ᠰᠢᠨ᠎ᠡ ᠪᠠᠷᠭᠤ ᠪᠠᠷᠠᠭᠤᠨ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2021/11/24
     ᠰᠢᠨ᠎ᠡ ᠪᠠᠷᠭᠤ ᠪᠠᠷᠠᠭᠤᠨ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︵ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠭᠡᠵᠦ ᠲᠣᠪᠴᠢᠯᠠᠨ᠎ᠠ︶ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭᠠᠨ ᠲᠠᠰ ᠤᠨ ᠪᠠᠶᠢᠭᠤᠯᠭ᠎ᠠ ᠪᠣᠯᠤᠨ᠎ᠠ᠃      ᠨᠢᠭᠡ᠂ ᠭᠤᠤᠯ ᠡᠭᠦᠷᠭᠡ ᠬᠠᠷᠢᠭᠤᠴᠠᠯᠭ᠎ᠠ      1. ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡᠨ ᠤ ᠳᠠᠭᠠᠳᠬᠠᠯ᠂ ᠦᠷᠡᠵᠢᠯ ᠤᠨ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ᠂ ᠪᠠᠷᠢᠮᠵᠢᠶ᠎ᠠ ᠶᠢ ᠨᠢᠭᠡᠳᠦᠯᠲᠡᠶ ᠲᠥᠯᠥᠪᠯᠡᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      2. ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠪᠥᠬᠦ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠵᠥᠪᠰᠢᠶᠡᠷᠡᠭᠦᠯᠦᠭᠰᠡᠨ ᠤ ᠳᠠᠷᠠᠭ᠎ᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠳᠥᠯᠥᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃      3. ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠪᠠ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠡᠮᠴᠢᠯᠡᠭᠡᠨ ᠤ ᠪᠠᠲᠤᠯᠠᠭ᠎ᠠ ᠶᠢᠨ ᠪᠠᠯᠠ ᠴᠤᠭᠯᠠᠭᠤᠯᠬᠤ ᠪᠠ ᠬᠦᠯᠢᠶᠡᠬᠦ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠬᠥᠳᠡᠯᠦᠩᠭᠦᠶ ᠲᠣᠬᠢᠷᠠᠭᠤᠯᠤᠯᠲᠠ ᠪᠠ ᠣᠷᠣᠨ ᠪᠦᠰᠡ ᠶᠢᠨ ᠲᠣᠬᠢᠷᠠᠭᠤᠯᠤᠯᠲᠠ ᠶᠢᠨ ᠲᠡᠩᠴᠡᠭᠦᠷᠢ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠶᠢᠨ ᠪᠠᠷᠢᠮᠵᠢᠶ᠎ᠠ ᠶᠢ ᠨᠢᠭᠡᠳᠦᠯᠲᠡᠶ ᠲᠥᠯᠥᠪᠯᠡᠵᠦ᠂ ᠪᠠᠯᠠ ᠴᠤᠭᠯᠠᠭᠤᠯᠬᠤ ᠬᠢᠷᠢ ᠬᠡᠮᠵᠢᠶ᠎ᠡ ᠯᠦᠭᠡ ᠵᠣᠬᠢᠴᠠᠯᠳᠤᠭᠰᠠᠨ ᠣᠯᠭᠤᠮᠵᠢ ᠶᠢᠨ ᠲᠣᠬᠢᠷᠠᠭᠤᠯᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠶᠢᠨ ᠲᠥᠰᠦᠯ ᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ᠃      4. ᠡᠮᠴᠢᠯᠡᠭᠡᠨ ᠤ ᠳᠠᠭᠠᠳᠬᠠᠯ ᠤᠨ ᠭᠠᠷᠴᠠᠭ ᠤᠨ ᠬᠠᠮᠢᠶᠠᠷᠤᠯᠲᠠ ᠶᠢᠨ ᠬᠠᠮᠢᠶ᠎ᠠ ᠪᠥᠬᠦᠢ ᠠᠵᠢᠯ ᠢ ᠬᠠᠷᠢᠭᠤᠴᠠᠨ᠎ᠠ᠃ ᠬᠤᠲᠠ ᠬᠥᠳᠡᠭᠡ ᠶᠢᠨ ᠨᠢᠭᠡᠳᠦᠯᠲᠡᠶ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠲᠦᠬᠦᠭᠡᠷᠦᠮᠵᠢ ᠵᠡᠷᠭᠡ ᠡᠮᠴᠢᠯᠡᠭᠡᠨ ᠤ ᠳᠠᠭᠠᠳᠬᠠᠯ ᠤᠨ ᠭᠠᠷᠴᠠᠭ ᠪᠠ ᠲᠣᠭᠠᠴᠠᠭ᠎ᠠ ᠬᠢᠬᠦ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠪᠠᠶᠢᠭᠤᠯᠤᠨ᠂ ᠤᠯᠤᠰ ᠤᠨ ᠡᠮᠴᠢᠯᠡᠭᠡᠨ ᠤ ᠳᠠᠭᠠᠳᠬᠠᠯ ᠤᠨ ᠭᠠᠷᠴᠠᠭ ᠲᠤ ᠵᠥᠪᠰᠢᠶᠡᠷᠡᠨ ᠣᠷᠣᠭᠤᠯᠬᠤ ᠬᠡᠯᠡᠯᠴᠡᠭᠡ ᠶᠢᠨ ᠲᠦᠷᠢᠮ ᠢ ᠲᠤᠤᠱᠯᠠᠭᠤᠯᠤᠨ ᠬᠡᠷᠡᠭᠵᠢᠭᠦᠯᠦᠨ᠎ᠡ᠃      5. ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠤᠯᠤᠰ ᠤᠨ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠲᠦᠬᠦᠭᠡᠷᠦᠮᠵᠢ ᠶᠢᠨ ᠰᠦᠢᠳᠬᠡᠯ ᠬᠤᠷᠢᠶᠠᠬᠤ ᠵᠡᠷᠭᠡ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠵᠦᠶ ᠵᠣᠬᠢᠰᠲᠠᠶ ᠲᠣᠭᠲᠠᠭᠠᠬᠤ ᠪᠠ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠪᠠᠶᠢᠭᠤᠯᠤᠨ᠂ ᠵᠠᠬ᠎ᠠ ᠳᠡᠯᠭᠡᠭᠦᠷ ᠢᠶᠠᠷ ᠭᠤᠤᠯᠯᠠᠭᠤᠯᠤᠭᠰᠠᠨ ᠨᠡᠶᠢᠭᠡᠮ ᠤᠨ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠢᠨᠠᠨ ᠰᠢᠨᠵᠢᠬᠦ ᠪᠠ ᠮᠡᠳᠡᠭᠡ ᠵᠠᠩᠭᠢ ᠨᠡᠶᠢᠲᠡᠯᠡᠬᠦ ᠲᠦᠷᠢᠮ ᠢ ᠪᠠᠶᠢᠭᠤᠯᠤᠨ᠎ᠠ᠃      6. ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠠᠵᠢᠯ ᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ᠂ ᠳᠣᠭᠢᠷᠠᠭᠤᠯᠤᠨ ᠬᠦᠷᠭᠡᠬᠦ ᠵᠢᠴᠢ ᠳ᠋ᠦᠩᠨᠡᠨ ᠪᠤᠳᠤᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠢᠭᠡᠳᠦᠯᠲᠡᠶ ᠲᠥᠯᠥᠪᠯᠡᠬᠦ ᠲᠣᠭᠤᠷᠢᠭ ᠤᠨ ᠡᠮ ᠤᠨ ᠵᠦᠶ᠋ᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ᠂ ᠳᠣᠭᠢᠷᠠᠭᠤᠯᠤᠨ ᠬᠦᠷᠭᠡᠬᠦ ᠵᠢᠴᠢ ᠳ᠋ᠦᠩᠨᠡᠨ ᠪᠤᠳᠤᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃      7. ᠡᠮᠴᠢᠯᠡᠭᠡᠨ ᠤ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠵᠥᠪᠯᠡᠯᠴᠡᠭᠡᠷ ᠪᠣᠯᠤᠨ ᠲᠣᠭᠠᠴᠠᠭ᠎ᠠ ᠬᠢᠬᠦ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮᠵᠢ ᠪᠣᠯᠤᠨ ᠮᠡᠳᠡᠭᠡ ᠵᠠᠩᠭᠢ ᠶᠢᠨ ᠮᠡᠷᠭᠡᠵᠢᠯ ᠤᠨ ᠢᠯᠡᠷᠡᠯ ᠤᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠡᠮᠴᠢᠯᠡᠭᠡᠨ ᠤ ᠳᠠᠭᠠᠳᠬᠠᠯ ᠤᠨ ᠬᠡᠪᠴᠢᠶᠡᠨ ᠳᠤ ᠣᠷᠣᠭᠤᠯᠤᠭᠰᠠᠨ ᠡᠮᠴᠢᠯᠡᠭᠡᠨ ᠤ ᠦᠢᠯᠡᠴᠢᠯᠡᠭᠡᠨ ᠤ ᠦᠢᠯᠡ ᠠᠵᠢᠯᠯᠠᠭ᠎ᠠ ᠪᠣᠯᠤᠨ ᠡᠮᠴᠢᠯᠡᠭᠡᠨ ᠤ ᠵᠠᠷᠤᠳᠠᠯ ᠢ ᠬᠢᠨᠠᠨ ᠬᠠᠮᠢᠶᠠᠷᠴᠤ᠂ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃      8. ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠶ᠋ᠴᠡᠳᠬᠡᠬᠦ ᠬᠠᠮᠢᠶᠠᠷᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠬᠠᠷᠢᠭᠤᠴᠠᠵᠤ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠣᠨᠳᠣᠤ ᠭᠠᠵᠠᠷ ᠲᠤ ᠡᠮᠴᠢᠯᠡᠭᠦᠯᠬᠦ ᠠᠵᠢᠯ ᠤᠨ ᠬᠠᠮᠢᠶᠠᠷᠤᠯᠲᠠ ᠪᠠ ᠵᠠᠷᠤᠳᠠᠯ ᠢ ᠳ᠋ᠦᠩᠨᠡᠨ ᠪᠤᠳᠤᠬᠤ ᠲᠥᠷᠥ ᠶᠢᠨ ᠪᠣᠳᠣᠯᠭ᠎ᠠ ᠶᠢ ᠲᠣᠭᠲᠠᠭᠠᠬᠤ ᠪᠠ ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠲᠦᠷᠢᠮ ᠢ ᠪᠠᠶᠢᠭᠤᠯᠤᠨ ᠪᠦᠷᠢᠨᠰᠢᠬᠦᠯᠦᠨ᠎ᠠ᠃ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠮᠲᠤᠷᠠᠯᠴᠠᠭ᠎ᠠ ᠰᠣᠯᠢᠯᠴᠠᠭ᠎ᠠ ᠶᠢ ᠦᠷᠨᠢᠭᠦᠯᠦᠨ᠎ᠡ᠃      9. ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号