ᠣᠶᠢᠷ᠎ᠠ ᠳᠤ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠶᠠᠮᠤᠨ᠂ ᠲᠥᠪ ᠤᠨ ᠤᠬᠠᠭᠤᠯᠬᠤ | ᠬᠡᠯᠲᠡᠰ᠂ ᠲᠥᠪ ᠤᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ᠂ ᠠᠷᠠᠳ ᠤᠨ | ᠶᠠᠪᠤᠳᠠᠯ ᠤᠨ ᠶᠠᠮᠤᠨ᠂ ᠰᠣᠶᠣᠯ ᠪᠠ ᠵᠢᠭᠤᠯᠴᠢᠯᠠᠯ ᠤᠨ ᠶᠠᠮᠤᠨ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ | ᠲᠣᠪᠴᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠤᠯᠤᠰ ᠲᠥᠷᠥ ᠶᠢᠨ ᠠᠵᠢᠯ ᠤᠨ ᠬᠡᠯᠲᠡᠰ ᠵᠡᠷᠭᠡ 8 ᠰᠠᠯᠠᠭ᠎ᠠ ᠮᠥᠴᠢᠷ ᠬᠠᠮᠲᠤᠷᠠᠨ ︽ᠦᠷᠡᠭᠳᠡᠭᠰᠡᠨ | ᠪᠠᠭᠠᠲᠤᠷᠴᠤᠳ ᠢ ᠳᠤᠷᠠᠰᠬᠠᠬᠤ ᠲᠥᠬᠦᠭᠡᠷᠦᠮᠵᠢ ᠶᠢᠨ ᠵᠢᠷᠤᠮᠵᠢᠭᠰᠠᠨ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠬᠤ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ | ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ ᠲᠥᠬᠦᠭᠡᠷᠦᠮᠵᠢ ᠶᠢᠨ ᠵᠢᠷᠤᠮᠵᠢᠭᠰᠠᠨ ᠬᠠᠮᠢᠶᠠᠷᠤᠯᠲᠠ ᠶᠢ ᠤᠯᠠᠮ ᠨᠢᠭᠡ | ᠠᠯᠬᠤᠮ ᠴᠢᠩᠭᠠᠳᠬᠠᠪᠠ᠃ | ︽ᠰᠠᠨᠠᠯ︾ ᠳᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠵᠢᠷᠤᠮᠵᠢᠭᠰᠠᠨ | ᠬᠠᠮᠢᠶᠠᠷᠤᠯᠲᠠ ᠶᠢ ᠠᠬᠢᠭᠤᠯᠬᠤ ᠬᠡᠷᠡᠭᠲᠡᠶ᠃ ᠲᠥᠷᠥᠯ ᠬᠤᠪᠢᠶᠠᠨ ᠵᠢᠯᠣᠭᠤᠳᠬᠤ᠂ ᠲᠤᠬᠠᠶ ᠶᠢᠨ ᠭᠠᠵᠠᠷ ᠣᠷᠣᠨ ᠤ | ᠪᠠᠶᠢᠳᠠᠯ ᠳᠤᠨᠢ ᠳᠣᠭᠢᠷᠠᠭᠤᠯᠬᠤ᠂ ᠬᠠᠮᠠᠭᠠᠯᠠᠬᠤ ᠳᠤ ᠠᠰᠢᠭᠲᠠᠶ᠂ ᠠᠰᠢᠭᠯᠠᠬᠤ ᠳᠤ ᠲᠥᠬᠦᠮ ᠪᠠᠶᠢᠯᠭᠠᠬᠤ ᠵᠠᠷᠴᠢᠮ | ᠶᠣᠰᠣᠭᠠᠷ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠪᠡᠯᠡᠳᠬᠡᠮᠵᠢ ᠶᠢ ᠨᠢᠭᠡᠳᠦᠯᠲᠡᠶ ᠪᠠᠷ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠰᠢᠰᠲ᠋ᠧᠮᠵᠢᠭᠦᠯᠦᠨ ᠬᠠᠮᠢᠶᠠᠷᠬᠤ ᠶᠢ ᠡᠮᠬᠢ | ᠵᠢᠷᠤᠮ ᠲᠠᠢ ᠠᠯᠬᠤᠮ ᠠᠯᠬᠤᠮ ᠢᠶᠠᠷ ᠠᠬᠢᠭᠤᠯᠤᠨ᠎ᠠ᠃ ᠦᠷᠡᠭᠳᠡᠭᠰᠡᠨ ᠪᠠᠭᠠᠲᠤᠷᠴᠤᠳ ᠢ ᠬᠠᠮᠠᠭᠠᠯᠠᠬᠤ ᠰᠠᠯᠠᠭ᠎ᠠ | ᠮᠥᠴᠢᠷ ᠤᠨ ᠬᠤᠯᠪᠣᠭᠠᠯᠠᠨ ᠵᠣᠬᠢᠴᠠᠭᠤᠯᠬᠤ ᠲᠦᠷᠢᠮ ᠳᠤ ᠲᠦᠰᠢᠭᠯᠡᠵᠦ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ | ᠲᠣᠳᠣᠷᠬᠠᠶᠢᠯᠠᠨ᠂ ᠲᠤᠬᠠᠶᠢᠯᠠᠭᠰᠠᠨ ᠠᠵᠢᠯ ᠤᠨ ᠡᠬᠢ ᠪᠠᠶᠠᠯᠢᠭ ᠢ ᠨᠡᠶᠢᠳᠬᠡᠵᠦ᠂ ᠬᠠᠮᠢᠶᠠᠷᠤᠯᠲᠠ ᠬᠠᠮᠠᠭᠠᠯᠠᠯᠲᠠ ᠶᠢᠨ | ᠪᠠᠯᠠᠢ ᠣᠷᠣᠨ ᠢ ᠠᠷᠢᠯᠭᠠᠨ᠂ ᠬᠠᠮᠠᠭᠠᠯᠠᠯᠲᠠ ᠬᠠᠮᠢᠶᠠᠷᠤᠯᠲᠠ ᠶᠢᠨ ᠬᠠᠮᠲᠤᠷᠠᠯ ᠬᠦᠴᠦᠨ ᠢ ᠪᠦᠷᠢᠯᠳᠦᠭᠦᠯᠬᠦ ᠶᠢ | ᠠᠬᠢᠭᠤᠯᠤᠨ᠎ᠠ᠃ | ︽ᠰᠠᠨᠠᠯ︾ ᠳᠤ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠣᠷᠳᠣ ᠬᠤᠭᠤᠴᠠᠭᠠᠨ ᠤ | ᠪᠦᠲᠦᠮᠵᠢᠲᠡᠶ ᠬᠠᠮᠢᠶᠠᠷᠤᠯᠲᠠ ᠬᠠᠮᠠᠭᠠᠯᠠᠯᠲᠠ ᠶᠢ ᠪᠡᠶᠡᠯᠡᠭᠦᠯᠬᠦ ᠬᠡᠷᠡᠭᠲᠡᠶ᠃ ᠦᠷᠡᠭᠳᠡᠭᠰᠡᠨ ᠪᠠᠭᠠᠲᠤᠷᠴᠤᠳ ᠢ | ᠳᠤᠷᠠᠰᠬᠠᠬᠤ ᠲᠥᠬᠦᠭᠡᠷᠦᠮᠵᠢ ᠶᠢ ᠨᠢᠭᠡᠳ ᠨᠢᠭᠡ ᠪᠠᠷ ᠬᠢᠨᠠᠨ ᠬᠠᠷᠭᠤᠭᠤᠯᠵᠤ᠂ ᠲᠠᠩᠰᠠ ᠡᠪᠬᠡᠮᠡᠯ ᠪᠠᠶᠢᠭᠤᠯᠤᠨ | ᠳᠡᠪᠲᠡᠷᠯᠡᠵᠦ᠂ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ ᠲᠥᠬᠦᠭᠡᠷᠦᠮᠵᠢ ᠶᠢᠨ ᠪᠠᠶᠢᠳᠠᠯ ᠪᠣᠯᠤᠨ ᠬᠤᠪᠢᠷᠠᠯᠲᠠ ᠶᠢ | ᠣᠨᠣᠪᠴᠢᠲᠠᠢ ᠡᠵᠡᠮᠰᠢᠵᠦ᠂ ᠮᠡᠳᠡᠭᠡ ᠵᠠᠩᠭᠢᠵᠢᠯᠲᠠ᠂ ᠬᠥᠳᠡᠯᠦᠩᠭᠦᠢ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ | ᠪᠡᠶᠡᠯᠡᠭᠦᠯᠵᠦ᠂ ᠬᠤᠪᠢᠰᠬᠠᠯ ᠤᠨ ᠡᠬᠢ ᠪᠠᠶᠠᠯᠢᠭ ᠤᠨ ᠲᠤᠰᠬᠠᠢ ᠪᠠᠶᠢᠴᠠᠭᠠᠯᠲᠠ ᠶᠢ ᠥᠷᠨᠢᠭᠦᠯᠬᠦ ᠳᠤ ᠰᠠᠭᠤᠷᠢ ᠮᠡᠳᠡᠭᠡ | ᠵᠠᠩᠭᠢ ᠬᠠᠩᠭᠠᠨ᠎ᠠ᠃ ᠦᠷᠡᠭᠳᠡᠭᠰᠡᠨ ᠪᠠᠭᠠᠲᠤᠷᠴᠤᠳ ᠤᠨ ᠲᠠᠷᠠᠬᠠᠢ ᠪᠤᠲᠠᠷᠬᠠᠢ ᠳᠤᠷᠠᠰᠬᠠᠯ ᠤᠨ ᠲᠥᠬᠦᠭᠡᠷᠦᠮᠵᠢ ᠵᠢᠴᠢ | ᠦᠷᠡᠭᠳᠡᠭᠰᠡᠨ ᠪᠠᠭᠠᠲᠤᠷᠴᠤᠳ ᠤᠨ ᠤᠩᠭᠤᠨ ᠢ ᠤᠢᠢᠷ᠎ᠠ ᠬᠠᠪᠢ ᠳᠠᠭᠠᠨ ᠦᠷᠡᠭᠳᠡᠭᠰᠡᠨ ᠪᠠᠭᠠᠲᠤᠷᠴᠤᠳ ᠤᠨ | ᠤᠩᠭᠤᠨ ᠤ ᠬᠦᠷᠢᠶᠡᠯᠡᠩ ᠳᠤ ᠨᠡᠭᠦᠯᠭᠡᠨ ᠪᠦᠲᠦᠮᠵᠢᠲᠡᠢ ᠬᠠᠮᠢᠶᠠᠷᠤᠯᠲᠠ ᠬᠠᠮᠠᠭᠠᠯᠠᠯᠲᠠ ᠬᠢᠪᠡ᠃ | ︽ᠰᠠᠨᠠᠯ︾ ᠳᠤ᠂ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ ᠲᠥᠬᠦᠭᠡᠷᠦᠮᠵᠢ ᠶᠢᠨ ᠲᠥᠯᠥᠪᠵᠢᠭᠦᠯᠭᠡ | ᠪᠦᠳᠦᠭᠡᠨ ᠪᠠᠶᠢᠭᠤᠯᠤᠯᠲᠠ ᠶᠢ ᠵᠢᠷᠤᠮᠵᠢᠭᠤᠯᠵᠤ᠂ ᠣᠨᠴᠠ ᠲᠣᠭᠲᠠᠭᠰᠠᠨ ᠭᠤᠣᠯ ᠰᠡᠳᠦᠪᠲᠦ ᠦᠷᠡᠭᠳᠡᠭᠰᠡᠨ | ᠪᠠᠭᠠᠲᠤᠷᠴᠤᠳ ᠢ ᠳᠤᠷᠠᠰᠬᠠᠬᠤ ᠲᠥᠬᠦᠭᠡᠷᠦᠮᠵᠢ ᠶᠢᠨ ᠪᠦᠬᠦᠯᠢ ᠴᠣᠭᠴᠠ ᠶᠢᠨ ᠴᠢᠳᠠᠮᠵᠢ ᠶᠢ ᠰᠢᠯᠢᠳᠡᠭᠵᠢᠭᠦᠯᠵᠦ᠂ | ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ ᠲᠥᠬᠦᠭᠡᠷᠦᠮᠵᠢ ᠶᠢᠨ ᠰᠣᠳᠣᠨ ᠪᠦᠲᠦᠭᠡᠯ ᠤᠨ ᠦᠵᠡᠭᠦᠯᠭᠡ ᠶᠢ | ᠡᠭᠦᠳᠴᠦ᠂ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠬᠢᠨ ᠢ ᠬᠠᠯᠠᠮᠵᠢᠯᠠᠨ ᠬᠠᠶᠢᠷᠠᠯᠠᠬᠤ ᠬᠡᠷᠡᠭᠲᠡᠢ᠃ | | | ᠰᠤᠷᠪᠤᠯᠵᠢᠯᠠᠭᠴᠢ᠄ ᠯᠢᠶᠠᠨ ᠢᠩ ᠲᠢᠩ | | |