ᠢᠯᠡ ᠪᠣᠯᠭᠠᠬᠤ ᠪᠠ | ᠬᠠᠮᠲᠤ ᠪᠠᠷ ᠡᠳ᠋ᠯᠡᠬᠦ ᠳᠦᠷᠢᠮ᠂ ᠢᠲᠡᠭᠡᠮᠵᠢ ᠶᠢ ᠰᠡᠷᠭᠦᠭᠡᠬᠦ ᠳᠦᠷᠢᠮ᠂ ᠢᠲᠡᠭᠡᠮᠵᠢ ᠶᠢᠨ ᠦᠨᠡᠯᠡᠯᠲᠡ ᠶᠢᠨ ᠳᠦᠷᠢᠮ᠂ | ᠢᠲᠡᠭᠡᠮᠵᠢ ᠶᠢᠨ ᠠᠮᠠᠯᠠᠯᠲᠠ ᠶᠢᠨ ᠳᠦᠷᠢᠮ ᠪᠠ ᠡᠷᠬᠡ ᠶᠢ ᠪᠠᠲᠤᠯᠠᠬᠤ ᠳᠦᠷᠢᠮ ᠢ ᠲᠤᠲᠤᠷᠬᠠᠶᠢᠯᠠᠵᠤ᠂ ᠬᠠᠤᠯᠢ | ᠶᠣᠰᠣᠭᠠᠷ ᠵᠠᠰᠠᠭ ᠶᠠᠪᠤᠭᠤᠯᠬᠤ᠂ ᠵᠦᠢ ᠶᠣᠰᠣᠨ ᠤ ᠬᠤᠯᠪᠤᠭᠳᠠᠯ᠂ ᠡᠷᠬᠡ ᠠᠰᠢᠭ ᠢ ᠬᠠᠮᠠᠭᠠᠯᠠᠬᠤ᠂ ᠪᠤᠯᠭᠤᠮᠵᠢᠲᠠᠢ | ᠬᠢᠨᠠᠬᠤ ᠵᠠᠷᠴᠢᠮ ᠢ ᠪᠠᠷᠢᠮᠳᠠᠯᠠᠵᠤ᠂ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠨᠢ ᠢᠲᠡᠭᠡᠮᠵᠢ ᠪᠠᠨ ᠰᠠᠬᠢᠵᠤ ᠢᠲᠡᠭᠡᠯ | ᠠᠯᠳᠠᠭᠰᠠᠨ ᠦᠢᠯᠡ ᠠᠵᠢᠯᠯᠠᠭ᠎ᠠ ᠲᠠᠢ ᠠᠳᠠᠯᠢ ᠪᠠᠶᠢᠬᠤ ᠶᠢ ᠦᠨᠡᠨ ᠬᠦ ᠪᠠᠲᠤᠯᠠᠨ᠂ ᠰᠣᠶᠣᠯ ᠪᠠ ᠵᠢᠭᠤᠯᠴᠢᠯᠠᠯ ᠤᠨ | ᠵᠠᠬ᠎ᠠ ᠳᠡᠯᠭᠡᠭᠦᠷ ᠤᠨ ᠢᠲᠡᠭᠡᠮᠵᠢ ᠶᠢᠨ ᠬᠠᠮᠢᠶᠠᠷᠤᠯᠲᠠ ᠶᠢᠨ ᠰᠠᠭᠤᠷᠢ ᠪᠠ ᠦᠨᠳᠦᠰᠦᠯᠡᠯ ᠪᠤᠯᠵᠤ᠂ ᠰᠣᠶᠣᠯ ᠪᠠ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠬᠠᠮᠢᠶᠠᠷᠤᠯᠲᠠ ᠬᠠᠤᠯᠢᠵᠢᠭᠰᠠᠨ᠂ ᠵᠢᠷᠤᠮᠵᠢᠭᠰᠠᠨ ᠰᠢᠨ᠎ᠡ | ᠱᠠᠲᠤ ᠦᠶ᠎ᠡ ᠳᠤ ᠤᠷᠤᠭᠰᠠᠨ ᠢ ᠬᠠᠷᠠᠭᠤᠯᠵᠤ ᠪᠠᠶᠢᠨ᠎ᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ | ᠲᠥᠯᠥᠪᠵᠢᠭᠦᠯᠦᠨ ᠠᠬᠢᠭᠤᠯᠬᠤ ᠬᠤᠷᠸ᠎ᠠ ᠠᠬᠤᠶ ᠪᠠᠶᠢᠳᠠᠯ ᠳᠣᠤᠷ᠎ᠠ᠂ ︽ᠲᠣᠭᠲᠠᠭᠠᠯ︾ ᠢ ᠴᠠᠭ ᠲᠤᠬᠠᠶ ᠳᠤ ᠨᠢ | ᠨᠡᠶᠢᠲᠡᠯᠡᠬᠦ ᠨᠢ ᠢᠲᠡᠭᠡᠮᠵᠢ ᠶᠢᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠤᠯᠭᠠᠭᠤᠷᠢᠯᠠᠬᠤ᠂ | ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠶᠢ ᠠᠬᠢᠭᠤᠯᠬᠤ ᠵᠡᠷᠭᠡ ᠲᠠᠯ᠎ᠠ ᠶᠢᠨ ᠢᠳᠡᠪᠬᠢᠲᠡᠶ | ᠦᠢᠯᠡᠳᠦᠯ ᠢ ᠪᠠᠳᠠᠷᠠᠭᠤᠯᠬᠤ ᠳᠤ ᠠᠰᠢᠭᠲᠠᠶ᠂ ᠣᠲᠣ ᠦᠶ᠎ᠡ ᠶᠢᠨ ᠵᠠᠰᠠᠯᠲᠠ ᠶᠢᠨ ᠴᠢᠳᠠᠪᠤᠷᠢ ᠶᠢ ᠴᠢᠨᠠᠭᠰᠢᠳᠠ | ᠳᠡᠭᠡᠭᠰᠢᠯᠡᠭᠦᠯᠬᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠳᠤ ᠠᠰᠢᠭᠲᠠᠶ | ᠪᠠᠶᠢᠵᠤ᠂ ᠠᠵᠢᠯ ᠲᠥᠷᠥᠯ ᠤᠨ ᠪᠥᠬᠦ ᠲᠠᠯ᠎ᠠ ᠪᠠᠷ ᠰᠡᠷᠭᠦᠬᠦ ᠪᠠ ᠴᠢᠨᠠᠷ ᠰᠠᠶᠢᠲᠠᠶ ᠬᠥᠭᠵᠢᠬᠦ ᠶᠢ ᠠᠬᠢᠭᠤᠯᠬᠤ ᠳᠤ | ᠲᠤᠯᠭᠠᠭᠤᠷᠢᠯᠠᠯ ᠪᠠ ᠪᠠᠲᠤᠯᠠᠭ᠎ᠠ ᠬᠠᠩᠭᠠᠬᠤ ᠪᠣᠯᠤᠨ᠎ᠠ᠃ | | |