ᠰᠢᠨ᠎ᠡ ᠪᠠᠷᠭᠤ ᠪᠠᠷᠠᠭᠤᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2021/11/24
     ᠰᠢᠨ᠎ᠡ ᠪᠠᠷᠭᠤ ᠪᠠᠷᠠᠭᠤᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭᠠᠨ ᠲᠠᠰ ᠤᠨ ᠪᠠᠶᠢᠭᠤᠯᠭ᠎ᠠ ᠪᠣᠯᠤᠨ᠎ᠠ᠃     ᠨᠢᠭᠡ᠂ ᠭᠤᠤᠯ ᠡᠭᠦᠷᠭᠡ ᠬᠠᠷᠢᠭᠤᠴᠠᠯᠭ᠎ᠠ      1. ᠲᠤᠭ᠎ᠠ ᠪᠦᠷᠢᠳᠬᠡᠯ ᠤᠨ ᠠᠵᠢᠯ ᠤᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠲᠦᠷᠢᠮ᠂ ᠲᠤᠭ᠎ᠠ ᠪᠦᠷᠢᠳᠬᠡᠯ ᠤᠨ ᠪᠠᠷᠢᠮᠵᠢᠶ᠎ᠠ ᠪᠠ ᠲᠤᠭ᠎ᠠ ᠪᠦᠷᠢᠳᠬᠡᠯ ᠤᠨ ᠥᠭᠡᠷᠡᠴᠢᠯᠡᠯᠲᠡ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠤᠭ᠎ᠠ ᠪᠦᠷᠢᠳᠬᠡᠯ ᠤᠨ ᠲᠦᠷᠢᠮ᠂ ᠲᠤᠭ᠎ᠠ ᠪᠦᠷᠢᠳᠬᠡᠯ ᠤᠨ ᠪᠠᠷᠢᠮᠵᠢᠶ᠎ᠠ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ᠬᠤᠯᠪᠣᠭᠳᠠᠯ ᠪᠦᠬᠦᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠲᠤ ᠪᠠᠶᠢᠴᠠᠭᠠᠯᠲᠠ ᠪᠠ ᠦᠨᠡᠯᠡᠨ ᠵᠢᠱᠢᠯᠲᠡ ᠬᠢᠨ᠎ᠡ᠃ ᠰᠤᠮᠤ ᠰᠢᠶᠠᠩ ︵ᠪᠠᠯᠭᠠᠰᠤ︶ ᠤᠨ ᠬᠠᠮᠢᠶ᠎ᠠ ᠪᠥᠬᠦᠶ ᠠᠵᠢᠯ ᠥᠷᠨᠢᠭᠦᠯᠬᠦ ᠶᠢ ᠵᠢᠯᠣᠭᠤᠳᠤᠨ᠎ᠠ᠃      2. ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠬᠢᠬᠦ ᠠᠵᠢᠯ ᠢ ᠬᠠᠷᠢᠭᠤᠴᠠᠨ᠎ᠠ᠃ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠬᠢᠬᠦ ᠰᠢᠰᠲ᠋ᠧᠮ ᠢ ᠲᠤᠤᠱᠯᠠᠭᠤᠯᠤᠨ ᠬᠡᠷᠡᠭᠵᠢᠭᠦᠯᠵᠦ᠂ ᠤᠯᠤᠰ ᠠᠷᠠᠳ ᠤᠨ ᠠᠵᠤ ᠠᠬᠤᠶ ᠶᠢᠨ ᠬᠤᠯᠪᠣᠭᠳᠠᠯ ᠪᠦᠬᠦᠢ ᠲᠣᠭᠠᠴᠠᠭ᠎ᠠ ᠬᠢᠬᠦ ᠰᠠᠭᠤᠷᠢ ᠠᠵᠢᠯ ᠢ‌ᠵᠣᠬᠢᠶᠠᠨ ᠪᠠᠶᠢᠭᠤᠯᠬᠤ ᠶᠢ ᠬᠠᠷᠭᠤᠴᠠᠨ᠎ᠠ᠃      3. ᠪᠥᠬᠦ ᠬᠤᠰᠢᠭᠤᠨ ᠤ ᠬᠥᠮᠦᠨ ᠠᠮᠠ᠂ ᠠᠵᠤ ᠠᠬᠤᠶ᠂ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠬᠥᠮᠦᠨ ᠠᠮᠠ᠂ ᠠᠵᠤ ᠠᠬᠤᠶ᠂ ᠲᠠᠷᠢᠶᠠᠯᠠᠩ ᠮᠠᠯ ᠠᠵᠤ ᠠᠬᠤᠶ ᠵᠡᠷᠭᠡ ᠴᠢᠬᠤᠯᠠ ᠶᠡᠭᠡ ᠬᠤᠰᠢᠭᠤᠨ ᠤ ᠪᠠᠶᠢᠳᠠᠯ ᠬᠤᠰᠢᠭᠤᠨ ᠤ ᠬᠦᠴᠦᠨ ᠤ ᠨᠡᠶᠢᠳᠡᠮ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠵᠣᠬᠢᠴᠠᠭᠤᠯᠤᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠶᠡᠭᠡ ᠬᠤᠰᠢᠭᠤᠨ ᠤ ᠪᠠᠶᠢᠳᠠᠯ ᠬᠤᠰᠢᠭᠤᠨ ᠤ ᠬᠦᠴᠦᠨ ᠤ ᠨᠡᠶᠢᠳᠡᠮ ᠪᠠᠶᠢᠴᠠᠭᠠᠯᠲᠠ ᠵᠢᠴᠢ ᠲᠤᠰᠬᠠᠶ ᠵᠦᠢᠯ ᠤᠨ ᠪᠠᠶᠢᠴᠠᠭᠠᠯᠲᠠ ᠶᠢᠨ ᠲᠥᠯᠥᠪᠯᠡᠭᠡ᠂ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠰᠢᠭᠤᠨ ᠤ ᠪᠠᠶᠢᠳᠠᠯ ᠬᠤᠰᠢᠭᠤᠨ ᠤ ᠬᠦᠴᠦᠨ ᠤ ᠲᠠᠯ᠎ᠠ ᠪᠠᠷ ᠬᠢ ᠬᠤᠯᠪᠣᠭᠳᠠᠯ ᠪᠦᠬᠦᠢ ᠪᠦᠷᠢᠳᠬᠡᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠤ᠂ ᠡᠮᠬᠢᠳᠬᠡᠬᠦ ᠪᠠ ᠬᠠᠩᠭᠠᠨ᠎ᠠ᠃      4. ᠲᠤᠭ᠎ᠠ ᠪᠦᠷᠢᠳᠬᠡᠯ ᠢ ᠬᠤᠷᠢᠶᠠᠩᠭᠤᠶᠢᠯᠠᠬᠤ ᠪᠠ ᠲᠤᠭ᠎ᠠ ᠪᠠᠷᠢᠮᠲᠠ ᠬᠠᠩᠭᠠᠬᠤ ᠠᠵᠢᠯ ᠢ ᠬᠠᠷᠢᠭᠤᠴᠠᠨ᠎ᠠ᠃ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ᠂ ᠠᠵᠤ ᠦᠢᠯᠡᠳᠪᠦᠷᠢ᠂ ᠪᠠᠷᠢᠯᠭ᠎ᠠ ᠶᠢᠨ ᠦᠢᠯᠡᠰ᠂ ᠦᠢᠯᠡᠴᠢᠯᠡᠭᠡᠨ ᠤ ᠦᠢᠯᠡᠰ ᠵᠡᠷᠭᠡ ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠶ ᠶᠢᠨ ᠡᠯ᠎ᠡ ᠠᠵᠢᠯ ᠲᠥᠷᠥᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠲᠠ ᠶᠢᠨ ᠡᠨᠧᠷᠭᠢ᠂ ᠪᠠᠯᠠ ᠣᠷᠣᠭᠤᠯᠤᠯᠲᠠ᠂ ᠬᠡᠷᠡᠭᠯᠡᠭᠡ᠂ ᠰᠢᠨᠵᠢᠯᠡᠬᠦ ᠤᠬᠠᠭᠠᠨ ᠮᠡᠷᠭᠡᠵᠢᠯ᠂ ᠬᠥᠮᠦᠨ ᠠᠮᠠ᠂ ᠨᠡᠶᠢᠭᠡᠮ ᠤᠨ ᠬᠥᠭᠵᠢᠯᠲᠡ ᠶᠢᠨ ᠦᠨᠳᠦᠰᠦᠨ ᠪᠠᠶᠢᠳᠠᠯ᠂ ᠣᠷᠴᠢᠨ ᠲᠣᠭᠤᠷᠢᠨ ᠤ ᠦᠨᠳᠦᠰᠦᠨ ᠪᠠᠶᠢᠳᠠᠯ ᠵᠡᠷᠭᠡ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠪᠠᠶᠢᠴᠠᠭᠠᠯᠲᠠ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠤᠭᠯᠠᠭᠤᠯᠬᠤ᠂ ᠬᠤᠷᠢᠶᠠᠩᠭᠤᠶᠢᠯᠠᠬᠤ᠂ ᠡᠮᠬᠢᠳᠬᠡᠬᠦ ᠪᠠ ᠬᠠᠩᠭᠠᠨ᠎ᠠ᠃ ᠵᠠᠮ ᠬᠠᠷᠢᠯᠴᠠᠭ᠎ᠠ ᠲᠡᠭᠡᠭᠡᠪᠦᠷᠢ᠂ ᠰᠢᠦᠳᠠᠨ᠂ ᠵᠢᠭᠤᠯᠴᠢᠯᠠᠯ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠨᠡᠶᠢᠲᠡ ᠶᠢᠨ ᠬᠡᠷᠡᠭᠯᠡᠭᠡᠨ ᠤ ᠦᠢᠯᠡᠰ᠂ ᠡᠬᠢ ᠪᠠᠶᠠᠯᠢᠭ᠂ ᠭᠡᠷ ᠪᠠᠶᠢᠰᠢᠩ᠂ ᠭᠠᠳᠠᠭᠠᠳᠤ ᠠᠷᠠᠯᠵᠢᠶ᠎ᠠ ᠵᠡᠷᠭᠡ ᠰᠠᠯᠠᠭ᠎ᠠ ᠮᠥᠴᠢᠷ ᠤᠨ ᠦᠨᠳᠦᠰᠦᠨ ᠪᠦᠷᠢᠳᠬᠡᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠤ᠂ ᠡᠮᠬᠢᠯᠡᠬᠦ ᠪᠠ ᠬᠠᠩᠭᠠᠨ᠎ᠠ᠃      5. ᠦᠨᠳᠦᠰᠦᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠨᠡᠶᠢᠲᠡᠯᠡᠬᠦ ᠠᠵᠢᠯ ᠢ ᠬᠠᠷᠢᠭᠤᠴᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠠᠵᠤ ᠠᠬᠤᠶ᠂ ᠨᠡᠶᠢᠭᠡᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠡᠬᠢ ᠪᠠᠶᠠᠯᠢᠭ ᠣᠷᠴᠢᠨ ᠠᠬᠤᠶ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ᠎ᠠ᠃ ᠪᠥᠬᠦ ᠬᠤᠰᠢᠭᠤᠨ ᠤ ᠴᠢᠨᠠᠷᠲᠠᠶ ᠦᠨᠳᠦᠰᠦᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠨᠢᠭᠡᠳᠦᠯᠲᠡᠶ ᠬᠢᠨᠠᠨ ᠲᠣᠭᠲᠠᠭᠠᠵᠤ᠂ ᠬᠠᠮᠢᠶᠠᠷᠴᠤ᠂ ᠨᠡᠶᠢᠲᠡᠯᠡᠨ᠎ᠡ᠃ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠲᠤᠬᠠᠶ ᠪᠦᠷᠢᠳᠬᠡᠯ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃      6. ᠲᠤᠭ᠎ᠠ ᠪᠦᠷᠢᠳᠬᠡᠯ ᠤᠨ ᠬᠢᠨᠠᠨ ᠰᠢᠨᠵᠢᠵᠦ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠶ᠂ ᠨᠡᠶᠢᠭᠡᠮ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠪᠠ ᠡᠬᠢ ᠪᠠᠶᠠᠯᠢᠭ ᠣᠷᠴᠢᠨ ᠲᠣᠭᠤᠷᠢᠨ ᠵᠡᠷᠭᠡ ᠪᠠᠶᠢᠳᠠᠯ ᠢ ᠪᠦᠷᠢᠳᠬᠡᠨ ᠵᠠᠳᠠᠯᠬᠤ᠂ ᠪᠦᠷᠢᠳᠬᠡᠨ ᠬᠢᠨᠠᠨ ᠰᠢᠨᠵᠢᠬᠦ ᠪᠠ ᠪᠦᠷᠢᠳᠬᠡᠨ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠣᠨ ᠤ ᠦᠨᠡᠯᠡᠯᠲᠡ ᠶᠢᠨ ᠠᠵᠢᠯ ᠢ ᠵᠣᠬᠢᠶᠠᠨ ᠪᠠᠶᠢᠭᠤᠯᠤᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠲᠤᠭ᠎ᠠ ᠪᠦᠷᠢᠳᠬᠡᠯ ᠤᠨ ᠮᠡᠳᠡᠭᠡ ᠵᠠᠩᠭᠢ ᠪᠠ ᠵᠥᠪᠯᠡᠯᠭᠡ ᠥᠭᠬᠦ ᠰᠠᠨᠠᠭᠤᠯᠭ᠎ᠠ ᠬᠠᠩᠭᠠᠨ᠎ᠠ᠃      7. ᠲᠤᠭ᠎ᠠ ᠪᠦᠷᠢᠳᠬᠡᠯ ᠤᠨ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠡᠯ᠎ᠡ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ᠂ ᠡᠯ᠎ᠡ ᠰᠤᠮᠤ ᠪᠠᠯᠭᠠᠰᠤ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠬᠠᠤᠯᠢ ᠶᠣᠰᠣᠭᠠᠷ ᠬᠢᠨᠠᠨ ᠵᠥᠪᠰᠢᠶᠡᠷᠡᠬᠦ ᠪᠤᠶᠤ ᠳᠡᠩᠰᠡᠯᠡᠵᠦ᠂ ᠲᠤᠰᠬᠠᠶ ᠮᠡᠷᠭᠡᠵᠢᠯ ᠤᠨ ᠲᠤᠭ᠎ᠠ ᠪᠦᠷᠢᠳᠬᠡᠯ ᠤᠨ ᠰᠠᠭᠤᠷᠢ ᠠᠵᠢᠯ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠲᠤᠬᠠᠶᠢᠯᠠᠭᠰᠠᠨ ᠠᠵᠢᠯ ᠤᠨ ᠰᠠᠭᠤᠷᠢ ᠪᠥᠲᠥᠭᠡᠨ ᠪᠠᠶᠢᠭᠤᠯᠤᠯᠲᠠ ᠶᠢ ᠵᠢᠯᠣᠭᠤᠳᠴᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ ᠵᠢᠱᠢᠬᠦ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠴᠢᠬᠤᠯᠠ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ ᠵᠢᠱᠢᠬᠦ ᠶᠢ ᠥᠷᠨᠢᠭᠦᠯᠵᠦ᠂ ᠭᠠᠳᠠᠭᠠᠳᠤ ᠳᠤ ᠬᠤᠯᠪᠣᠭᠳᠠᠬᠤ ᠪᠠᠶᠢᠴᠠᠭᠠᠯᠲᠠ ᠶᠢᠨ ᠠᠵᠢᠯᠯᠠᠭ᠎ᠠ ᠳᠤ ᠬᠠᠤᠯᠢ ᠶᠣᠰᠣᠭᠠᠷ ᠬᠢᠨᠠᠯᠲᠠ ᠲᠠᠯᠪᠢᠨ᠎ᠠ᠃      8. ᠲᠤᠭ᠎ᠠ ᠪᠦᠷᠢᠳᠬᠡᠯ ᠤᠨ ᠡᠩᠨᠡᠭᠡ ᠶᠢᠨ ᠪᠠᠶᠢᠭᠤᠯᠤᠯᠲᠠ ᠶᠢᠨ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠺᠠᠳ᠋ᠷ ᠤᠨ ᠪᠣᠯᠪᠠᠰᠤᠷᠠᠯ᠂ ᠲᠤᠭ᠎ᠠ ᠪᠦᠷᠢᠳᠬᠡᠯ ᠤᠨ ᠲᠤᠰᠬᠠᠶ ᠮᠡᠷᠭᠡᠵᠢᠯ ᠤᠨ ᠡᠩᠨᠡᠭᠡ ᠶᠢᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ᠎ᠠ᠃      9. ᠲᠤᠭ᠎ᠠ ᠪᠦᠷᠢᠳᠬᠡᠯ ᠤᠨ ᠮᠡᠳᠡᠭᠡ ᠵᠠᠩᠭᠢᠴᠢᠯᠠᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠲᠣᠭᠲᠠᠭᠠᠬᠤ ᠶᠢ ᠬᠠᠷᠢᠭᠤᠴᠠᠵᠤ᠂ ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠰᠢᠰᠲ᠋ᠧᠮ ᠢ ᠪᠠᠶᠢᠭᠤᠯᠬᠤ᠂ ᠬᠠᠮᠢᠶᠠᠷᠬᠤ ᠪᠠ ᠬᠠᠮᠠᠭᠠᠯᠠᠨ᠎ᠠ᠃ ᠡᠯ᠎ᠡ ᠰᠤᠮᠤ ᠪᠠᠯᠭᠠᠰᠤ ᠶᠢᠨ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠤᠨ᠎ᠠ᠃      10. ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号