ᠬᠤᠰᠢᠭᠤᠨ ᠤ ᠨᠣᠮ ᠤᠨ ᠰᠠᠩ ᠨᠠᠰᠤᠨ ᠳᠤ ᠥᠯᠥ ᠭᠦᠷᠦᠭᠰᠡᠳ ᠤᠨ ᠨᠣᠮ ᠤᠩᠰᠢᠵᠤ ᠳᠡᠯᠭᠡᠷᠡᠭᠦᠯᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/11/4
     ᠨᠠᠰᠤᠨ ᠳᠤ ᠥᠯᠥ ᠭᠦᠷᠦᠭᠰᠡᠳ ᠢ ᠰᠠᠶᠢᠨ ᠰᠠᠶᠢᠬᠠᠨ ᠤᠩᠰᠢᠯᠭ᠎ᠠ ᠶᠢᠨ ᠳᠠᠳᠬᠠᠯ ᠲᠠᠢ ᠪᠣᠯᠭᠠᠨ ᠬᠥᠮᠦᠵᠢᠭᠦᠯᠵᠦ᠂ ᠪᠥᠬᠦ ᠠᠷᠠᠳ ᠢᠶᠠᠷ ᠢᠶᠠᠨ ᠨᠣᠮ ᠤᠩᠰᠢᠬᠤ ᠪᠠᠳᠦ ᠰᠠᠭᠤᠷᠢ ᠶᠢ ᠪᠠᠲᠤ ᠪᠠᠬᠢ ᠲᠠᠯᠪᠢᠵᠤ᠂ ︽ᠪᠥᠬᠦ ᠠᠷᠠᠳ ᠢᠶᠠᠷ ᠢᠶᠠᠨ ᠨᠣᠮ ᠤᠩᠰᠢᠬᠤ ᠪᠢᠴᠢᠭ ᠤᠨ ᠦᠨᠦᠷ ᠠᠩᠬᠢᠯᠤᠭᠰᠠᠨ ᠰᠢᠨ᠎ᠡ ᠪᠠᠷᠭᠤ ᠪᠠᠷᠠᠭᠤᠨ ᠬᠤᠰᠢᠭᠤ︾ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠬᠦᠯᠬᠦ ᠶᠢᠨ ᠲᠦᠯᠦᠭᠡ᠂ ᠣᠶᠢᠷ᠎ᠠ ᠳᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠨᠣᠮ ᠤᠨ ᠰᠠᠩ ᠬᠤᠶᠠᠷ ᠭᠠᠷᠠᠭ ᠤᠨ ᠴᠠᠭ ᠢ ᠠᠰᠢᠭᠯᠠᠨ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ︽ᠰᠢᠨ᠎ᠡ ᠪᠠᠷᠭᠤ ᠪᠠᠷᠠᠭᠤᠨ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ︿ᠨᠤᠮ ᠤᠩᠰᠢᠬᠤ ᠳᠤᠷᠠᠳᠠᠢ﹀ ᠠᠵᠢᠯᠯᠠᠭ᠎ᠠ︾ ᠲᠠᠢ ᠤᠶᠠᠯᠳᠤᠭᠤᠯᠤᠨ᠂ ᠨᠡᠶᠢᠲᠡ 300 ᠳᠡᠪᠲᠡᠷ ᠨᠣᠮ ᠪᠢᠴᠢᠭ ᠨᠡᠪᠲᠡᠷᠡᠭᠦᠯᠦᠭᠰᠡᠨ ᠪᠥᠭᠡᠳ ᠳᠥᠷᠪᠡᠨ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠨᠣᠮ ᠪᠢᠴᠢᠭ ᠤᠨ ᠨᠡᠭᠦᠳᠡᠯ ᠤᠨ ᠴᠡᠭ ᠲᠤ 10 ᠨᠣᠮ ᠤᠨ ᠲᠠᠯᠪᠢᠭᠤᠷ ᠬᠠᠨᠳᠢᠪᠯᠠᠭᠰᠠᠨ ᠪᠠᠶᠢᠨ᠎ᠠ᠃ 44 ︽ᠤᠩᠰᠢᠯᠭ᠎ᠠ ᠶᠢᠨ ᠤᠳᠤᠨ︾ ᠢ ᠱᠠᠩᠨᠠᠵᠤ᠂ ᠮᠣᠷᠠᠯ ᠰᠤᠷᠤᠯᠭ᠎ᠠ ᠬᠤᠣᠰᠯᠠᠭᠰᠠᠨ 21 ᠰᠤᠷᠤᠭᠴᠢ ᠶᠢ ᠵᠣᠷᠢᠭᠵᠢᠭᠤᠯᠪᠠ
        ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠪᠥᠬᠦ ᠬᠤᠰᠢᠭᠤᠨ ᠤ ᠨᠠᠰᠤᠨ ᠳᠤ ᠥᠯᠥ ᠭᠦᠷᠦᠭᠰᠡᠳ ᠤᠨ ᠨᠣᠮ ᠤᠩᠰᠢᠬᠤ ᠬᠠᠯᠠᠭᠤᠨ ᠰᠡᠳᠬᠢᠯᠭᠡ ᠶᠢ ᠳᠡᠭᠡᠭᠰᠢᠯᠡᠭᠦᠯᠵᠦ᠂ ᠰᠤᠷᠭᠠᠭᠤᠯᠢ ᠳᠤ ᠰᠤᠷᠤᠯᠴᠠᠵᠦ ᠪᠠᠶᠢᠭ᠎ᠠ ᠰᠤᠷᠤᠭᠴᠢᠳ ᠤᠨ ᠳᠤᠮᠳᠠ ᠵᠥᠪ ᠣᠨᠣᠪᠴᠢᠲᠠᠶ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢ ᠪᠣᠶ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠ ᠲᠡᠳᠡᠨ ᠤ ᠨᠣᠮ ᠤᠩᠰᠢᠬᠤ ᠳᠤᠷᠠᠲᠠᠶ᠂ ᠰᠠᠶᠢᠨ ᠨᠣᠮ ᠤᠩᠰᠢᠬᠤ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号