ᠰᠢᠨ᠎ᠡ ᠪᠠᠷᠭᠤ ᠪᠠᠷᠠᠭᠤᠨ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ︵ᠬᠤᠰᠢᠭᠤᠨ ᠤ ᠴᠡᠷᠢᠭ ᠠᠴᠠ | ᠬᠠᠯᠠᠭᠳᠠᠭᠰᠠᠳ ᠤᠨ ᠲᠣᠪᠴᠢᠶ᠎ᠠ ᠭᠡᠵᠦ ᠲᠣᠪᠴᠢᠯᠠᠨ᠎ᠠ︶ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ | ᠵᠢᠩᠬᠢᠨᠢ ᠰᠠᠯᠠᠭᠠᠨ ᠲᠠᠰ ᠤᠨ ᠪᠠᠶᠢᠭᠤᠯᠭ᠎ᠠ ᠪᠣᠯᠤᠨ᠎ᠠ᠃ | ᠨᠢᠭᠡ᠂ ᠭᠤᠤᠯ ᠡᠭᠦᠷᠭᠡ ᠬᠠᠷᠢᠭᠤᠴᠠᠯᠭ᠎ᠠ | 1. ᠴᠡᠷᠢᠭ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ᠂ ᠬᠠᠮᠢᠶᠠᠷᠤᠯᠲᠠ ᠶᠢᠨ ᠪᠠᠲᠤᠯᠠᠭ᠎ᠠ ᠪᠠ ᠲᠥᠪᠬᠢᠨᠡᠭᠦᠯᠦᠨ ᠬᠠᠷᠠᠭᠠᠯᠵᠠᠬᠤ ᠲᠤᠬᠠᠶ | ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠥᠬᠦᠶ ᠲᠥᠷᠥ ᠶᠢᠨ | ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ᠂ ᠬᠠᠮᠢᠶᠠᠷᠤᠯᠲᠠ | ᠪᠠᠲᠤᠯᠠᠭ᠎ᠠ ᠪᠠ ᠲᠥᠪᠬᠢᠨᠡᠭᠦᠯᠦᠨ ᠬᠠᠷᠠᠭᠠᠯᠵᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠣᠨᠴᠠᠭᠠᠢ ᠪᠠᠲᠤᠯᠠᠭ᠎ᠠ ᠶᠢᠨ ᠲᠥᠷᠥ ᠶᠢᠨ | ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠴᠡᠷᠢᠭ ᠠᠴᠠ ᠬᠠᠯᠠᠭᠳᠠᠭᠰᠠᠳ ᠤᠨ ᠨᠠᠮ᠂ ᠤᠯᠤᠰ ᠣᠷᠣᠨ ᠪᠠ ᠠᠷᠠᠳ | ᠲᠦᠮᠡᠨ ᠤ ᠲᠥᠯᠥᠭᠡ ᠠᠮᠢ ᠪᠡᠶ᠎ᠡ ᠪᠠᠨ ᠵᠣᠷᠢᠭᠤᠯᠬᠤ ᠵᠣᠷᠢᠭ ᠰᠠᠨᠠᠭᠠᠨ ᠤ ᠬᠡᠪ ᠴᠢᠨᠠᠷ ᠪᠠ ᠦᠷᠳᠡᠭ ᠤᠨ ᠤᠳᠤᠷᠢᠳᠤᠮᠵᠢ ᠶᠢ ᠮᠠᠭᠲᠠᠨ ᠰᠠᠶᠢᠰᠢᠶᠠᠨ᠎ᠠ᠃ ᠰᠤᠮᠤ᠂ | ᠪᠠᠯᠭᠠᠰᠤ ᠶᠢᠨ ᠬᠠᠮᠢᠶ᠎ᠠ ᠪᠥᠬᠦᠶ ᠠᠵᠢᠯ ᠥᠷᠨᠢᠭᠦᠯᠬᠦ ᠶᠢ ᠵᠢᠯᠣᠭᠤᠳᠤᠨ᠎ᠠ᠃ | 2. ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ ᠠᠵᠢᠯ ᠢ ᠬᠠᠷᠢᠭᠤᠴᠠᠨ᠎ᠠ᠃ ᠴᠡᠷᠢᠭ ᠠᠴᠠ ᠬᠠᠯᠠᠭᠳᠠᠭᠰᠠᠨ ᠺᠠᠳ᠋ᠷ᠂ ᠴᠡᠷᠢᠭ ᠠᠴᠠ ᠬᠠᠯᠠᠭᠳᠠᠭᠰᠠᠨ ᠺᠠᠳ᠋ᠷ᠂ | ᠠᠵᠢᠯ ᠠᠴᠠ ᠪᠠᠨ ᠳᠠᠷᠬᠠᠯᠠᠭᠳᠠᠭᠰᠠᠨ ᠪᠠ ᠠᠵᠢᠯ ᠠᠴᠠ ᠪᠠᠨ ᠪᠠᠭᠤᠭᠰᠠᠨ ᠺᠠᠳ᠋ᠷ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ ᠪᠣᠯᠤᠨ ᠴᠡᠷᠢᠭ ᠤᠨ ᠬᠠᠷᠢᠶ᠎ᠠ ᠥᠬᠡᠶ | ᠠᠵᠢᠯ ᠠᠴᠠ ᠪᠠᠨ ᠪᠠᠭᠤᠵᠤ ᠠᠮᠠᠷᠠᠭᠰᠠᠨ ᠠᠵᠢᠯᠲᠠᠨ ᠠᠵᠢᠯᠴᠢᠨ ᠵᠢᠴᠢ ᠳᠠᠭᠠᠵᠤ ᠨᠡᠭᠦᠭᠰᠡᠨ ᠪᠠ ᠳᠠᠭᠠᠵᠤ ᠰᠢᠯᠵᠢᠭᠰᠡᠨ ᠬᠡᠷ ᠪᠦᠯᠢ ᠶᠢᠨ ᠬᠢᠨ ᠢ ᠰᠢᠯᠵᠢᠭᠦᠯᠦᠨ | ᠲᠤᠰᠢᠶᠠᠵᠤ ᠲᠥᠪᠬᠢᠨᠡᠭᠦᠯᠬᠦ ᠠᠵᠢᠯ ᠢ ᠲᠥᠯᠥᠪᠯᠡᠭᠡ ᠲᠠᠢ ᠪᠠᠷ ᠬᠤᠪᠢᠶᠠᠷᠢᠯᠠᠬᠤ ᠶᠢ ᠬᠠᠷᠢᠭᠤᠴᠠᠨ᠎ᠠ᠃ ᠪᠡᠶ᠎ᠡ ᠪᠠᠨ ᠳᠠᠭᠠᠭᠠᠵᠤ ᠠᠵᠢᠯ ᠰᠣᠩᠭᠤᠬᠤ᠂ ᠪᠡᠶ᠎ᠡ ᠪᠠᠨ | ᠳᠠᠭᠠᠭᠠᠵᠤ ᠠᠵᠢᠯ ᠤᠯᠬᠤ ᠴᠡᠷᠢᠭ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | 3. ᠴᠡᠷᠢᠭ ᠠᠴᠠ ᠬᠠᠯᠠᠭᠳᠠᠭᠰᠠᠳ ᠲᠤ ᠪᠣᠯᠪᠠᠰᠤᠷᠠᠯ ᠬᠢᠵᠦ ᠠᠵᠢᠯ ᠣᠯᠭᠤᠬᠤ ᠠᠵᠢᠯ ᠢ ᠵᠢᠯᠣᠭᠤᠳᠤᠨ᠎ᠠ᠃ ᠴᠡᠷᠢᠭ ᠠᠴᠠ ᠬᠠᠯᠠᠭᠳᠠᠭᠰᠠᠳ ᠤᠨ ᠬᠥᠮᠦᠵᠢᠯ | ᠪᠣᠯᠪᠠᠰᠤᠷᠠᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠴᠡᠷᠢᠭ ᠠᠴᠠ ᠬᠠᠯᠠᠭᠳᠠᠭᠰᠠᠳ ᠪᠠ ᠴᠡᠷᠢᠭ ᠢ ᠳᠠᠭᠠᠭᠰᠠᠨ ᠭᠡᠷ ᠪᠦᠯᠢ ᠶᠢᠨ ᠬᠢᠨ ᠤ ᠠᠳᠠᠯ | ᠦᠢᠯᠡᠰ ᠴᠣᠭᠴᠠᠯᠠᠨ ᠠᠵᠢᠯ ᠤᠯᠬᠤ ᠶᠢ ᠵᠣᠬᠢᠴᠠᠭᠤᠯᠤᠨ ᠲᠡᠳᠬᠦᠨ᠎ᠡ᠃ | 4. ᠴᠡᠷᠢᠭ ᠠᠴᠠ ᠬᠠᠯᠠᠭᠳᠠᠭᠰᠠᠳ ᠤᠨ ᠣᠯᠭᠤᠮᠵᠢ ᠶᠢ ᠪᠠᠲᠤᠯᠠᠬᠤ ᠠᠵᠢᠯ ᠢ ᠬᠠᠷᠢᠭᠤᠴᠠᠨ᠎ᠠ᠃ ᠣᠷᠣᠨ ᠨᠤᠲᠤᠭ ᠲᠤ ᠰᠢᠯᠵᠢᠭᠦᠯᠦᠨ ᠲᠤᠰᠢᠶᠠᠭᠰᠠᠨ | ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠴᠡᠷᠢᠭ᠂ ᠨᠥᠬᠦᠴᠡᠯ ᠳᠤ ᠨᠡᠶᠢᠴᠡᠬᠦ ᠪᠤᠰᠤᠳ ᠴᠡᠷᠢᠭ ᠠᠴᠠ | ᠬᠠᠯᠠᠭᠳᠠᠭᠰᠠᠳ ᠤᠨ ᠪᠠ ᠴᠡᠷᠢᠭ ᠤᠨ ᠬᠠᠷᠢᠶ᠎ᠠ ᠥᠬᠡᠶ ᠠᠵᠢᠯ ᠠᠴᠠ ᠪᠠᠨ ᠪᠠᠭᠤᠵᠤ ᠠᠮᠠᠷᠠᠭᠰᠠᠨ ᠪᠠ ᠠᠵᠢᠯ ᠠᠴᠠ ᠪᠠᠨ ᠪᠠᠭᠤᠭᠰᠠᠨ ᠠᠵᠢᠯᠲᠠᠨ ᠠᠵᠢᠯᠴᠢᠨ ᠤ ᠣᠷᠣᠨ | ᠰᠠᠭᠤᠴᠠ ᠶᠢᠨ ᠪᠠᠲᠤᠯᠠᠭ᠎ᠠ ᠶᠢᠨ ᠠᠵᠢᠯ ᠵᠢᠴᠢ ᠴᠡᠷᠢᠭ ᠠᠴᠠ ᠬᠠᠯᠠᠭᠳᠠᠭᠰᠠᠳ ᠤᠨ ᠡᠮᠴᠢᠯᠡᠭᠡᠨ ᠤ ᠪᠠᠲᠤᠯᠠᠭ᠎ᠠ᠂ ᠨᠡᠶᠢᠭᠡᠮ ᠤᠨ ᠳᠠᠭᠠᠳᠬᠠᠯ ᠵᠡᠷᠭᠡ ᠣᠯᠭᠤᠮᠵᠢ ᠶᠢᠨ | ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ | 5. ᠰᠢᠷᠬᠠᠲᠤᠭᠰᠠᠨ᠂ ᠵᠡᠮᠳᠡᠭ ᠪᠣᠯᠤᠭᠰᠠᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠬᠠᠮᠢᠶᠠᠷᠤᠯᠲᠠ ᠪᠣᠯᠤᠨ ᠠᠰᠠᠷᠠᠮᠵᠢ ᠶᠢᠨ ᠠᠵᠢᠯ ᠢ ᠵᠣᠬᠢᠶᠠᠨ | ᠪᠠᠶᠢᠭᠤᠯᠤᠨ ᠵᠢᠯᠣᠭᠤᠳᠤᠨ᠎ᠠ᠃ ᠴᠡᠷᠢᠭ ᠠᠴᠠ ᠬᠠᠯᠠᠭᠳᠠᠭᠰᠠᠳ ᠤᠨ ᠡᠮᠴᠢᠯᠡᠭᠡ᠂ ᠰᠤᠪᠢᠯᠠᠯᠲᠠ᠂ ᠨᠠᠰᠤᠵᠢᠯ ᠤᠨ ᠠᠰᠠᠷᠠᠮᠵᠢ ᠵᠡᠷᠭᠡ ᠪᠠᠶᠢᠭᠤᠯᠤᠮᠵᠢ ᠶᠢᠨ ᠬᠤᠯᠪᠣᠭᠳᠠᠯ | ᠪᠥᠬᠦᠶ ᠲᠥᠯᠥᠪᠵᠢᠭᠦᠯᠭᠡ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠦᠷᠭᠦᠯᠵᠢᠯᠡᠨ ᠠᠯᠪᠠ | ᠬᠠᠭᠠᠬᠤ ᠳᠤ ᠲᠣᠬᠢᠷᠠᠮᠵᠢ ᠦᠭᠡᠢ ᠰᠢᠷᠬᠠᠲᠤᠭᠰᠠᠨ᠂ ᠰᠢᠷᠬᠠᠲᠤᠭᠰᠠᠨ᠂ ᠵᠡᠮᠳᠡᠭ ᠴᠡᠷᠢᠭ ᠤᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠴᠡᠷᠢᠭ ᠤᠨ | ᠬᠠᠩᠭᠠᠯᠭ᠎ᠠ ᠶᠢᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | 6. ᠪᠦᠭᠦ ᠬᠤᠰᠢᠭᠤᠨ ᠤ ᠴᠡᠷᠢᠭ ᠢ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠵᠢᠩᠬᠢᠨᠢ | ᠠᠯᠪᠠᠨ ᠤ ᠴᠡᠷᠢᠭ᠂ ᠴᠡᠷᠢᠭ ᠠᠴᠠ ᠬᠠᠯᠠᠭᠳᠠᠭᠰᠠᠳ᠂ ᠴᠡᠷᠢᠭ ᠠᠩᠭᠢ ᠶᠢᠨ ᠪᠢᠴᠢᠭ ᠤᠨ ᠲᠤᠰᠢᠶᠠᠯᠲᠠᠨ ᠪᠠ ᠴᠡᠷᠢᠭ ᠤᠨ ᠭᠡᠷ ᠪᠦᠯᠢ ᠶᠢᠨ ᠬᠢᠨ ᠤ ᠬᠠᠷᠠᠭᠠᠯᠵᠠᠯ᠂ | ᠠᠰᠠᠷᠠᠮᠵᠢ ᠵᠡᠷᠭᠡ ᠠᠵᠢᠯ ᠢ ᠬᠠᠷᠢᠭᠤᠴᠠᠨ᠎ᠠ᠃ | 7. ᠦᠷᠡᠭᠳᠡᠭᠰᠡᠨ ᠪᠠᠭᠠᠲᠤᠷ ᠵᠢᠴᠢ ᠴᠡᠷᠢᠭ ᠠᠴᠠ ᠬᠠᠯᠠᠭᠳᠠᠭᠰᠠᠳ ᠤᠨ ᠢᠷᠠᠭᠤ ᠠᠯᠳᠠᠷ ᠤᠨ ᠱᠠᠩᠨᠠᠯ᠂ ᠴᠡᠷᠢᠭ ᠤᠨ ᠬᠥᠮᠦᠨ ᠤ ᠨᠡᠶᠢᠲᠡ ᠶᠢᠨ ᠣᠩᠭᠤᠨ ᠤ | ᠬᠠᠮᠢᠶᠠᠷᠤᠯᠲᠠ ᠬᠠᠮᠠᠭᠠᠯᠠᠯᠲᠠ᠂ ᠳᠤᠷᠠᠰᠬᠠᠬᠤ ᠠᠵᠢᠯᠯᠠᠭ᠎ᠠ ᠵᠡᠷᠭᠡ ᠠᠵᠢᠯ ᠢ ᠬᠠᠷᠢᠭᠤᠴᠠᠨ᠎ᠠ᠃ ᠦᠷᠡᠭᠳᠡᠭᠰᠡᠨ ᠪᠠᠭᠠᠲᠤᠷᠴᠤᠳ ᠢ ᠬᠠᠮᠠᠭᠠᠯᠠᠬᠤ ᠬᠠᠮᠢᠶ᠎ᠠ ᠪᠦᠬᠦᠢ | ᠠᠵᠢᠯ ᠢ ᠬᠠᠤᠯᠢ ᠶᠣᠰᠣᠭᠠᠷ ᠡᠭᠦᠷᠭᠡᠯᠡᠨ᠎ᠡ᠃ ᠪᠥᠬᠦ ᠤᠯᠤᠰ᠂ ᠪᠥᠬᠦ ᠣᠷᠣᠨ᠂ ᠪᠥᠬᠦ ᠬᠤᠲᠠ ᠶᠢᠨ ᠭᠤᠤᠯᠳᠠᠯᠭ᠎ᠠ ᠲᠠᠢ ᠬᠠᠮᠠᠭᠠᠯᠠᠬᠤ ᠨᠢᠭᠡᠴᠡ ᠳᠤ ᠣᠷᠣᠭᠤᠯᠬᠤ ᠪᠠᠷ | ᠪᠠᠶᠢᠭ᠎ᠠ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠪᠠᠷᠢᠯᠭ᠎ᠠ ᠶᠢᠨ ᠨᠡᠷᠡᠰ ᠤᠨ ᠵᠢᠭᠰᠠᠭᠠᠯᠲᠠ ᠶᠢ ᠳᠡᠭᠡᠭᠰᠢ ᠮᠡᠳᠡᠭᠦᠯᠬᠦ ᠪᠠᠷ ᠭᠤᠶᠤᠴᠢᠯᠠᠨ᠎ᠠ᠃ ᠴᠡᠷᠢᠭ ᠠᠴᠠ | ᠬᠠᠯᠠᠭᠳᠠᠭᠰᠠᠳ᠂ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠨᠢᠭᠡᠴᠡ ᠪᠠ ᠬᠤᠪᠢ ᠬᠥᠮᠦᠨ ᠤ ᠲᠡᠷᠢᠭᠦᠨ ᠤ ᠨᠡᠶᠢᠲᠡᠯᠢᠭ ᠦᠢᠯᠡ ᠠᠵᠢᠯᠯᠠᠭ᠎ᠠ ᠶᠢ ᠳ᠋ᠦᠩᠨᠡᠨ | ᠬᠥᠬᠢᠭᠦᠯᠬᠦ ᠪᠠ ᠤᠬᠠᠭᠤᠯᠤᠨ᠎ᠠ᠃ | 8. ᠴᠡᠷᠢᠭ ᠠᠴᠠ ᠬᠠᠯᠠᠭᠳᠠᠭᠰᠠᠳ ᠤᠨ ᠡᠷᠬᠡ ᠠᠰᠢᠭ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠴᠡᠷᠢᠭ ᠠᠴᠠ ᠬᠠᠯᠠᠭᠳᠠᠭᠰᠠᠳ ᠤᠨ ᠬᠠᠮᠢᠶ᠎ᠠ ᠪᠥᠬᠦᠶ | ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠵᠢᠯᠣᠭᠤᠳᠬᠤ ᠶᠢᠨ ᠬᠠᠮᠲᠤ ᠬᠢᠨᠠᠯᠲᠠ | ᠲᠠᠯᠪᠢᠨ ᠪᠠᠶᠢᠴᠠᠭᠠᠵᠤ᠂ ᠴᠡᠷᠢᠭ ᠠᠴᠠ ᠬᠠᠯᠠᠭᠳᠠᠭᠰᠠᠳ ᠤᠨ ᠡᠷᠬᠡ ᠠᠰᠢᠭ ᠢ ᠬᠠᠮᠠᠭᠠᠯᠠᠬᠤ ᠪᠠ ᠬᠠᠮᠢᠶ᠎ᠠ ᠪᠥᠬᠦᠶ ᠬᠥᠮᠦᠰ ᠢ ᠬᠠᠪᠰᠤᠷᠤᠨ ᠲᠡᠳᠬᠦᠵᠦ ᠲᠤᠰᠠᠯᠠᠬᠤ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | 9. ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ | ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | | |