ᠬᠢᠵᠢᠭ ᠤᠨ ᠬᠤᠭᠤᠴᠠᠭᠠᠨ ᠳᠤ ᠭᠠᠳᠠᠭᠰᠢ ᠭᠠᠷᠴᠤ ᠡᠮᠨᠡᠭᠦᠯᠬᠦ ᠳᠤ ᠶᠠᠭᠤ ᠶᠢ ᠠᠩᠬᠠᠷᠬᠤ ᠬᠡᠷᠡᠭᠲᠡᠢ ᠪᠣᠢ︖
ᠨᠡᠶᠢᠲᠡᠯᠡᠭᠰᠡᠨ ᠴᠠᠭ᠄
2021/11/24
     ᠬᠢᠵᠢᠭ ᠤᠨ ᠬᠤᠭᠤᠴᠠᠭᠠᠨ ᠳᠤ ᠡᠪᠡᠳᠴᠢᠨ ᠦᠵᠡᠭᠦᠯᠬᠦ ᠶᠠᠪᠤᠳᠠᠯ ᠲᠣᠬᠢᠶᠠᠯᠳᠤᠪᠠᠯ᠂ ᠬᠢᠵᠢᠭ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠵᠢᠷᠤᠮ ᠲᠣᠭᠲᠠᠭᠠᠯ ᠢ ᠡᠷᠡᠰ ᠴᠢᠩᠭ᠎ᠠ ᠪᠠᠷᠢᠮᠲᠠᠯᠠᠨ ᠳᠠᠭᠠᠬᠤ ᠶᠢᠨ ᠬᠠᠮᠲᠤ᠂ ᠦᠩᠭᠡᠷᠡᠭᠰᠡᠨ ᠤ ᠡᠪᠡᠳᠴᠢᠨ ᠤ ᠲᠡᠦᠬᠡ ᠵᠢᠴᠢ ᠡᠪᠡᠳᠴᠢᠨ ᠦᠵᠡᠭᠦᠯᠬᠦ ᠦᠶ᠎ᠡ ᠶᠢᠨ ᠪᠠᠶᠢᠳᠠᠯ ᠢᠶᠠᠨ ᠦᠨᠡᠨ ᠮᠦᠨ ᠢᠶᠠᠷ ᠨᠢ ᠡᠮᠴᠢ ᠳᠤ ᠶᠠᠷᠢᠬᠤ ᠬᠡᠷᠡᠭᠲᠡᠢ᠃ ᠴᠢᠬᠤᠯᠠᠲᠠᠢ ᠦᠶᠡᠰ᠂ ᠣᠶᠢᠷ᠎ᠠ ᠶᠢᠨ ᠬᠤᠭᠤᠴᠠᠭᠠᠨ ᠤ ᠵᠢᠭᠤᠯᠴᠢᠯᠠᠭᠰᠠᠨ ᠥᠩᠭᠡᠷᠡᠯᠲᠡ ᠪᠣᠯᠣᠨ ᠭᠡᠷ ᠪᠦᠯᠢ ᠶᠢᠨ ᠬᠦᠮᠦᠰ ᠤᠨ ᠭᠠᠳᠠᠭᠰᠢ ᠳᠣᠲᠣᠭᠰᠢ ᠶᠠᠪᠤᠭᠰᠠᠨ ᠪᠠᠶᠢᠳᠠᠯ ᠢᠶᠠᠨ ᠡᠮᠴᠢ ᠳᠤ ᠬᠡᠯᠡᠵᠦ᠂ ᠰᠡᠵᠢᠭᠯᠡᠯᠲᠡᠢ ᠬᠦᠮᠦᠰ ᠲᠠᠢ ᠣᠶᠢᠷᠠᠲᠤᠭᠰᠠᠨ ᠡᠰᠡᠬᠦ ᠳᠤ ᠮᠠᠭᠠᠳᠯᠠᠯᠲᠠ ᠬᠢᠯᠭᠡᠬᠦ ᠴᠢᠬᠤᠯᠠᠲᠠᠢ᠃ ᠬᠡᠷᠪᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠰᠡᠵᠢᠭᠯᠡᠯᠲᠡᠢ ᠡᠪᠡᠳᠴᠢᠲᠡᠨ ᠢᠶᠠᠷ ᠣᠨᠣᠰᠢᠯᠠᠭᠳᠠᠭᠰᠠᠨ ᠪᠠᠶᠢᠪᠠᠯ᠂ ᠡᠮᠨᠡᠯᠭᠡ ᠶᠢᠨ ᠬᠤᠷᠢᠶ᠎ᠠ ᠲᠠᠢ ᠢᠳᠡᠪᠬᠢᠲᠡᠢ ᠬᠠᠮᠵᠢᠯᠴᠠᠨ ᠬᠠᠮᠢᠶ᠎ᠠ ᠪᠦᠬᠦᠢ ᠪᠠᠶᠢᠴᠠᠭᠠᠯᠲᠠ ᠪᠣᠯᠣᠨ ᠡᠮᠴᠢᠯᠡᠭᠡᠨ ᠤ ᠲᠤᠰᠠᠭᠠᠷᠯᠠᠯᠲᠠ ᠬᠢᠬᠦ ᠬᠡᠷᠡᠭᠲᠡᠢ᠃      ᠬᠥᠩᠭᠡᠨ ᠡᠪᠡᠳᠴᠢᠨ ᠢ ᠨᠡᠶᠢᠭᠡᠮ ᠲᠣᠭᠤᠷᠢᠭ ᠲᠠᠭᠠᠨ ᠦᠵᠡᠭᠦᠯᠵᠦ᠂ ᠬᠦᠨᠳᠦ ᠡᠪᠡᠳᠴᠢᠨ ᠢ ᠡᠮᠨᠡᠯᠭᠡ ᠳᠤ ᠬᠦᠷᠭᠡᠵᠦ ᠡᠮᠴᠢᠯᠡᠭᠦᠯᠬᠦ ᠶᠢ ᠵᠢᠷᠤᠮᠯᠠᠨ᠎ᠠ᠃      ᠤᠷᠢᠳᠴᠢᠯᠠᠨ ᠰᠦᠯᠵᠢᠶ᠎ᠡ ᠪᠤᠶᠤ ᠤᠲᠠᠰᠤ ᠪᠠᠷ ᠳ᠋ᠤᠭᠠᠷᠯᠠᠵᠤ᠂ ᠡᠪᠡᠳᠴᠢᠨ ᠦᠵᠡᠭᠦᠯᠬᠦ ᠶᠠᠪᠤᠴᠠ ᠶᠢ ᠤᠷᠢᠳᠴᠢᠯᠠᠨ ᠣᠶᠢᠯᠠᠭᠠᠵᠤ᠂ ᠡᠮᠨᠡᠯᠭᠡ ᠶᠢᠨ ᠬᠤᠷᠢᠶ᠎ᠠ ᠶᠢᠨ ᠰᠠᠯᠠᠭ᠎ᠠ ᠲᠠᠰᠤᠭ ᠤᠨ ᠪᠠᠶᠢᠷᠢᠰᠢᠯ ᠢ ᠤᠷᠢᠳᠴᠢᠯᠠᠨ ᠣᠶᠢᠯᠠᠭᠠᠵᠤ᠂ ᠡᠮᠨᠡᠯᠭᠡ ᠳᠤ ᠰᠠᠭᠠᠲᠠᠬᠤ ᠴᠠᠭ ᠢ ᠪᠠᠭᠠᠰᠬᠠᠨ᠎ᠠ᠃      ᠡᠪᠡᠳᠴᠢᠨ ᠦᠵᠡᠭᠦᠯᠬᠦ ᠪᠠᠷ ᠶᠠᠪᠤᠵᠤ ᠰᠠᠭᠤᠬᠤ ᠳᠠᠭᠠᠨ ᠠᠮᠠᠪᠴᠢ ᠪᠠᠨ ᠡᠷᠬᠡᠪᠰᠢ ᠵᠡᠭᠦᠬᠦ ᠬᠡᠷᠡᠭᠲᠡᠢ᠃ ᠡᠮᠨᠡᠯᠭᠡ ᠶᠢᠨ ᠬᠤᠷᠢᠶᠠᠨ ᠳᠤ ᠵᠡᠭᠦᠭᠰᠡᠨ ᠠᠮᠠᠪᠴᠢ ᠪᠠᠨ ᠴᠠᠭ ᠲᠤᠬᠠᠢ ᠳᠤᠨᠢ ᠰᠣᠯᠢᠵᠤ ᠪᠠᠶᠢᠬᠤ ᠬᠡᠷᠡᠭᠲᠡᠢ᠃      ᠡᠪᠡᠳᠴᠢᠨ ᠦᠵᠡᠭᠦᠯᠬᠦ ᠶᠠᠪᠤᠴᠠ ᠳᠤ ᠡᠭᠦᠳᠡᠨ ᠪᠠᠷᠢᠭᠤᠯ᠂ ᠳ᠋ᠤᠭᠠᠷᠯᠠᠬᠤ ᠮᠠᠰᠢᠨ᠂ ᠵᠣᠭᠤᠰ ᠭᠠᠷᠭᠠᠵᠤ ᠠᠪᠬᠤ ᠮᠠᠰᠢᠨ ᠵᠡᠷᠭᠡ ᠲᠠᠢ ᠰᠢᠭᠤᠳ ᠬᠦᠷᠦᠯᠴᠡᠬᠦ ᠠᠴᠠ ᠵᠠᠶᠢᠯᠠᠰᠬᠢᠵᠦ᠂ ᠠᠷᠭ᠎ᠠ ᠦᠭᠡᠢ ᠪᠠᠶᠢᠳᠠᠯ ᠳᠤ ᠬᠦᠷᠦᠯᠴᠡᠭᠰᠡᠨ ᠪᠠᠶᠢᠪᠠᠯ᠂ ᠭᠠᠷ ᠢᠶᠠᠨ ᠴᠠᠭ ᠲᠤᠬᠠᠢ ᠳᠤᠨᠢ ᠤᠬᠢᠶᠠᠬᠤ ᠪᠣᠶᠤ ᠲᠦᠷᠭᠡᠨ ᠬᠠᠲᠠᠭᠠᠬᠤ ᠠᠷᠢᠭᠤᠳᠬᠠᠭᠤᠷ ᠢᠶᠠᠷ ᠠᠷᠢᠭᠤᠳᠬᠠᠬᠤ ᠬᠡᠷᠡᠭᠲᠡᠢ᠃      ᠡᠮᠨᠡᠭᠦᠯᠬᠦ ᠪᠠᠷ ᠬᠦᠯᠢᠶᠡᠬᠦ ᠪᠤᠶᠤ ᠮᠦᠷᠯᠡᠬᠦ ᠦᠶᠡᠰ ᠪᠤᠰᠤᠳ ᠲᠠᠢ ᠨᠢᠭᠡ ᠮᠧᠲᠷ ᠠᠴᠠ ᠳᠡᠭᠡᠭᠰᠢ ᠵᠠᠢ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠠᠯᠢ ᠪᠣᠯᠬᠤ ᠪᠠᠷ ᠠᠰᠠᠷ ᠤᠨ ᠱᠠᠲᠤ ᠪᠠᠷ ᠠᠯᠬᠤᠵᠤ᠂ ᠣᠯᠠᠨ ᠬᠦᠮᠦᠨ ᠲᠠᠢ ᠬᠠᠮᠲᠤ ᠴᠠᠬᠢᠯᠭᠠᠨ ᠱᠠᠲᠤᠨ ᠳᠤ ᠰᠢᠬᠠᠯᠴᠠᠬᠤ ᠦᠭᠡᠢ ᠪᠠᠶᠢᠬᠤ ᠶᠢ ᠬᠢᠴᠢᠶᠡᠬᠦ ᠬᠡᠷᠡᠭᠲᠡᠢ᠃ ᠰᠦᠢᠳᠬᠡᠯ ᠲᠤᠰᠢᠶᠠᠬᠤ ᠳᠠᠭᠠᠨ ᠺᠤᠳ᠋ ᠰᠢᠷᠪᠢᠬᠦ ᠮᠡᠲᠦ ᠶᠢᠨ ᠦᠯᠦ ᠬᠦᠷᠦᠯᠴᠡᠬᠦ ᠠᠷᠭ᠎ᠠ ᠮᠠᠶ᠋ᠢᠭ ᠢ ᠰᠣᠩᠭᠤᠬᠤ ᠬᠡᠷᠡᠭᠲᠡᠢ᠃      ᠤᠬᠢᠶᠠᠵᠤ ᠠᠷᠢᠭᠤᠳᠬᠠᠭᠰᠠᠨ ᠦᠭᠡᠢ ᠭᠠᠷ ᠢᠶᠠᠷ ᠢᠶᠠᠨ ᠠᠮᠠ᠂ ᠨᠢᠳᠦ᠂ ᠬᠠᠮᠠᠷ ᠢᠶᠠᠨ ᠨᠤᠬᠤᠯᠠᠵᠤ ᠲᠡᠮᠲᠡᠷᠢᠬᠦ ᠶᠢ ᠡᠷᠡᠰ ᠴᠡᠭᠡᠷᠯᠡᠬᠦ ᠬᠡᠷᠡᠭᠲᠡᠢ᠃ ᠬᠠᠨᠢᠶᠠᠵᠤ᠂ ᠨᠠᠶᠢᠲᠠᠭᠠᠬᠤ ᠳᠠᠭᠠᠨ ᠴᠠᠭᠠᠰᠤ᠂ ᠠᠯᠴᠢᠭᠤᠷ ᠪᠤᠶᠤ ᠲᠣᠬᠤᠢ ᠪᠠᠷ ᠢᠶᠠᠨ ᠠᠮᠠ ᠬᠠᠮᠠᠷ ᠢᠶᠠᠨ ᠬᠠᠯᠬᠠᠯᠠᠨ᠎ᠠ᠃      ᠡᠪᠡᠳᠴᠢᠨ ᠢᠶᠠᠨ ᠦᠵᠡᠭᠦᠯᠦᠭᠡᠳ ᠭᠡᠷ ᠲᠡᠭᠡᠨ ᠬᠠᠷᠢᠮᠠᠭᠴᠠ᠂ ᠳᠠᠷᠤᠢ ᠳᠤᠨᠢ ᠠᠮᠠᠪᠴᠢ ᠪᠠᠨ ᠵᠣᠬᠢᠰᠲᠠᠢ ᠡᠪᠬᠡᠵᠦ ᠬᠠᠶᠠᠨ᠂ ᠭᠠᠷ ᠢᠶᠠᠨ ᠤᠬᠢᠶᠠᠵᠤ ᠠᠷᠢᠭᠤᠳᠬᠠᠬᠤ ᠬᠡᠷᠡᠭᠲᠡᠢ᠃
 
ᠢᠷᠡᠯᠲᠡ᠄ ᠬᠦᠯᠦᠨ ᠪᠣᠶᠢᠷ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号