ᠪᠦᠭᠦ ᠬᠤᠰᠢᠭᠤᠨ ᠤ ᠳᠤᠭᠤᠷᠢᠨ ᠪᠠᠶᠢᠴᠠᠭᠠᠬᠤ ᠠᠵᠢᠯ ᠤᠨ ᠬᠤᠷᠠᠯ ᠵᠢᠴᠢ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠭᠡᠷ ᠡᠭᠡᠯᠵᠢ ᠶᠢᠨ ᠳᠤᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠨ ᠪᠠᠶᠢᠷᠢᠯᠠᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/11/24
     11 ᠰᠠᠷ᠎ᠠ ᠶᠢᠨ 23 ᠤ ᠡᠳᠦᠷ᠂ ᠪᠦᠭᠦ ᠬᠤᠰᠢᠭᠤᠨ ᠤ ᠳᠤᠭᠤᠷᠢᠨ ᠪᠠᠶᠢᠴᠠᠭᠠᠬᠤ ᠠᠵᠢᠯ ᠤᠨ ᠬᠤᠷᠠᠯ ᠵᠢᠴᠢ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠭᠡᠷ ᠡᠭᠡᠯᠵᠢ ᠶᠢᠨ ᠳᠤᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠨ ᠪᠠᠶᠢᠷᠢᠯᠠᠭᠤᠯᠬᠤ ᠬᠤᠷᠠᠯ ᠨᠠᠮ ᠵᠠᠰᠠᠭ ᠤᠨ ᠠᠵᠢᠯᠯᠠᠬᠤ ᠠᠰᠠᠷ ᠤᠨ ᠬᠤᠶᠠᠳᠤᠭᠠᠷ ᠳᠠᠪᠬᠤᠷᠭ᠎ᠠ ᠶᠢᠨ ᠬᠤᠷᠠᠯ ᠤᠨ ᠬᠡᠷ ᠲᠤ ᠬᠤᠷᠠᠯᠳᠤᠪᠠ᠃ ᠬᠤᠷᠠᠯ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠳᠤᠭᠤᠷᠢᠨ ᠪᠠᠶᠢᠴᠠᠭᠠᠬᠤ ᠠᠵᠢᠯ ᠢ ᠡᠷᠭᠢᠴᠡᠭᠦᠯᠦᠨ ᠳ᠋ᠦᠩᠨᠡᠵᠦ᠂ ᠲᠠᠷᠠᠭᠠᠴᠢ ᠶᠢᠨ ᠱᠠᠲᠤᠨ ᠤ ᠳᠤᠭᠤᠷᠢᠨ ᠪᠠᠶᠢᠴᠠᠭᠠᠬᠤ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ︔ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠳᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠦ ᠴᠤᠸᠠᠨ ᠱᠧᠨ ᠰᠢᠨ᠎ᠡ ᠪᠠᠷᠭᠤ ᠪᠠᠷᠠᠭᠤᠨ ᠬᠤᠰᠢᠭᠤᠨ ᠤ ᠳᠤᠭᠤᠷᠢᠨ ᠪᠠᠶᠢᠴᠠᠭᠠᠬᠤ ᠠᠵᠢᠯ ᠳᠤ ᠣᠷᠣᠯᠴᠠᠭᠰᠠᠨ ᠰᠢᠯᠢᠳᠡᠭ ᠺᠠᠳ᠋ᠷ ᠤᠨ ᠲᠤᠬᠠᠶ ᠵᠠᠷᠯᠠᠯ ᠢ ᠤᠩᠰᠢᠨ ᠨᠡᠶᠢᠳᠡᠯᠡᠪᠡ︔ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠳᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠳ᠋ᠦ᠋ ᠴᠧᠩ ᠬᠤᠷᠠᠯ ᠡᠷᠭᠢᠯᠡᠪᠡ︔ ᠳᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠡᠯ᠎ᠡ ᠰᠤᠮᠤ ᠪᠠᠯᠭᠠᠰᠤ᠂ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠳᠤᠭᠤᠷᠢᠨ ᠪᠠᠶᠢᠴᠠᠭᠠᠬᠤ ᠠᠵᠢᠯ ᠤᠨ ᠬᠠᠮᠵᠢᠯᠴᠠᠭᠠᠨ ᠤ ᠲᠣᠭᠲᠠᠴᠠ ᠶᠢᠨ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ᠂ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠡᠭᠡᠯᠵᠢ ᠶᠢᠨ ᠳᠤᠭᠤᠷᠢᠨ ᠪᠠᠶᠢᠴᠠᠭᠠᠬᠤ ᠳᠤᠭᠤᠶᠢᠯᠠᠩ ᠬᠤᠷᠠᠯ ᠳᠤ ᠣᠷᠣᠯᠴᠠᠪᠠ᠃
         ᠪᠦᠬᠡᠪᠠᠶᠠᠷ ᠵᠢᠭᠠᠵᠤ ᠭᠠᠷᠭᠠᠬᠤ ᠳᠠᠭᠠᠨ᠂ ᠮᠠᠨ ᠤ ᠬᠤᠰᠢᠭᠤ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠬᠤᠰᠢᠭᠤᠨ ᠤ ᠨᠠᠮ ᠤᠨ ᠬᠤᠷᠢᠶ᠎ᠠ ᠰᠢ ᠶᠢᠨ ᠫᠢᠩ ᠶᠡᠷᠦᠩᠬᠡᠶ ᠱᠦᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠢᠮᠠᠭᠲᠠ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠬᠦᠢᠴᠡᠳᠭᠡᠬᠦ ᠶᠢᠨ ᠴᠢᠬᠤᠯᠠ ᠠᠭᠤᠯᠭ᠎ᠠ ᠪᠠ ᠪᠦᠲᠦᠮᠵᠢᠲᠡᠶ ᠠᠷᠭ᠎ᠠ ᠵᠠᠮ ᠪᠣᠯᠭᠠᠵᠤ᠂ ᠤᠯᠤᠰ ᠲᠥᠷᠥ ᠶᠢᠨ ᠲᠣᠭᠤᠷᠢᠨ ᠪᠠᠶᠢᠴᠠᠭᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠨ᠂ ᠮᠠᠨ ᠤ ᠬᠤᠰᠢᠭᠤᠨ ᠤ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠬᠦᠴᠦᠲᠡᠶ ᠲᠦᠯᠬᠢᠨ ᠠᠬᠢᠭᠤᠯᠪᠠ᠃ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶ᠎ᠠ ᠨᠡᠶᠢᠲᠡ 10 ᠡᠭᠡᠯᠵᠢ ᠶᠢᠨ ᠳᠤᠭᠤᠷᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠷᠢᠳ ᠬᠤᠵᠢᠳ 33 ᠳᠤᠭᠤᠷᠢᠨ ᠪᠠᠶᠢᠴᠠᠭᠠᠬᠤ ᠳᠤᠭᠤᠶᠢᠯᠠᠩ ᠲᠣᠮᠢᠯᠠᠨ᠂ 56 ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠠ 62 ᠭᠠᠴᠠᠭ᠎ᠠ ︵ᠨᠡᠶᠢᠭᠡᠮ ᠲᠣᠭᠤᠷᠢᠭ︶ ᠳᠤ ᠪᠥᠬᠦ ᠲᠠᠯ᠎ᠠ ᠶᠢᠨ ᠤᠯᠤᠰ ᠲᠥᠷᠥ ᠶᠢᠨ ᠪᠠᠶᠢᠴᠠᠭᠠᠯᠲᠠ ᠬᠢᠵᠦ᠂ ᠳᠤᠭᠤᠷᠢᠨ ᠪᠠᠶᠢᠴᠠᠭᠠᠬᠤ ᠠᠵᠢᠯ ᠢ ᠨᠡᠶᠢᠳᠡᠮ ᠪᠦᠷᠬᠦᠭᠦᠯᠬᠦ ᠶᠢ ᠪᠡᠶᠡᠯᠡᠬᠦᠯᠪᠡ ᠭᠡᠵᠡᠢ᠃      ᠪᠥᠬᠦ ᠬᠤᠰᠢᠭᠤᠨ ᠤ ᠳᠤᠭᠤᠷᠢᠨ ᠪᠠᠶᠢᠴᠠᠭᠠᠬᠤ ᠠᠵᠢᠯ ᠢ ᠤᠯᠠᠮ ᠴᠢᠨᠠᠭᠰᠢᠳᠠ ᠰᠠᠶᠢᠲᠤᠷ ᠬᠢᠬᠦ ᠲᠤᠬᠠᠶ ᠪᠦᠭᠡᠪᠠᠶᠠᠷ ᠱᠠᠭᠠᠷᠳᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠤᠤᠷᠠᠳᠦ ᠱᠠᠲᠤᠨ ᠤ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠳᠤᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠬᠦ ᠴᠢᠬᠤᠯᠠ ᠠᠴᠢ ᠬᠤᠯᠪᠣᠭᠳᠠᠯ ᠢ ᠬᠦᠢᠴᠡᠳ ᠲᠠᠨᠢᠬᠤ ᠬᠡᠷᠡᠭᠲᠡᠶ︔ ᠤᠯᠤᠰ ᠲᠦᠷᠦ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠴᠠᠭ ᠦᠶ᠎ᠡ ᠶᠢᠨ ᠳᠤᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠬᠦ ᠶᠢᠨ ᠬᠦᠴᠦᠯᠡᠬᠦ ᠴᠡᠭ ᠢ ᠦᠨᠡᠨᠬᠦ ᠣᠨᠣᠪᠴᠢᠲᠠᠢ ᠡᠷᠢᠵᠦ ᠤᠯᠬᠤ ᠬᠡᠷᠡᠭᠲᠡᠢ︔ ᠴᠢᠨᠠᠷ ᠴᠢᠨᠰᠠᠭ᠎ᠠ ᠶᠢᠨ ᠱᠠᠭᠠᠷᠳᠠᠯᠭ᠎ᠠ ᠶᠢ ᠳᠤᠪᠤᠶᠢᠯᠭᠠᠵᠤ᠂ ᠰᠢᠨ᠎ᠡ ᠴᠠᠭ ᠦᠶ᠎ᠡ ᠶᠢᠨ ᠲᠣᠭᠤᠷᠢᠨ ᠪᠠᠶᠢᠴᠠᠭᠠᠬᠤ ᠠᠵᠢᠯ ᠤᠨ ᠪᠦᠬᠦᠯᠢ ᠴᠣᠭᠴᠠ ᠶᠢᠨ ᠲᠦᠪᠰᠢᠨ ᠢ ᠳᠠᠰᠤᠷᠠᠯᠳᠠ ᠦᠬᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃      ᠪᠦᠬᠡᠪᠠᠶᠠᠷ ᠴᠢᠬᠤᠯᠠᠴᠢᠯᠠᠭᠰᠠᠨ ᠨᠢ᠂ ᠰᠢᠨ᠎ᠡ ᠴᠠᠭ ᠦᠶ᠎ᠡ ᠶᠢᠨ ᠳᠤᠭᠤᠷᠢᠨ ᠪᠠᠶᠢᠴᠠᠭᠠᠬᠤ ᠠᠵᠢᠯ ᠢᠮᠠᠭᠳᠠ ᠵᠠᠮ  ᠳᠠᠭᠠᠨ ᠪᠠᠶᠢᠵᠦ᠂ ᠳᠠᠭᠤᠰᠬᠤ ᠴᠠᠭ ᠦᠬᠡᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠡᠭᠦᠷᠢᠳᠡ ᠠᠯᠮᠠᠶᠢᠷᠠᠬᠤ ᠦᠭᠡᠢ ᠤᠶᠤᠨ ᠰᠠᠨᠠᠭᠠᠨ ᠤ ᠪᠠᠶᠢᠳᠠᠯ ᠪᠣᠯᠤᠨ ᠴᠤᠴᠠᠯᠲᠠ ᠦᠭᠡᠢ ᠲᠡᠮᠡᠴᠡᠬᠦ ᠣᠪᠣᠷ ᠪᠠᠶᠢᠳᠠᠯ ᠢᠶᠠᠷ᠂ ᠬᠠᠷᠢᠯᠴᠠᠨ ᠨᠢᠭᠡᠳᠦᠯᠲᠡᠢ ᠪᠠᠶᠢᠵᠤ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠵᠤ᠂ ᠪᠦᠭᠦ ᠬᠤᠰᠢᠭᠤᠨ ᠤ ᠳᠤᠭᠤᠷᠢᠨ ᠪᠠᠶᠢᠴᠠᠭᠠᠬᠤ ᠠᠵᠢᠯ ᠤᠨ ᠲᠠᠰᠤᠷᠠᠯᠲᠠ ᠦᠭᠡᠢ ᠬᠥᠭᠵᠢᠬᠦ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ ᠪᠠᠶᠠᠨ ᠲᠠᠩᠰᠤᠭ ᠡᠶ᠎ᠡ ᠵᠣᠬᠢᠴᠠᠩᠭᠤᠢ ᠠᠮᠤᠷ ᠠᠮᠤᠭᠤᠯᠠᠩ ᠬᠥᠯᠥᠨ ᠪᠤᠶᠢᠷ ᠢ ᠪᠦᠲᠦᠭᠡᠨ ᠪᠠᠶᠢᠭᠤᠯᠬᠤ ᠳᠤ ᠰᠦᠷ ᠳᠠᠯᠠᠶᠢᠴᠠᠲᠠᠢ ᠰᠢᠨ᠎ᠡ ᠪᠠᠷᠭᠤ ᠪᠠᠷᠠᠭᠤᠨ ᠬᠤᠰᠢᠭᠤᠨ ᠤ ᠬᠦᠴᠦᠨ ᠴᠢᠳᠠᠯ ᠢᠶᠠᠨ ᠡᠷᠭᠦᠨ᠎ᠡ ᠭᠡᠵᠡᠢ᠃      ᠬᠤᠷᠠᠯ ᠳᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠪᠣᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠤᠯᠠᠮᠵᠢᠯᠠᠪᠠ︔ ᠯᠦ ᠴᠤᠸᠠᠨ ᠱᠧᠨ ︽ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠭᠡᠷ ᠡᠭᠡᠯᠵᠢ ᠶᠢᠨ ᠳᠤᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠬᠤ ᠪᠠ ᠡᠭᠦᠷᠭᠡ ᠶᠢᠨ ᠬᠤᠪᠢᠶᠠᠷᠢᠯᠠᠯ ᠤᠨ ᠲᠤᠬᠠᠶ ᠲᠣᠭᠲᠠᠭᠠᠯ︾ ᠢ ᠨᠡᠶᠢᠲᠡᠯᠡᠪᠡ︔ ᠳ᠋ᠦ᠋ ᠴᠧᠩ ᠲᠠᠶᠢᠴᠢᠯᠠᠯᠳᠠ ᠶᠢᠨ ᠶᠠᠷᠢᠶ᠎ᠠ ᠲᠠᠯᠪᠢᠪᠠ᠃                                          ᠤᠷᠴᠢᠭᠤᠯᠤᠭᠰᠠᠨ ᠨᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号