ᠬᠤᠯᠤᠭᠠᠨ᠎ᠠ ᠤᠰᠠᠳᠬᠠᠬᠤ ᠠᠵᠢᠯᠯᠠᠭ᠎ᠠ ᠦᠷᠬᠦᠯᠵᠢᠯᠡᠵᠦ ᠪᠤᠢ᠂ ᠤᠳᠤᠬᠠᠨ ᠳᠤ ᠪᠥᠬᠦ ᠬᠤᠰᠢᠭᠤᠨ ᠤ ᠨᠤᠲᠤᠭ ᠪᠡᠯᠴᠢᠭᠡᠷ ᠢ ᠰᠡᠷᠭᠡᠶᠢᠯᠡᠨ ᠵᠠᠰᠠᠭᠰᠠᠨ ᠲᠠᠯᠠᠪᠠᠶ 324.88 ᠲᠦᠮᠡᠨ ᠮᠥ ᠳᠤ ᠬᠦᠷᠴᠡᠶ
ᠨᠡᠶᠢᠲᠡᠯᠡᠭᠰᠡᠨ ᠴᠠᠭ᠄
2021/11/3
    ᠮᠠᠨ ᠤ ᠬᠤᠰᠢᠭᠤᠨ ᠤ ᠨᠤᠲᠤᠭ ᠪᠡᠯᠴᠢᠭᠡᠷ ᠤᠨ ᠬᠤᠯᠤᠭᠠᠨ᠎ᠠ ᠤᠰᠠᠳᠬᠠᠬᠤ 30 ᠡᠳᠦᠷ ᠤᠨ ᠪᠤᠭᠤᠮᠳᠠ ᠰᠢᠪᠳᠤᠯᠬᠤ ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠠᠴᠠ ᠨᠠᠰᠢ᠂ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠠᠵᠢᠯᠲᠠᠳ ᠵᠢᠴᠢ ᠮᠠᠯᠴᠢᠳ ᠬᠠᠮᠲᠤ ᠪᠠᠷ ᠬᠦᠳᠡᠯᠦᠯᠴᠡᠨ᠂ ᠮᠧᠬᠠᠨᠢᠭ ᠢᠶᠠᠷ ᠰᠡᠷᠭᠡᠶᠢᠯᠡᠨ ᠵᠠᠰᠠᠬᠤ ᠪᠠ ᠬᠥᠮᠦᠨ ᠤ ᠬᠦᠴᠦ ᠪᠠᠷ ᠰᠡᠷᠭᠡᠶᠢᠯᠡᠨ ᠵᠠᠰᠠᠬᠤ ᠶᠢ ᠤᠶᠠᠯᠳᠤᠭᠤᠯᠤᠭᠰᠠᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠪᠠᠷ ᠬᠤᠯᠤᠭᠠᠨ᠎ᠠ ᠤᠰᠠᠳᠬᠠᠵᠦ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠪᠤᠭᠤᠮᠳᠠ ᠰᠢᠪᠳᠤᠯᠬᠤ ᠲᠡᠶᠢᠨ ᠢ ᠡᠬᠢᠯᠡᠬᠦᠯᠦᠨ᠂ 10  ᠰᠠᠷ᠎ᠠ ᠶᠢᠨ 31 ᠤ ᠡᠳᠦᠷ ᠪᠣᠯᠲᠠᠯ᠎ᠠ᠂ ᠪᠥᠬᠦ ᠬᠤᠰᠢᠭᠤᠨ ᠤ ᠨᠤᠲᠤᠭ ᠪᠡᠯᠴᠢᠭᠡᠷ ᠤᠨ ᠰᠡᠷᠭᠡᠶᠢᠯᠡᠨ ᠵᠠᠰᠠᠭᠰᠠᠨ ᠲᠠᠯᠠᠪᠠᠶ 324.88 ᠲᠦᠮᠡᠨ ᠮᠥ ᠳᠤ ᠬᠦᠷᠴᠡᠶ᠃
          ︽ᠲᠠᠯ᠎ᠠ ᠨᠤᠲᠤᠭ ᠪᠣᠯ ᠮᠠᠯᠴᠢᠳ ᠤᠨ ᠣᠷᠣᠰᠢᠨ ᠠᠮᠢᠳᠤᠷᠠᠬᠤ ᠭᠡᠷ ᠣᠷᠣᠨ ᠮᠥᠨ᠂ ᠭᠠᠭᠴᠠ ᠬᠦ ᠨᠤᠲᠤᠭ ᠪᠡᠯᠴᠢᠭᠡᠷ ᠤᠨ ᠠᠮᠢ ᠠᠬᠤᠶ ᠦᠷᠭᠦᠯᠵᠢᠯᠡᠨ ᠰᠠᠶᠢᠵᠢᠷᠠᠪᠠᠯ ᠮᠠᠯᠴᠢᠳ ᠤᠨ ᠠᠮᠢᠳᠤᠷᠠᠯ ᠰᠠᠶ᠋ᠢ ᠤᠯᠠᠮ ᠠᠴᠠ ᠤᠯᠠᠮ ᠰᠠᠶᠢᠵᠢᠷᠠᠵᠤ ᠴᠢᠳᠠᠨ᠎ᠠ︾ ᠭᠡᠵᠦ ᠪᠤᠶᠢᠷ ᠰᠤᠮᠤᠨ ᠤ ᠮᠡᠨᠡᠩᠳᠡᠯ᠎ᠡ ᠭᠠᠴᠠᠭᠠᠨ ᠤ ᠮᠠᠯᠴᠢᠨ ᠰᠣᠶᠣᠯᠮ᠎ᠠ ᠰᠤᠷᠪᠤᠯᠵᠢᠯᠠᠭᠴᠢ ᠳᠤ ᠢᠩᠭᠢᠵᠦ ᠬᠡᠯᠡᠵᠡᠶ᠃ ᠡᠨᠡ ᠵᠢᠯ᠂ ᠲᠡᠭᠦᠨ ᠤ 9000 ᠮᠥ ᠪᠡᠯᠴᠢᠭᠡᠷ ᠨᠢ ᠬᠤᠯᠤᠭᠠᠨ᠎ᠠ ᠶᠢᠨ ᠭᠠᠮᠰᠢᠭ ᠲᠤ ᠳᠠᠭᠠᠷᠢᠭᠳᠠᠵᠤ᠂ ᠮᠠᠯᠵᠢᠬᠤ ᠦᠢᠯᠡᠳᠪᠦᠷᠢᠯᠡᠯ ᠢ ᠨᠢ ᠨᠦᠯᠦᠭᠡᠯᠡᠭᠰᠡᠨ ᠪᠠᠶᠢᠨ᠎ᠠ᠃  
        ᠪᠤᠶᠢᠷ ᠰᠤᠮᠤᠨ ᠤ ᠮᠡᠨᠡᠩᠳᠡᠯ᠎ᠠ ᠭᠠᠴᠠᠭ᠎ᠠ ᠶᠢᠨ ᠮᠠᠯᠴᠢᠨ ᠰᠣᠶᠣᠯᠮ᠎ᠠ᠄ ︽ᠡᠨᠡ ᠵᠢᠯ ᠤᠨ ᠬᠤᠯᠤᠭᠠᠨ᠎ᠠ ᠶᠢᠨ ᠬᠥᠨᠥᠭᠡᠯ ᠮᠠᠰᠢ ᠬᠦᠨᠳᠦ ᠨᠣᠴᠢᠲᠠᠶ᠂ ᠬᠠᠪᠤᠷ ᠤᠨ ᠤᠯᠠᠷᠢᠯ ᠳᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠮᠠᠨ ᠤ ᠪᠡᠯᠴᠢᠭᠡᠷ ᠲᠤ ᠬᠤᠯᠤᠭᠠᠨ᠎ᠠ ᠤᠰᠠᠳᠬᠠᠬᠤ ᠪᠠᠷ ᠢᠷᠡᠵᠦ᠂ ᠦᠷ᠎ᠡ ᠪᠦᠲᠦᠮᠵᠢ ᠨᠢ ᠮᠠᠰᠢ ᠢᠯᠡᠷᠬᠡᠶ᠃ ᠡᠨᠡ ᠵᠢᠯ ᠬᠤᠷ᠎ᠠ ᠪᠣᠷᠣᠭᠠᠨ ᠡᠯᠪᠡᠭ ᠪᠣᠯᠤᠭᠰᠠᠨ ᠠᠴᠠ ᠪᠡᠯᠴᠢᠭᠡᠷ ᠢᠶᠠᠨ ᠰᠡᠷᠭᠦᠭᠡᠵᠦ᠂ ᠦᠬᠡᠷ ᠬᠤᠨᠢᠨ ᠤ ᠲᠠᠷᠭᠤ ᠴᠥᠮ ᠰᠠᠶᠢᠨ ᠪᠤᠯᠵᠤ᠂ ᠮᠠᠯᠴᠢᠳ ᠪᠠᠶᠠᠷᠯᠠᠵᠦ᠂ ᠭᠡᠪᠡᠴᠦ ᠬᠤᠯᠤᠭᠠᠨ᠎ᠠ ᠪᠠᠰᠠ ᠣᠯᠠᠰᠢᠷᠠᠵᠤ᠂ ᠰᠠᠭᠤᠵᠤ ᠥᠩᠭᠡᠷᠡᠭᠰᠡᠨ ᠲᠠᠯ᠎ᠠ ᠨᠤᠲᠤᠭ ᠨᠢ ᠶᠠᠭ ᠡᠪᠡᠰᠦ ᠬᠠᠳᠤᠵᠤ ᠥᠩᠭᠡᠷᠡᠭᠰᠡᠨ ᠰᠢᠭ ᠪᠣᠯᠵᠠᠶ᠃ ᠣᠷᠴᠢᠮᠬᠠᠨ ᠳᠤ ᠰᠤᠮᠤ ᠭᠠᠴᠠᠭ᠎ᠠ ᠡᠷᠦᠬᠡ ᠪᠦᠷᠢ ᠳᠤ ᠬᠤᠯᠤᠭᠠᠨ᠎ᠠ ᠶᠢᠨ ᠥᠭᠶᠥᠭᠡ ᠬᠦᠷᠭᠡᠵᠦ ᠢᠷᠡᠭᠰᠡᠨ ᠳᠤ ᠮᠠᠯᠴᠢᠳ ᠤᠨ ᠬᠤᠪᠢ ᠠᠴᠠ ᠶᠡᠬᠡᠳᠡ ᠲᠠᠯᠠᠷᠬᠠᠵᠤ ᠪᠠᠶᠢᠨ᠎ᠠ᠂ ᠪᠢᠳᠡ ᠣᠳᠣ ᠥᠭᠶᠥᠭᠡ ᠬᠠᠶᠠᠬᠤ ᠠᠵᠢᠯ ᠳᠤ ᠣᠷᠣᠯᠴᠠᠵᠤ ᠪᠠᠶᠢᠨ᠎ᠠ᠂ ᠢᠷᠡᠬᠦ ᠵᠢᠯ ᠬᠤᠷ᠎ᠠ ᠪᠣᠷᠣᠭᠠᠨ ᠰᠠᠶᠢᠨ ᠪᠣᠯ ᠲᠠᠯ᠎ᠠ ᠨᠤᠲᠤᠭ ᠤᠨ ᠤᠷᠭᠤᠮᠠᠯ ᠤᠨ ᠬᠤᠴᠢᠯᠭ᠎ᠠ ᠤᠳᠠᠯ ᠦᠭᠡᠶ ᠰᠡᠷᠭᠦᠬᠦ ᠪᠣᠯᠤᠨ᠎ᠠ ᠭᠡᠵᠦ ᠢᠲᠡᠭᠡᠵᠦ ᠪᠠᠶᠢᠨ᠎ᠠ︾ ᠭᠡᠵᠡᠶ᠃
        ᠣᠶᠢᠯᠠᠭᠠᠭᠰᠠᠨ ᠢᠶᠠᠷ᠂ ᠪᠤᠶᠢᠷ ᠰᠤᠮᠤ ᠶᠢᠨ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠬᠥᠨᠥᠭᠡᠯ ᠤᠴᠠᠷᠠᠭᠰᠠᠨ ᠲᠠᠯᠠᠪᠠᠶ 161.46 ᠲᠦᠮᠡᠨ ᠮᠥ ᠳᠤ ᠬᠦᠷᠴᠦ᠂ ᠬᠦᠨᠳᠦ ᠨᠣᠴᠢᠲᠠᠶ ᠬᠥᠨᠥᠭᠡᠯ ᠤᠴᠠᠷᠠᠭᠤᠯᠤᠭᠰᠠᠨ ᠲᠠᠯᠠᠪᠠᠶ 39.36 ᠲᠦᠮᠡᠨ ᠮᠥ᠂ ᠬᠠᠮᠠᠭᠠᠯᠠᠯᠲᠠ ᠶᠢᠨ ᠣᠷᠣᠨ ᠤ ᠬᠦᠨᠳᠦ ᠨᠣᠴᠢᠲᠠᠶ ᠬᠦᠨᠦᠭᠡᠯ ᠤᠴᠠᠷᠠᠭᠰᠠᠨ ᠲᠠᠯᠠᠪᠠᠶ 48 ᠲᠦᠮᠡᠨ ᠮᠥ ᠳᠤ ᠬᠦᠷᠪᠡ᠃ ᠣᠳᠣᠬᠠᠨ ᠳᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠨᠢᠭᠡᠨᠲᠡ ᠰᠤᠮᠤᠨ ᠳᠤ 44.5 ᠲᠣᠨ ᠬᠤᠯᠤᠭᠠᠨ᠎ᠠ ᠤᠰᠠᠳᠬᠠᠬᠤ ᠡᠮ ᠪᠠ 2 ᠲᠣᠨ ᠠᠮᠢᠳᠤ ᠪᠣᠳᠠᠰ ᠤᠨ ᠡᠮ ᠲᠦᠭᠡᠭᠡᠵᠦ᠂ ᠬᠤᠯᠤᠭᠠᠨ᠎ᠠ ᠤᠰᠠᠳᠬᠠᠬᠤ ᠬᠤᠤᠷᠲᠤ ᠥᠭᠶᠥᠭᠡ ᠰᠦᠷᠴᠢᠬᠦ 10 ᠮᠠᠰᠢᠨ ᠬᠠᠩᠭᠠᠭᠰᠠᠨ ᠪᠠᠶᠢᠨ᠎ᠠ᠃ ᠰᠤᠮᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠦᠴᠦᠲᠡᠶ ᠤᠬᠠᠭᠤᠯᠭ᠎ᠠ ᠪᠠᠷ ᠳᠡᠮᠵᠢᠨ᠂ ᠣᠳᠣᠬᠠᠨ ᠳᠤ ᠮᠠᠯᠴᠢᠨ ᠲᠦᠮᠡᠨ ᠤ ᠬᠤᠯᠤᠭᠠᠨ᠎ᠠ ᠤᠰᠠᠳᠬᠠᠬᠤ ᠢᠳᠡᠪᠬᠢᠵᠢᠯ ᠮᠠᠰᠢ ᠥᠨᠳᠥᠷ ᠪᠠᠶᠢᠵᠤ᠂ 10 ᠰᠠᠷ᠎ᠠ ᠶᠢᠨ 31 ᠤ ᠡᠳᠦᠷ ᠪᠣᠯᠲᠠᠯ᠎ᠠ᠂ ᠪᠤᠶᠢᠷ ᠰᠤᠮᠤ ᠨᠢᠭᠡᠨᠲᠡ 38 ᠲᠦᠮᠡᠨ ᠮᠥ ᠨᠤᠲᠤᠭ ᠪᠡᠯᠴᠢᠭᠡᠷ ᠢ ᠰᠡᠷᠭᠡᠶᠢᠯᠡᠨ ᠵᠠᠰᠠᠵᠡᠶ᠃
        ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠤᠲᠤᠭ ᠪᠡᠯᠴᠢᠭᠡᠷ ᠤᠨ ᠦᠢᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ ᠡᠤ ᠶᠢᠨ ᠬᠠᠶ ᠬᠡᠯᠡᠬᠦ ᠳᠡᠭᠡᠨ᠄ ︽ᠡᠨᠡ ᠤᠳᠠᠭ᠎ᠠ ᠶᠢᠨ ᠬᠤᠤᠷᠲᠤ ᠥᠭᠶᠥᠭᠡ ᠶᠢ ᠬᠤᠯᠤᠭᠠᠨ᠎ᠠ ᠢᠳᠡᠭᠰᠡᠨ ᠤ ᠳᠠᠷᠠᠭ᠎ᠠ 5 — 7 ᠡᠳᠦᠷ ᠤᠨ ᠳᠣᠲᠣᠷ᠎ᠠ ᠴᠢᠰᠤ ᠰᠢᠩᠭᠡᠷᠡᠵᠦ᠂ ᠳᠣᠲᠣᠷ ᠡᠷᠭᠡᠳᠡᠨ ᠠᠴᠠ ᠨᠢ ᠴᠢᠰᠤ ᠭᠠᠷᠬᠤ ᠦᠵᠡᠭᠳᠡᠯ ᠭᠠᠷᠴᠤ᠂ ᠠᠷᠪᠠᠨ ᠡᠳᠦᠷ ᠤᠨ ᠳᠠᠷᠠᠭ᠎ᠠ ᠥᠭᠦᠨ᠎ᠡ᠃ ᠡᠮᠦᠨ᠎ᠡ ᠬᠤᠭᠤᠴᠠᠭᠠᠨ ᠳᠤ ᠪᠢᠳᠡ ᠨᠡᠶᠢᠲᠡ 300 ᠲᠣᠨ ᠬᠤᠳᠠᠯᠳᠤᠨ ᠠᠪᠴᠤ᠂ ᠰᠡᠭᠦᠯᠡᠷ ᠨᠢ ᠬᠤᠤᠷᠲᠤ ᠥᠭᠶᠥᠭᠡ ᠳᠤᠲᠠᠭᠳᠠᠬᠤ ᠦᠵᠡᠭᠳᠡᠯ ᠭᠠᠷᠴᠤ᠂ ᠬᠤᠰᠢᠭᠤᠨ ᠤ ᠵᠠᠰᠠᠭ ᠤᠨ ᠣᠷᠳᠣᠨ ᠪᠠᠰᠠ 195 ᠲᠣᠨ ᠬᠤᠤᠷᠲᠤ ᠥᠭᠶᠥᠭᠡ ᠬᠤᠳᠠᠯᠳᠤᠨ ᠠᠪᠴᠤ᠂ ᠣᠲᠣ ᠶᠠᠭ ᠵᠥᠭᠡᠭᠡᠪᠦᠷᠢᠯᠡᠵᠦ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠪᠢᠳᠡ ᠨᠢᠭᠲᠠᠴᠠ ᠪᠠᠷ ᠨᠡᠯᠢᠶᠡᠳ ᠥᠨᠳᠥᠷ ᠭᠠᠵᠠᠷ ᠲᠤ ᠦᠷᠭᠦᠯᠵᠢᠯᠡᠨ ᠮᠠᠰᠢᠨ ᠮᠧᠬᠠᠨᠢᠭ ᠢᠶᠠᠷ ᠥᠭᠶᠥᠭᠡ ᠲᠠᠯᠪᠢᠵᠤ᠂ ᠪᠤᠰᠤᠳ ᠭᠠᠵᠠᠷ ᠲᠤ ᠡᠯ᠎ᠡ ᠰᠠᠯᠠᠭ᠎ᠠ ᠮᠥᠴᠢᠷ ᠪᠣᠯᠤᠨ ᠭᠠᠴᠠᠭᠠᠨ ᠤ ᠮᠠᠯᠴᠢᠳ ᠬᠥᠮᠦᠨ ᠤ ᠬᠦᠴᠦ ᠪᠠᠷ ᠥᠭᠶᠥᠭᠡ ᠲᠠᠯᠪᠢᠨ᠎ᠠ︾ ᠭᠡᠵᠡᠶ᠃
        ᠮᠠᠨ ᠤ ᠬᠤᠰᠢᠭᠤᠨ ᠤ 2.52 ᠲᠦᠮᠡᠨ ᠲᠡᠭᠰᠢ ᠳᠥᠷᠪᠡᠯᠵᠢᠨ ᠺᠢᠯᠣᠮᠧᠲᠷ ᠤᠨ ᠨᠤᠲᠤᠭ ᠳᠡᠪᠢᠰᠬᠡᠷ ᠳᠡᠭᠡᠷ᠎ᠡ᠂ ᠲᠠᠯ᠎ᠠ ᠨᠤᠲᠤᠭ ᠢᠶᠠᠷ ᠭᠤᠤᠯ ᠪᠣᠯᠭᠠᠭᠰᠠᠨ ᠠᠮᠢ ᠠᠬᠤᠶ ᠶᠢᠨ ᠰᠢᠰᠲ᠋ᠧᠮ ᠨᠢ ᠤᠮᠠᠷᠠᠲᠤ ᠬᠢᠯᠢ ᠶᠢᠨ ᠪᠠᠶᠢᠭᠠᠯᠢ ᠶᠢᠨ ᠨᠣᠭᠤᠭᠠᠨ ᠬᠠᠯᠬᠠᠪᠴᠢ ᠶᠢ ᠪᠤᠢ ᠪᠤᠯᠭᠠᠨ᠂ ᠬᠥᠯᠥᠨ ᠪᠤᠶᠢᠷ ᠤᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠪᠠᠶᠢᠨ᠎ᠠ᠃ ᠣᠯᠠᠨ ᠵᠢᠯ ᠤᠨ ᠲᠤᠷᠰᠢᠬᠢ ᠬᠤᠯᠤᠭᠠᠨ᠎ᠠ ᠪᠠ ᠬᠤᠷᠣᠬᠠᠶ ᠶᠢᠨ ᠬᠥᠨᠥᠭᠡᠯ ᠨᠢ ᠮᠥᠨ ᠴᠦ ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠡᠳᠦᠷ ᠢᠷᠡᠬᠦᠶ᠎ᠡ ᠮᠠᠭᠤᠳᠠᠵᠦ ᠪᠠᠶᠢᠭ᠎ᠠ ᠶᠢᠨ ᠨᠢᠭᠡ ᠰᠢᠯᠲᠠᠭᠠᠨ ᠪᠣᠯᠤᠨ᠎ᠠ᠂ ᠬᠤᠯᠤᠭᠠᠨ᠎ᠠ ᠶᠢ ᠤᠰᠠᠳᠬᠠᠵᠤ᠂ ᠲᠠᠯ᠎ᠠ ᠨᠤᠲᠤᠭ ᠤᠨ ᠠᠮᠢ ᠠᠬᠤᠶ ᠶᠢ ᠰᠡᠷᠭᠦᠭᠡᠬᠦ ᠨᠢ ᠠᠯᠢ ᠡᠷᠲᠡ ᠮᠠᠨ ᠤ ᠬᠤᠰᠢᠭᠤᠨ ᠤ ᠡᠯ᠎ᠡ ᠵᠦᠢᠯ ᠤᠨ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠵᠠᠶ᠃ ᠡᠨᠡ ᠵᠢᠯ ᠤᠨ 10 ᠰᠠᠷ᠎ᠠ ᠶᠢᠨ 18 ᠤ ᠡᠳᠦᠷ᠂ ᠮᠠᠨ ᠤ ᠬᠤᠰᠢᠭᠤ ᠨᠠᠮᠤᠷ ᠤᠨ ᠤᠯᠠᠷᠢᠯ ᠤᠨ ᠬᠤᠯᠤᠭᠠᠨ᠎ᠠ ᠤᠰᠠᠳᠬᠠᠬᠤ ᠠᠰᠢᠭᠲᠠᠶ ᠲᠣᠬᠢᠶᠠᠯ ᠢ ᠠᠮᠵᠢᠨ᠂ ᠨᠤᠲᠤᠭ ᠪᠡᠯᠴᠢᠭᠡᠷ ᠤᠨ ᠬᠤᠯᠤᠭᠠᠨ᠎ᠠ ᠤᠰᠠᠳᠬᠠᠬᠤ 30 ᠡᠳᠦᠷ ᠤᠨ ᠪᠤᠭᠤᠮᠳᠠ ᠰᠢᠪᠳᠤᠯᠬᠤ ᠠᠵᠢᠯᠯᠠᠭ᠎ᠠ ᠥᠷᠨᠢᠭᠦᠯᠵᠦ᠂ ᠡᠯ᠎ᠡ ᠰᠤᠮᠤ ᠪᠠᠯᠭᠠᠰᠦ ᠶᠢᠨ ᠬᠤᠯᠤᠭᠠᠨ᠎ᠠ ᠶᠢᠨ ᠬᠥᠨᠥᠭᠡᠯ ᠬᠦᠨᠳᠦ ᠨᠣᠴᠢᠲᠠᠶ ᠪᠠᠶᠢᠭ᠎ᠠ ᠣᠷᠣᠨ ᠳᠤ ᠬᠤᠯᠤᠭᠠᠨ᠎ᠠ ᠤᠰᠠᠳᠬᠠᠬᠤ ᠡᠮ ᠳᠠᠯᠪᠢᠵᠦ᠂ ᠬᠤᠯᠤᠭᠠᠨ᠎ᠠ ᠤᠰᠠᠳᠬᠠᠬᠤ ᠬᠤᠤᠷᠲᠤ ᠥᠭᠶᠥᠭᠡ ᠰᠦᠷᠴᠢᠬᠦ ᠮᠠᠰᠢᠨ ᠬᠠᠩᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠮᠧᠬᠠᠨᠢᠭ ᠢᠶᠠᠷ ᠰᠡᠷᠭᠡᠶᠢᠯᠡᠨ ᠵᠠᠰᠠᠬᠤ ᠪᠠ ᠬᠥᠮᠦᠨ ᠤ ᠬᠦᠴᠦ ᠪᠠᠷ ᠰᠡᠷᠭᠡᠶᠢᠯᠡᠨ ᠵᠠᠰᠠᠬᠤ ᠶᠢ ᠤᠶᠠᠯᠳᠤᠭᠤᠯᠤᠭᠰᠠᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠪᠠᠷ ᠬᠤᠯᠤᠭᠠᠨ᠎ᠠ ᠤᠰᠠᠳᠬᠠᠬᠤ ᠠᠵᠢᠯ ᠢ ᠥᠷᠨᠢᠭᠦᠯᠪᠡ᠃ ᠰᠤᠷᠪᠤᠯᠵᠢᠯᠠᠭᠴᠢ ᠡᠬᠡ ᠪᠢᠴᠢᠭ ᠢᠶᠠᠨ ᠶᠠᠪᠤᠭᠤᠯᠬᠤ ᠪᠣᠯᠲᠠᠯ᠎ᠠ᠂ ᠡᠯ᠎ᠡ ᠰᠤᠮᠤ ᠪᠠᠯᠭᠠᠰᠤᠨ ᠳᠤ ᠨᠡᠶᠢᠲᠡ 381.5 ᠲᠣᠨ ᠬᠤᠯᠤᠭᠠᠨ᠎ᠠ ᠤᠰᠠᠳᠬᠠᠬᠤ ᠡᠮ ᠲᠦᠭᠡᠭᠡᠵᠦ᠂ ᠬᠤᠯᠤᠭᠠᠨ᠎ᠠ ᠤᠰᠠᠳᠬᠠᠬᠤ ᠬᠤᠤᠷᠲᠤ ᠥᠭᠶᠥᠭᠡ ᠰᠦᠷᠴᠢᠬᠦ 22 ᠮᠠᠰᠢᠨ ᠬᠠᠩᠭᠠᠵᠤ᠂ ᠨᠤᠲᠤᠭ ᠪᠡᠯᠴᠢᠭᠡᠷ ᠤᠨ ᠰᠡᠷᠭᠡᠶᠢᠯᠡᠨ ᠵᠠᠰᠠᠭᠰᠠᠨ ᠲᠠᠯᠠᠪᠠᠶ 324.88 ᠲᠦᠮᠡᠨ ᠮᠥ ᠳᠤ ᠬᠦᠷᠴᠡᠶ᠃                                               ᠤᠷᠴᠢᠭᠤᠯᠤᠭᠰᠠᠨ ᠨᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号