ᠪᠥᠬᠡᠪᠠᠶᠠᠷ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/11/24
     11 ᠰᠠᠷ᠎ᠠ ᠶᠢᠨ 23 ᠤ ᠡᠳᠦᠷ᠂ ᠨᠠᠮ ᠵᠠᠰᠠᠭ ᠤᠨ ᠠᠵᠢᠯᠯᠠᠬᠤ ᠠᠰᠠᠷ ᠤᠨ ᠲᠠᠪᠤᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠪᠦᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠳᠤᠬᠢᠷᠠᠭᠤᠯᠤᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠭᠤᠷᠪᠠᠳᠤᠭᠠᠷ ᠬᠢᠨᠠᠨ ᠵᠢᠯᠣᠭᠤᠳᠬᠤ ᠳᠤᠭᠤᠶᠢᠯᠠᠩ ᠤᠨ ᠬᠠᠮᠢᠶ᠎ᠠ ᠪᠥᠬᠦᠶ ᠱᠠᠭᠠᠷᠳᠠᠯᠭ᠎ᠠ ᠪᠣᠯᠤᠨ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠠᠵᠢᠯ ᠤᠨ ᠲᠣᠬᠢᠷᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠳᠣᠬᠠᠨ ᠤ ᠠᠵᠢᠯ ᠢᠶᠠᠨ ᠥᠷᠨᠢᠭᠦᠯᠵᠦ ᠪᠠᠶᠢᠭ᠎ᠠ ᠪᠠᠶᠢᠳᠠᠯ ᠢ ᠰᠤᠨᠤᠰᠤᠨ᠂ ᠣᠳᠣᠬᠠᠨ ᠤ ᠭᠤᠤᠯᠳᠠᠯᠭ᠎ᠠ ᠲᠠᠢ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠨᠠᠶᠢᠳᠠᠪᠤᠷᠢᠵᠢᠭᠤᠯᠤᠨ ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠮᠠᠨ ᠤ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠦᠷᠭᠦᠯᠵᠢᠯᠡᠨ ᠭᠦᠨᠵᠡᠭᠡᠶ ᠠᠬᠢᠭᠤᠯᠪᠠ᠃ ᠬᠤᠰᠢᠭᠤᠨ ᠤ ᠤᠳᠤᠷᠢᠳᠤᠯᠭ᠎ᠠ ᠵᠢᠶᠠ ᡁᠢ ᠺᠦᠢ᠂ ᠦᠷᠭᠡᠨ ᠵᠢᠴᠢ ᠰᠢᠭᠦᠬᠦ ᠪᠠᠶᠢᠴᠠᠭᠠᠬᠤ ᠬᠤᠶᠠᠷ ᠬᠤᠷᠢᠶ᠎ᠠ ᠶᠢᠨ ᠳᠠᠷᠤᠭ᠎ᠠ ᠬᠤᠷᠠᠯ ᠳᠤ ᠣᠷᠣᠯᠴᠠᠪᠠ᠃
         ᠬᠤᠷᠠᠯ ᠳᠤ᠂ ︽ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠭᠤᠷᠪᠠᠳᠤᠭᠠᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠨᠢᠭᠡ ᠬᠤᠶᠠᠳᠤᠭᠠᠷ ᠪᠦᠯᠦᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠵᠢᠯᠣᠭᠤᠳᠬᠤ ᠠᠵᠢᠯ ᠤᠨ ᠲᠤᠬᠠᠢ ᠬᠠᠷᠢᠭᠤ ᠲᠤᠰᠬᠠᠭᠰᠠᠨ ᠰᠠᠨᠠᠯ︾ ᠵᠢᠴᠢ ᠬᠥᠯᠥᠨ ᠪᠤᠶᠢᠷ ᠬᠤᠲᠠ ᠶᠢᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠡᠯ᠎ᠡ ᠰᠠᠯᠠᠭ᠎ᠠ ᠮᠥᠴᠢᠷ ᠤᠨ ᠤᠢᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃      ᠪᠦᠬᠡᠪᠠᠶᠠᠷ ᠵᠢᠭᠠᠵᠤ ᠭᠠᠷᠭᠠᠬᠤ ᠳᠠᠭᠠᠨ᠂ ᠮᠠᠨ ᠤ ᠬᠤᠰᠢᠭᠤ ᠨᠠᠮ ᠤᠨ ᠲᠥᠪ ᠬᠤᠷᠢᠶ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠲᠣᠬᠢᠷᠠᠭᠤᠯᠤᠯᠲᠠ ᠶᠣᠰᠣᠭᠠᠷ᠂ ᠥᠷᠭᠡᠨ ᠣᠯᠠᠨ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠰᠤᠷᠤᠯᠴᠠᠯᠭ᠎ᠠ ᠬᠥᠮᠦᠵᠢᠯ ᠢ ᠴᠢᠩᠭᠠᠳᠬᠠᠵᠤ᠂ ᠨᠢᠭᠡ ᠪᠦᠯᠦᠭ ᠭᠤᠤᠯᠳᠠᠯᠭ᠎ᠠ ᠲᠠᠢ ᠬᠡᠷᠡᠭ ᠢ ᠪᠠᠶᠢᠴᠠᠭᠠᠨ ᠰᠢᠢᠳᠪᠦᠷᠢᠯᠡᠵᠦ᠂ ︽ᠲᠤᠯᠤᠭᠠᠨ ᠶᠡᠭᠡ ᠠᠷᠬᠠᠭ ᠬᠡᠮ︾ ᠢ ᠶᠡᠭᠡ ᠪᠠᠷ ᠴᠡᠭᠴᠡᠯᠡᠨ ᠵᠠᠰᠠᠵᠤ᠂ ︽ᠠᠷᠪᠠᠨ ᠶᠡᠭᠡ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ︾ ᠶᠢ ᠭᠦᠨᠵᠡᠭᠡᠶ ᠦᠷᠨᠢᠬᠦᠯᠦᠨ᠂ ᠲᠦᠷᠢᠮ ᠲᠣᠭᠲᠠᠭᠠᠯ ᠲᠣᠭᠲᠠᠭᠠᠬᠤ ᠪᠠᠷ ᠳᠡᠮᠵᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠵᠤ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠠᠵᠢᠯ ᠦᠷ᠎ᠡ ᠪᠦᠲᠦᠮᠵᠢ ᠤᠯᠪᠠ ᠭᠡᠵᠡᠢ᠃      ᠪᠦᠬᠡᠪᠠᠶᠠᠷ᠂ ᠳᠠᠷᠠᠭᠠᠴᠢ ᠶᠢᠨ ᠠᠯᠬᠤᠮ ᠤᠨ ᠠᠵᠢᠯ ᠳᠤᠮᠳᠠ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠥᠮᠦᠵᠢᠯ ᠴᠡᠭᠴᠡᠯᠡᠯᠲᠡ ᠶᠢᠨ ᠦᠷᠭᠦᠯᠵᠢᠯᠡᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ︔ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠬᠤ ᠬᠡᠷᠡᠭᠲᠡᠶ︔ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠥᠮᠦᠵᠢᠯ ᠴᠡᠭᠴᠡᠯᠡᠯᠲᠡ ᠶᠢᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠳᠠᠶᠢᠨ ᠠᠴᠠ ᠬᠠᠯᠠᠰᠢᠷᠠᠬᠤ ᠰᠡᠳᠬᠢᠯᠭᠡ᠂ ᠰᠤᠯᠠᠷᠠᠬᠤ ᠰᠡᠳᠬᠢᠯᠭᠡ᠂ ᠪᠣᠭᠤᠮᠲᠠ ᠳᠠᠪᠠᠭ᠋ᠤ ᠦᠵᠡᠯ ᠰᠠᠨᠠᠭ᠎ᠠ ᠶᠢ ᠡᠷᠡᠰ ᠲᠡᠪᠴᠢᠵᠦ᠂ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠵᠢᠴᠢ ᠲᠦᠷᠢᠮ ᠲᠣᠭᠲᠠᠭᠠᠯ ᠲᠣᠭᠲᠠᠭᠠᠬᠤ ᠠᠵᠢᠯ ᠢ ᠰᠠᠶᠢᠲᠤᠷ ᠠᠳᠬᠤᠬᠤ ᠬᠡᠷᠡᠭᠲᠡᠶ ᠭᠡᠵᠡᠢ᠃      ᠪᠦᠬᠡᠪᠠᠶᠠᠷ ᠴᠢᠬᠤᠯᠠᠴᠢᠯᠠᠭᠰᠠᠨ ᠨᠢ᠂ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠬᠢᠨ ᠨᠢᠭᠡᠳᠦᠯᠲᠡᠶ ᠲᠥᠯᠥᠪᠯᠡᠨ ᠲᠣᠬᠢᠷᠠᠭᠤᠯᠬᠤ᠂ ᠰᠢᠪᠠᠳᠠᠨ ᠪᠠᠶᠢᠴᠠᠭᠠᠬᠤ ᠡᠭᠦᠷᠭᠡ ᠴᠢᠳᠠᠪᠤᠷᠢ ᠪᠠᠨ ᠬᠦᠢᠴᠡᠳ ᠪᠠᠳᠠᠷᠠᠭᠤᠯᠤᠨ᠂ ᠡᠯ᠎ᠡ ᠤᠯᠤᠰ ᠲᠥᠷᠥ ᠬᠠᠤᠯᠢ ᠴᠠᠭᠠᠵᠠ ᠶᠢᠨ ᠨᠢᠭᠡᠴᠡ ᠶᠢᠨ ᠬᠢᠨ ᠴᠡᠭᠴᠡᠯᠡᠨ ᠰᠠᠶᠢᠵᠢᠷᠠᠭᠤᠯᠬᠤ ᠰᠢᠭᠤᠳ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠠᠵᠢᠯ ᠤᠨ ᠲᠠᠰᠤᠷᠠᠯᠲᠠ ᠥᠬᠡᠶ ᠰᠢᠨ᠎ᠡ ᠦᠷ᠎ᠡ ᠪᠦᠲᠦᠮᠵᠢ ᠤᠯᠬᠤ ᠶᠢ ᠬᠠᠮᠲᠤ ᠪᠠᠷ ᠳᠥᠯᠭᠢᠨ ᠠᠬᠢᠭᠤᠯᠬᠤ ᠬᠡᠷᠡᠭᠲᠡᠶ᠃ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠳᠤᠮᠳᠠᠬᠢ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠳ᠋ᠦᠩᠨᠡᠬᠦ ᠶᠢ ᠴᠢᠬᠤᠯᠠᠴᠢᠯᠠᠵᠤ᠂ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠠᠵᠢᠯ ᠤᠨ ᠠᠬᠢᠴᠠ ᠶᠢᠨ ᠦᠷ᠎ᠡ ᠪᠦᠲᠦᠮᠵᠢ ᠶᠢ ᠴᠠᠭ ᠲᠤᠬᠠᠢ ᠳᠤᠨᠢ ᠢᠯᠡᠷᠡᠭᠦᠯᠬᠦ ᠬᠡᠷᠡᠭᠲᠡᠢ᠃ ᠰᠤᠷᠭᠠᠨ ᠬᠥᠮᠦᠵᠢᠯ ᠤᠨ ᠴᠡᠭᠴᠡᠯᠡᠯᠲᠡ ᠪᠠ ᠡᠯ᠎ᠡ ᠵᠦᠢᠯ ᠤᠨ ᠠᠵᠢᠯ ᠤᠨ ᠡᠭᠦᠷᠭᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠢᠲᠡᠭᠡᠯ ᠪᠠᠲᠤ᠂ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠠᠷᠢᠭᠤᠨ ᠴᠢᠬᠡᠴᠢ ᠰᠢᠨ᠎ᠡ ᠴᠠᠭ ᠦᠶ᠎ᠡ ᠶᠢᠨ ᠤᠯᠤᠰ ᠲᠥᠷᠥ ᠬᠠᠤᠯᠢ ᠴᠠᠭᠠᠵᠠ ᠶᠢᠨ ᠲᠡᠮᠦᠷ ᠴᠡᠷᠢᠭ ᠢ ᠪᠣᠶ ᠪᠣᠯᠭᠠᠵᠤ᠂ ᠮᠠᠨ ᠤ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠬᠡᠷᠡᠭᠲᠡᠶ ᠭᠡᠵᠡᠢ᠃                                            ᠤᠷᠴᠢᠭᠤᠯᠤᠭᠰᠠᠨ ᠨᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号