ᠰᠢᠨ᠎ᠡ ᠪᠠᠷᠭᠤ ᠪᠠᠷᠠᠭᠤᠨ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︵ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠭᠡᠵᠦ | ᠲᠣᠪᠴᠢᠯᠠᠨ᠎ᠠ︶ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭᠠᠨ ᠲᠠᠰ ᠤᠨ ᠪᠠᠶᠢᠭᠤᠯᠭ᠎ᠠ | ᠪᠣᠯᠤᠨ᠎ᠠ᠃ | ᠨᠢᠭᠡ᠂ ᠭᠤᠤᠯ ᠡᠭᠦᠷᠭᠡ ᠬᠠᠷᠢᠭᠤᠴᠠᠯᠭ᠎ᠠ | 1. ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠬᠠᠤᠯᠢ ᠴᠠᠭᠠᠵᠠ ᠬᠠᠤᠯᠢ | ᠲᠣᠭᠲᠠᠭᠠᠯ ᠵᠢᠴᠢ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡᠨ ᠤ ᠳᠠᠭᠠᠳᠬᠠᠯ᠂ ᠦᠷᠡᠵᠢᠯ ᠤᠨ ᠳᠠᠭᠠᠳᠬᠠᠯ᠂ | ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ᠂ ᠪᠠᠷᠢᠮᠵᠢᠶ᠎ᠠ ᠶᠢ ᠨᠢᠭᠡᠳᠦᠯᠲᠡᠶ ᠲᠥᠯᠥᠪᠯᠡᠬᠦ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | 2. ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠥᠬᠦᠶ ᠰᠠᠯᠠᠭ᠎ᠠ | ᠮᠥᠴᠢᠷ ᠲᠠᠢ ᠬᠠᠮᠵᠢᠯᠴᠠᠨ ᠪᠥᠬᠦ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ | ᠨᠠᠶᠢᠷᠠᠭᠤᠯᠤᠨ ᠵᠣᠬᠢᠶᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠵᠣᠬᠢᠶᠠᠨ ᠪᠠᠶᠢᠭᠤᠯᠤᠨ | ᠲᠤᠭᠤᠷᠪᠢᠬᠤ ᠶᠢᠨ ᠬᠠᠮᠲᠤ ᠵᠥᠪᠰᠢᠶᠡᠷᠡᠭᠦᠯᠦᠭᠰᠡᠨ ᠤ ᠳᠠᠷᠠᠭ᠎ᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ | ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠳᠥᠯᠥᠬᠦ ᠠᠷᠭ᠎ᠠ | ᠮᠠᠶ᠋ᠢᠭ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ | 3. ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠪᠠ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ | ᠡᠮᠴᠢᠯᠡᠭᠡᠨ ᠤ ᠪᠠᠲᠤᠯᠠᠭ᠎ᠠ ᠶᠢᠨ ᠪᠠᠯᠠ ᠴᠤᠭᠯᠠᠭᠤᠯᠬᠤ ᠪᠠ ᠬᠦᠯᠢᠶᠡᠬᠦ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠬᠥᠳᠡᠯᠦᠩᠭᠦᠶ | ᠲᠣᠬᠢᠷᠠᠭᠤᠯᠤᠯᠲᠠ ᠪᠠ ᠣᠷᠣᠨ ᠪᠦᠰᠡ ᠶᠢᠨ ᠲᠣᠬᠢᠷᠠᠭᠤᠯᠤᠯᠲᠠ ᠶᠢᠨ ᠲᠡᠩᠴᠡᠭᠦᠷᠢ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ ᠡᠮᠴᠢᠯᠡᠭᠡᠨ ᠤ | ᠪᠠᠲᠤᠯᠠᠭ᠎ᠠ ᠶᠢᠨ ᠣᠯᠭᠤᠮᠵᠢ ᠶᠢᠨ ᠪᠠᠷᠢᠮᠵᠢᠶ᠎ᠠ ᠶᠢ ᠨᠢᠭᠡᠳᠦᠯᠲᠡᠶ ᠲᠥᠯᠥᠪᠯᠡᠵᠦ᠂ ᠪᠠᠯᠠ ᠴᠤᠭᠯᠠᠭᠤᠯᠬᠤ ᠬᠢᠷᠢ ᠬᠡᠮᠵᠢᠶ᠎ᠡ ᠯᠦᠭᠡ ᠵᠣᠬᠢᠴᠠᠯᠳᠤᠭᠰᠠᠨ ᠣᠯᠭᠤᠮᠵᠢ ᠶᠢᠨ | ᠲᠣᠬᠢᠷᠠᠭᠤᠯᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠤᠨ | ᠥᠭᠡᠷᠡᠴᠢᠯᠡᠯᠲᠡ ᠶᠢᠨ ᠲᠥᠰᠦᠯ ᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ᠃ | 4. ᠡᠮᠴᠢᠯᠡᠭᠡᠨ ᠤ ᠳᠠᠭᠠᠳᠬᠠᠯ ᠤᠨ ᠭᠠᠷᠴᠠᠭ ᠤᠨ ᠬᠠᠮᠢᠶᠠᠷᠤᠯᠲᠠ ᠶᠢᠨ ᠬᠠᠮᠢᠶ᠎ᠠ ᠪᠥᠬᠦᠢ ᠠᠵᠢᠯ ᠢ ᠬᠠᠷᠢᠭᠤᠴᠠᠨ᠎ᠠ᠃ ᠬᠤᠲᠠ ᠬᠥᠳᠡᠭᠡ ᠶᠢᠨ ᠨᠢᠭᠡᠳᠦᠯᠲᠡᠶ | ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ | ᠲᠦᠬᠦᠭᠡᠷᠦᠮᠵᠢ ᠵᠡᠷᠭᠡ ᠡᠮᠴᠢᠯᠡᠭᠡᠨ ᠤ ᠳᠠᠭᠠᠳᠬᠠᠯ ᠤᠨ ᠭᠠᠷᠴᠠᠭ ᠪᠠ ᠲᠣᠭᠠᠴᠠᠭ᠎ᠠ ᠬᠢᠬᠦ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠳᠡᠯᠦᠩᠭᠦᠶ ᠪᠠᠷ | ᠳᠣᠭᠢᠷᠠᠭᠤᠯᠬᠤ ᠲᠣᠭᠲᠠᠴᠠ ᠶᠢ ᠪᠠᠶᠢᠭᠤᠯᠤᠨ᠂ ᠤᠯᠤᠰ ᠤᠨ ᠡᠮᠴᠢᠯᠡᠭᠡᠨ ᠤ ᠳᠠᠭᠠᠳᠬᠠᠯ ᠤᠨ ᠭᠠᠷᠴᠠᠭ ᠲᠤ ᠵᠥᠪᠰᠢᠶᠡᠷᠡᠨ ᠣᠷᠣᠭᠤᠯᠬᠤ ᠬᠡᠯᠡᠯᠴᠡᠭᠡ ᠶᠢᠨ ᠲᠦᠷᠢᠮ ᠢ | ᠲᠤᠤᠱᠯᠠᠭᠤᠯᠤᠨ ᠬᠡᠷᠡᠭᠵᠢᠭᠦᠯᠦᠨ᠎ᠡ᠃ | 5. ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠤᠯᠤᠰ ᠤᠨ ᠡᠮ ᠤᠨ ᠵᠦᠢᠯ᠂ ᠡᠮᠴᠢᠯᠡᠭᠡᠨ ᠳᠤ | ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡᠨ ᠤ ᠦᠢᠯᠡᠴᠢᠯᠡᠭᠡᠨ ᠤ | ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠲᠦᠬᠦᠭᠡᠷᠦᠮᠵᠢ ᠶᠢᠨ ᠰᠦᠢᠳᠬᠡᠯ ᠬᠤᠷᠢᠶᠠᠬᠤ ᠵᠡᠷᠭᠡ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ | ᠲᠣᠭᠲᠠᠭᠠᠵᠤ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠵᠦᠶ ᠵᠣᠬᠢᠰᠲᠠᠶ ᠲᠣᠭᠲᠠᠭᠠᠬᠤ ᠪᠠ | ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠪᠠᠶᠢᠭᠤᠯᠤᠨ᠂ ᠵᠠᠬ᠎ᠠ ᠳᠡᠯᠭᠡᠭᠦᠷ ᠢᠶᠠᠷ ᠭᠤᠤᠯᠯᠠᠭᠤᠯᠤᠭᠰᠠᠨ ᠨᠡᠶᠢᠭᠡᠮ ᠤᠨ ᠡᠮ ᠡᠮᠨᠡᠯᠭᠡ ᠶᠢᠨ ᠦᠢᠯᠡᠴᠢᠯᠡᠭᠡᠨ ᠤ | ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠢᠨᠠᠨ ᠰᠢᠨᠵᠢᠬᠦ ᠪᠠ ᠮᠡᠳᠡᠭᠡ ᠵᠠᠩᠭᠢ | ᠨᠡᠶᠢᠲᠡᠯᠡᠬᠦ ᠲᠦᠷᠢᠮ ᠢ ᠪᠠᠶᠢᠭᠤᠯᠤᠨ᠎ᠠ᠃ | 6. ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠠᠵᠢᠯ ᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ | ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ᠂ ᠳᠣᠭᠢᠷᠠᠭᠤᠯᠤᠨ ᠬᠦᠷᠭᠡᠬᠦ ᠵᠢᠴᠢ | ᠳ᠋ᠦᠩᠨᠡᠨ ᠪᠤᠳᠤᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠢᠭᠡᠳᠦᠯᠲᠡᠶ ᠲᠥᠯᠥᠪᠯᠡᠬᠦ ᠲᠣᠭᠤᠷᠢᠭ ᠤᠨ ᠡᠮ ᠤᠨ | ᠵᠦᠶ᠋ᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ᠂ ᠳᠣᠭᠢᠷᠠᠭᠤᠯᠤᠨ ᠬᠦᠷᠭᠡᠬᠦ ᠵᠢᠴᠢ ᠳ᠋ᠦᠩᠨᠡᠨ | ᠪᠤᠳᠤᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠡᠮ ᠤᠨ ᠵᠦᠢᠯ᠂ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃ | 7. ᠡᠮᠴᠢᠯᠡᠭᠡᠨ ᠤ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ | ᠵᠥᠪᠯᠡᠯᠴᠡᠭᠡᠷ ᠪᠣᠯᠤᠨ ᠲᠣᠭᠠᠴᠠᠭ᠎ᠠ ᠬᠢᠬᠦ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ | ᠪᠠᠲᠤᠯᠠᠭ᠎ᠠ ᠶᠢᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮᠵᠢ ᠪᠣᠯᠤᠨ ᠮᠡᠳᠡᠭᠡ ᠵᠠᠩᠭᠢ ᠶᠢᠨ ᠮᠡᠷᠭᠡᠵᠢᠯ ᠤᠨ ᠢᠯᠡᠷᠡᠯ ᠤᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ | ᠡᠮᠴᠢᠯᠡᠭᠡᠨ ᠤ ᠳᠠᠭᠠᠳᠬᠠᠯ ᠤᠨ ᠬᠡᠪᠴᠢᠶᠡᠨ ᠳᠤ ᠣᠷᠣᠭᠤᠯᠤᠭᠰᠠᠨ ᠡᠮᠴᠢᠯᠡᠭᠡᠨ ᠤ ᠦᠢᠯᠡᠴᠢᠯᠡᠭᠡᠨ ᠤ ᠦᠢᠯᠡ ᠠᠵᠢᠯᠯᠠᠭ᠎ᠠ ᠪᠣᠯᠤᠨ ᠡᠮᠴᠢᠯᠡᠭᠡᠨ ᠤ ᠵᠠᠷᠤᠳᠠᠯ ᠢ ᠬᠢᠨᠠᠨ | ᠬᠠᠮᠢᠶᠠᠷᠴᠤ᠂ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ | ᠪᠠᠶᠢᠴᠠᠭᠠᠨ ᠰᠢᠢᠳᠪᠦᠷᠢᠯᠡᠨ᠎ᠡ᠃ | 8. ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠶ᠋ᠴᠡᠳᠬᠡᠬᠦ ᠬᠠᠮᠢᠶᠠᠷᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠬᠠᠷᠢᠭᠤᠴᠠᠵᠤ᠂ | ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠣᠨᠳᠣᠤ ᠭᠠᠵᠠᠷ ᠲᠤ ᠡᠮᠴᠢᠯᠡᠭᠦᠯᠬᠦ ᠠᠵᠢᠯ ᠤᠨ ᠬᠠᠮᠢᠶᠠᠷᠤᠯᠲᠠ ᠪᠠ ᠵᠠᠷᠤᠳᠠᠯ ᠢ ᠳ᠋ᠦᠩᠨᠡᠨ | ᠪᠤᠳᠤᠬᠤ ᠲᠥᠷᠥ ᠶᠢᠨ ᠪᠣᠳᠣᠯᠭ᠎ᠠ ᠶᠢ ᠲᠣᠭᠲᠠᠭᠠᠬᠤ ᠪᠠ ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ | ᠲᠦᠷᠢᠮ ᠢ ᠪᠠᠶᠢᠭᠤᠯᠤᠨ ᠪᠦᠷᠢᠨᠰᠢᠬᠦᠯᠦᠨ᠎ᠠ᠃ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠮᠲᠤᠷᠠᠯᠴᠠᠭ᠎ᠠ ᠰᠣᠯᠢᠯᠴᠠᠭ᠎ᠠ ᠶᠢ ᠦᠷᠨᠢᠭᠦᠯᠦᠨ᠎ᠡ᠃ | 9. ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ | ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | | |