ᠦᠨᠣ ᠵᠢᠯ᠂ ᠰᠢᠨ᠎ᠡ ᠪᠠᠷᠭᠤ ᠪᠠᠷᠠᠭᠤᠨ ᠬᠤᠰᠢᠭᠤ ︽ᠰᠡᠷᠭᠡᠶᠢᠯᠡᠬᠦ ᠪᠠᠷ ᠭᠤᠣᠯ ᠪᠣᠯᠭᠠᠵᠣ᠂ ᠪᠡᠯᠡᠳᠭᠡᠯ ᠲᠠᠢ ᠪᠣᠯ | ᠪᠠᠯᠳᠠᠬᠤ ᠦᠭᠡᠢ︾ ᠪᠠᠶᠢᠬᠤ ᠪᠠᠷ ᠭᠠᠮᠰᠢᠭ ᠢ ᠰᠡᠷᠭᠡᠶᠢᠯᠡᠬᠦ ᠭᠤᠣᠯ ᠦᠵᠡᠯ ᠰᠠᠨᠠᠭ᠎ᠠ ᠪᠣᠯᠭᠠᠨ᠂ ᠮᠠᠯ ᠰᠦᠷᠦᠭ ᠤᠨ | ᠦᠨᠣ ᠡᠪᠣᠯ ᠢᠷᠡᠬᠦ ᠬᠠᠪᠣᠷ ᠤᠨ ᠮᠡᠨᠳᠦ ᠦᠩᠭᠡᠷᠡᠬᠦᠯᠬᠦ ᠶᠢ ᠳᠡᠷᠢᠭᠦᠨ ᠤ ᠴᠢᠬᠤᠯᠠ ᠠᠵᠢᠯᠯᠠᠭ᠎ᠠ ᠪᠣᠯᠭᠠᠨ ᠠᠳᠬᠤᠵᠣ᠂ | ᠮᠠᠯᠴᠢᠨ ᠵᠢᠴᠢ ᠭᠠᠮᠰᠢᠭ ᠢ ᠡᠰᠡᠷᠬᠦᠴᠡᠬᠦ ᠨᠦᠬᠡᠴᠡ ᠬᠦᠮᠦᠷᠭᠡ ᠶᠢᠨ ᠪᠣᠷᠳᠤᠭ᠎ᠠ ᠨᠦᠬᠡᠴᠡᠯᠡᠬᠦ ᠶᠢ ᠴᠢᠩᠭᠠᠳᠬᠠᠵᠣ᠂ ᠮᠠᠯ | ᠤᠨ ᠭᠠᠷᠭᠠᠯᠳᠠ ᠶᠢᠨ ᠨᠣᠷᠮ᠎ᠠ ᠶᠢ ᠳᠡᠭᠡᠭᠰᠢᠯᠡᠬᠦᠯᠦᠨ᠂ ᠮᠠᠯ ᠤᠨ ᠡᠪᠡᠳᠴᠢᠨ ᠬᠢᠵᠢᠭ ᠤᠨ ᠰᠡᠷᠭᠡᠶᠢᠯᠡᠯᠳᠡ ᠶᠢ ᠴᠢᠩᠭ᠎ᠠ | ᠠᠳᠬᠤᠵᠣ᠂ ᠡᠯ᠎ᠡ ᠵᠦᠢᠯ ᠤᠨ ᠭᠠᠮᠰᠢᠭ ᠢ ᠠᠷᠭᠠᠴᠠᠬᠤ ᠪᠡᠯᠡᠳᠭᠡᠯ ᠠᠵᠢᠯ ᠢ ᠣᠷᠢᠳᠴᠢᠯᠠᠨ ᠰᠠᠶᠢᠳᠣᠷ ᠬᠢᠵᠦ᠂ ᠪᠦᠬᠦ | ᠬᠤᠰᠢᠭᠤᠨ ᠤ 110.69 ᠲᠦᠮᠡᠨ ᠳᠣᠯᠣᠭᠠᠢ ᠪᠣᠳᠠ ᠪᠣᠭ ᠮᠠᠯ ᠤᠨ ᠦᠨᠣ ᠡᠪᠣᠯ ᠢᠷᠡᠬᠦ ᠬᠠᠪᠣᠷ ᠢ ᠮᠡᠨᠳᠦ | ᠦᠩᠭᠡᠷᠡᠬᠦᠯᠬᠦ ᠶᠢ ᠪᠠᠲᠤᠯᠠᠵᠤ ᠪᠠᠶᠢᠨ᠎ᠠ᠃ | ᠪᠣᠭᠳᠠᠠᠭᠤᠯᠠ ᠰᠣᠮᠣ ᠶᠢᠨ ᠬᠠᠷᠠᠭᠤᠯ ᠭᠠᠴᠠᠭᠠᠨ ᠤ ᠮᠠᠯᠴᠢᠨ ᠬᠠᠢ ᠲᠢᠩ ᠤᠨ ᠮᠠᠯᠵᠢᠯ ᠤᠨ ᠳᠠᠯᠠᠪᠠᠢ ᠳᠤ᠂ | ᠠᠭᠤᠯᠠ ᠮᠡᠳᠦ ᠣᠪᠣᠭᠠᠯᠠᠵᠣ ᠪᠠᠶᠢᠭ᠎ᠠ ᠪᠣᠷᠳᠤᠭ᠎ᠠ ᠨᠢ ᠠᠩᠬᠠᠷᠣᠯ ᠢ ᠳᠠᠳᠠᠨ᠎ᠠ᠃ ᠦᠨᠣ ᠵᠢᠯ ᠬᠤᠷ᠎ᠠ ᠪᠣᠷᠣᠭᠠᠨ ᠡᠯᠪᠡᠭ | ᠡᠪᠡᠰᠦᠨ ᠤ ᠣᠷᠭᠤᠴᠠ ᠰᠠᠶᠢᠨ ᠪᠣᠯᠬᠤᠷ᠂ ᠬᠠᠢ ᠲᠢᠩ ᠦᠪᠡᠷ ᠤᠨ ᠨᠣᠳᠤᠭ ᠳᠡᠭᠡᠷ᠎ᠡ ᠠᠴᠠ ᠪᠠᠨ ᠪᠣᠭᠤᠯᠳᠠ | ᠪᠦᠷᠢ ᠳᠤ 500 ᠵᠢᠩ ᠤᠨ ᠪᠣᠷᠳᠤᠭ᠎ᠠ ᠨᠡᠶᠢᠲᠡ 900 ᠪᠣᠭᠤᠯᠳᠠ ᠬᠠᠳᠣᠵᠣ᠂ ᠡᠭᠦᠨ ᠤ ᠬᠠᠮᠳᠣ ᠪᠠᠰᠠ ᠭᠠᠳᠠᠨ᠎ᠠ | ᠠᠴᠠ 700 ᠪᠣᠭᠤᠯᠳᠠ ᠪᠣᠷᠳᠤᠭ᠎ᠠ ᠬᠤᠳᠠᠯᠳᠣᠨ ᠠᠪᠣᠪᠠ᠃ 1600 ᠪᠣᠭᠤᠯᠳᠠ ᠪᠣᠷᠳᠤᠭ᠎ᠠ ᠲᠠᠢ ᠪᠣᠯᠣᠭᠰᠠᠨ | ᠠᠴᠠ ᠬᠠᠢ ᠲᠢᠩ ᠮᠠᠯ ᠤᠨ ᠰᠦᠷᠦᠭ ᠤᠨ ᠦᠨᠣ ᠡᠪᠣᠯ ᠢᠷᠡᠬᠦ ᠬᠠᠪᠣᠷ ᠢ ᠮᠡᠨᠳᠦ ᠥᠩᠭᠡᠷᠡᠭᠡᠬᠦ ᠳᠤ ᠢᠳᠡᠭᠡᠯ | ᠲᠦᠬᠦᠷᠡᠩ ᠪᠣᠯᠪᠠ᠃ ᠮᠠᠯᠴᠢᠳ ᠲᠤ ᠠᠪᠴᠣ ᠬᠡᠯᠡᠪᠡᠯ᠂ ᠡᠪᠦᠯᠵᠡᠬᠦ ᠪᠣᠷᠳᠤᠭ᠎ᠠ ᠨᠦᠬᠡᠴᠡᠯᠡᠬᠦ ᠲᠠᠢ ᠠᠳᠠᠯᠢᠬᠠᠨ ᠴᠢᠬᠤᠯᠠ | ᠪᠣᠯᠬᠤ ᠠᠵᠢᠯ ᠨᠢ ᠳᠠᠷᠣᠢ ᠮᠠᠯ ᠤᠨ ᠬᠢᠵᠢᠭ ᠢ ᠰᠡᠷᠭᠡᠶᠢᠯᠡᠬᠦ ᠪᠣᠯᠣᠨ᠎ᠠ᠃ ᠦᠨᠣ ᠦᠷᠯᠦᠭᠡ᠂ ᠪᠣᠭᠳᠠᠠᠭᠤᠯᠠ ᠰᠣᠮᠣ ᠶᠢᠨ | ᠮᠠᠯ ᠤᠨ ᠬᠢᠵᠢᠭ ᠢ ᠰᠡᠷᠭᠡᠶᠢᠯᠡᠬᠦ ᠭᠠᠵᠠᠷ ᠤᠨ ᠠᠵᠢᠯᠲᠠᠳ ᠬᠠᠢ ᠲᠢᠩ ᠤᠨ 90 ᠭᠠᠷᠣᠢ ᠳᠣᠯᠣᠭᠠᠢ ᠦᠭᠡᠷ ᠲᠤ | ᠰᠢᠯᠦᠭᠡᠢ ᠡᠪᠡᠳᠴᠢᠨ᠂ ᠦᠭᠡᠷ ᠤᠨ ᠵᠠᠩᠭᠢᠯᠭ᠎ᠠ ᠪᠡ ᠪᠷᠦ᠋ᠼᠧᠯ ᠰᠠᠪᠠᠭ᠋ᠠᠨ ᠪᠠᠺᠲ᠋ᠧᠷᠢ ᠶᠢᠨ ᠡᠪᠡᠳᠴᠢᠨ ᠤ ᠸᠠᠺᠽᠢᠨ | ᠳᠠᠷᠢᠵᠣ᠂ ᠮᠠᠯ ᠰᠦᠷᠦᠭ ᠤᠨ ᠦᠨᠣ ᠡᠪᠣᠯ ᠢᠷᠡᠬᠦ ᠬᠠᠪᠣᠷ ᠢ ᠮᠡᠨᠳᠦ ᠦᠩᠭᠡᠷᠡᠬᠦᠯᠬᠦ ᠳᠤ ᠳᠠᠪᠬᠤᠷ ᠪᠠᠳᠣᠯᠠᠭ᠎ᠠ | ᠬᠠᠩᠭᠠᠪᠠ᠃ | ᠮᠠᠯ ᠤᠨ ᠬᠢᠵᠢᠭ ᠢ ᠰᠡᠷᠭᠡᠶᠢᠯᠡᠬᠦ ᠠᠵᠢᠯ ᠪᠣᠯ ᠮᠠᠯ ᠠᠵᠤ ᠠᠬᠤᠢ ᠶᠢᠨ ᠡᠷᠡᠭᠦᠯ ᠪᠦᠭᠡᠳ ᠲᠣᠭᠲᠠᠭᠤᠨ | ᠬᠦᠭᠵᠢᠬᠦ ᠶᠢᠨ ᠦᠨᠳᠦᠰᠦ ᠪᠣᠯᠤᠨ᠎ᠠ᠃ ᠣᠶᠢᠷ᠎ᠠ ᠶᠢᠨ ᠵᠢᠯ ᠳᠤ᠂ ᠰᠢᠨ᠎ᠡ ᠪᠠᠷᠭᠤ ᠪᠠᠷᠠᠭᠤᠨ ᠬᠤᠰᠢᠭᠤ ᠮᠠᠯ ᠤᠨ ᠬᠢᠵᠢᠭ | ᠢ ᠰᠡᠷᠭᠡᠶᠢᠯᠡᠬᠦ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ︽ᠡᠷᠦᠬᠡ ᠪᠦᠷᠢ ᠶᠢᠨ ᠮᠠᠯ ᠢ ᠭᠤᠭᠤᠵᠢᠭᠤᠯᠬᠤ ᠦᠭᠡᠢ᠂ | ᠮᠠᠯ ᠪᠦᠷᠢ ᠶᠢᠨ ᠳᠠᠷᠢᠯᠭ᠎ᠠ ᠶᠢ ᠣᠷᠬᠢᠭᠳᠠᠭᠤᠯᠬᠤ ᠦᠭᠡᠢ︾ ᠵᠠᠷᠴᠢᠮ ᠶᠣᠰᠣᠭᠠᠷ᠂ ᠪᠦᠬᠦ ᠬᠤᠰᠢᠭᠤᠨ ᠤ 7 ᠰᠤᠮᠤ | ᠪᠠᠯᠭᠠᠰᠤ ᠶᠢᠨ ᠮᠠᠯ ᠤᠨ ᠬᠢᠵᠢᠭ ᠢ ᠰᠡᠷᠭᠡᠶᠢᠯᠡᠬᠦ ᠲᠠᠷᠢᠯᠭ᠎ᠠ ᠬᠢᠪᠡ᠃ ᠣᠳᠣᠬᠠᠨ ᠪᠣᠯᠲᠠᠯ᠎ᠠ᠂ ᠪᠦᠬᠦ ᠬᠤᠰᠢᠭᠤᠨ ᠤ 7 | ᠰᠤᠮᠤ ᠪᠠᠯᠭᠠᠰᠣᠨ ᠤ 1026819 ᠳᠣᠯᠣᠭᠠᠢ ᠬᠤᠨᠢ ᠪᠠ 190295 ᠳᠣᠯᠣᠭᠠᠢ ᠦᠬᠡᠷ ᠲᠤ ᠬᠢᠵᠢᠭ | ᠰᠡᠷᠭᠡᠶᠢᠯᠡᠬᠦ ᠲᠠᠷᠢᠯᠭ᠎ᠠ ᠬᠢᠵᠦ᠂ ᠮᠠᠯᠴᠢᠳ ᠲᠤ ᠮᠠᠯ ᠳᠡᠵᠢᠭᠡᠨ ᠦᠷᠡᠵᠢᠬᠦᠯᠬᠦ ᠬᠢᠵᠢᠭ ᠰᠡᠷᠭᠡᠶᠢᠯᠡᠬᠦ ᠺᠠᠷᠲ ᠢ ᠰᠠᠢᠲᠤᠷ | ᠬᠢᠵᠦ᠂ ᠮᠠᠯᠴᠢᠨ ᠲᠦᠮᠡᠨ ᠤ ᠠᠮᠣᠷ ᠲᠦᠪᠰᠢᠨ ᠲᠦᠷᠦᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠪᠡ᠃ | ᠦᠨᠣ ᠵᠢᠯ᠂ ᠪᠦᠬᠦ ᠬᠤᠰᠢᠭᠤᠨ ᠤ ᠬᠡᠪᠴᠢᠶᠡᠨ ᠳᠤ ᠬᠤᠷ᠎ᠠ ᠪᠣᠷᠣᠭᠠᠨ ᠡᠯᠪᠡᠭ᠂ ᠡᠪᠡᠰᠦᠨ ᠤ ᠣᠷᠭᠤᠴᠠ | ᠰᠠᠶᠢᠨ᠂ ᠮᠠᠯᠴᠢᠳ ᠤᠨ ᠪᠣᠷᠳᠣᠭᠠᠨ ᠤ ᠨᠦᠬᠡᠴᠡᠯᠡᠯᠳᠡ ᠬᠦᠢᠴᠡᠳ᠂ ᠰᠢᠨ᠎ᠡ ᠪᠠᠷᠭᠤ ᠪᠠᠷᠠᠭᠤᠨ ᠬᠤᠰᠢᠭᠤᠨ ᠤ | ᠳᠠᠷᠢᠶᠠᠯᠠᠩ ᠮᠠᠯ ᠠᠵᠣ ᠠᠬᠤᠢ ᠪᠡ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠳᠣᠪᠴᠢᠶᠠᠨ ᠤ ᠪᠦᠷᠢᠳᠭᠡᠭᠰᠡᠨ | ᠢᠶᠠᠷ᠂ ᠪᠦᠬᠦ ᠬᠤᠰᠢᠭᠤᠨ ᠤ ᠡᠪᠣᠯᠵᠢᠬᠦ ᠪᠣᠳᠠ ᠪᠣᠭ ᠮᠠᠯ ᠤᠨ ᠳᠤᠭ᠎ᠠ ᠨᠢ 110.69 ᠳᠣᠯᠣᠭᠠᠢ ᠪᠠᠶᠢᠵᠣ᠂ ᠪᠦᠬᠦ | ᠬᠤᠰᠢᠭᠤ ᠨᠡᠶᠢᠳᠡ 26 ᠲᠦᠮᠡᠨ ᠳᠣᠨ ᠡᠪᠡᠰᠦ ᠪᠣᠷᠳᠤᠭ᠎ᠠ ᠨᠦᠭᠡᠴᠡᠯᠡᠵᠦ᠂ ᠣᠨᠴᠠᠭᠠᠢ ᠴᠠᠭ ᠠᠭᠤᠷ ᠤᠨ ᠪᠠᠶᠢᠳᠠᠯ | ᠦᠭᠡᠢ ᠪᠠᠶᠢᠳᠠᠯ ᠳᠣᠣᠷ᠎ᠠ ᠪᠦᠬᠦ ᠬᠤᠰᠢᠭᠤᠨ ᠤ ᠮᠠᠯ ᠤᠨ ᠦᠨᠣ ᠡᠪᠣᠯ ᠢᠷᠡᠬᠦ ᠬᠠᠪᠣᠷ ᠢ ᠮᠡᠨᠳᠦ ᠦᠩᠭᠡᠷᠡᠬᠦᠯᠬᠦ ᠳᠤ | ᠪᠣᠷᠳᠣᠭᠠᠨ ᠤ ᠬᠠᠩᠭᠠᠯᠭ᠎ᠠ ᠬᠦᠢᠴᠡᠳ ᠪᠠᠶᠢᠵᠣ᠂ ᠡᠭᠦᠨ ᠤ ᠬᠠᠮᠳᠣ᠂ ᠰᠢᠨ᠎ᠡ ᠪᠠᠷᠭᠤ ᠪᠠᠷᠠᠭᠤᠨ ᠬᠤᠰᠢᠭᠤ ᠠᠮᠢᠳᠠᠨ ᠤ | ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠣᠷ ᠬᠢᠭᠰᠡᠨ ᠰᠠᠭᠤᠷᠢᠨ ᠳᠡᠭᠡᠷ᠎ᠡ᠂ ᠴᠠᠭ ᠠᠭᠤᠷ ᠤᠨ | ᠣᠷᠢᠳᠴᠢᠯᠠᠨ ᠮᠡᠳᠡᠭᠡᠯᠡᠯᠳᠡ ᠶᠢ ᠰᠢᠨᠵᠢᠯᠡᠬᠦ ᠣᠬᠠᠭᠠᠨᠴᠢ ᠪᠠᠷ ᠵᠠᠳᠠᠯᠤᠯᠲᠠ ᠬᠢᠵᠦ᠂ ᠭᠠᠮᠰᠢᠭ ᠢ ᠰᠡᠷᠭᠡᠶᠢᠯᠡᠬᠦ ᠡᠯ᠎ᠡ | ᠵᠦᠢᠯ ᠤᠨ ᠪᠡᠯᠡᠳᠭᠡᠯ ᠠᠵᠢᠯ ᠢ ᠣᠷᠢᠳᠴᠢᠯᠠᠨ ᠰᠠᠶᠢᠳᠣᠷ ᠬᠢᠵᠦ᠂ ᠪᠦᠬᠦ ᠬᠤᠰᠢᠭᠤᠨ ᠤ ᠮᠠᠯ ᠠᠵᠣ ᠠᠬᠤᠢ ᠶᠢᠨ | ᠳᠣᠭᠳᠠᠭᠤᠨ ᠡᠷᠡᠭᠦᠯ ᠢᠶᠠᠷ ᠬᠦᠭᠵᠢᠬᠦ ᠶᠢ ᠪᠠᠳᠣᠯᠠᠭᠰᠠᠨ ᠪᠠᠶᠢᠨ᠎ᠠ᠃ | | | ᠰᠣᠷᠪᠣᠯᠵᠢᠯᠠᠭᠴᠢ᠄ ᠢᠦᠢ ᠭᠤᠸᠠᠩ | | |